ᠵᠢᠨᠢᠩ ᠲᠣᠭᠤᠷᠢᠭ ᠤᠨ ᠵᠠᠰᠠᠭ ᠤᠨ ᠣᠷᠳᠣᠨ 2024 ᠣᠨ ᠤ 7 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 7 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/13
    4 ᠰᠠᠷ᠎ᠠ ᠶᠢᠨ 10᠎ ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠢ ᠷᠦᠢ ᠲᠤᠭᠤᠷᠢᠭ ᠤᠨ ᠵᠠᠰᠠᠭ ᠤᠨ ᠣᠷᠳᠣᠨ ᠤ 2024 ᠣᠨ ᠤ 7 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 7 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃     ᠬᠤᠷᠠᠯ ᠠᠴᠠ ︽ᠦᠨᠡᠨ︾ ᠰᠡᠳᠬᠦᠯ ᠤᠨ ᠨᠡᠶᠢᠲᠡᠯᠡᠭᠰᠡᠨ ᠰᠢ ᠶᠢᠨ ᠫᠢᠩ  ᠶᠡᠷᠦᠩᠬᠡᠢ ᠱᠦᠵᠢ ᠶᠢᠨ ᠴᠢᠬᠤᠯᠠ ᠵᠣᠬᠢᠶᠠᠯ ︽ᠡᠷᠬᠡᠪᠰᠢ ᠠᠷᠠᠳ ᠲᠦᠮᠡᠨ ᠢ ᠳᠡᠭᠡᠳᠦᠯᠡᠬᠦ︾ ᠵᠣᠷᠢᠭ ᠰᠠᠨᠠᠭ᠎ᠠ ᠪᠣᠯᠤᠨ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ︾᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠦᠷᠢᠮ︾᠎ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠤᠬᠠᠢ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠵᠦ᠂ ᠮᠠᠨ ᠤ ᠲᠤᠭᠤᠷᠢᠭ ᠤᠨ ᠬᠤᠷᠢᠮ ᠤᠨ ᠵᠠᠩ ᠳᠠᠳᠬᠠᠯ ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠪᠠᠶᠢᠳᠠᠯ ᠪᠣᠯᠤᠨ 2024 ᠣᠨ ᠤ ᠨᠢᠭᠡᠳᠦᠭᠡᠷ ᠤᠯᠠᠷᠢᠯ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃     ᠬᠤᠷᠠᠯ ᠠᠴᠠ ᠴᠢᠬᠤᠯᠠᠴᠢᠯᠠᠭᠰᠠᠨ ᠨᠢ ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠣᠶᠢᠯᠠᠭᠠᠵᠤ᠂ ᠵᠥᠪ ᠣᠨᠣᠪᠴᠢᠲᠠᠢ ᠠᠵᠢᠯ ᠤᠨ ᠠᠮᠵᠢᠯᠲᠠ ᠶᠢᠨ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠨ ᠰᠠᠶᠢᠲᠤᠷ ᠬᠢᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠵᠣᠯ ᠵᠢᠷᠭᠠᠯ ᠤᠨ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠠᠷᠠᠳ ᠤᠨ ᠠᠮᠢᠳᠤᠷᠠᠯ ᠤᠨ ᠰᠠᠭᠤᠷᠢ ᠦᠩᠭᠡ ᠶᠢ ᠭᠡᠷᠡᠯᠳᠦᠬᠦᠯᠬᠦ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ ᠶᠢ ᠠᠯᠢᠪᠠ ᠠᠵᠢᠯ ᠤᠨ ᠢᠶᠠᠨ ᠡᠭᠦᠰᠭᠡᠯ ᠪᠠ ᠲᠤᠰᠤᠯᠳᠠ ᠪᠣᠯᠭᠠᠬᠤ ᠶᠢ ᠪᠠᠷᠢᠮᠲᠠᠯᠠᠵᠤ᠂ ᠴᠢᠳᠠᠯ ᠤᠨ ᠢᠶᠠᠨ ᠬᠢᠷᠢ ᠪᠠᠷ ᠠᠵᠢᠯᠯᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠰᠠᠶᠢᠵᠢᠷᠠᠭᠤᠯᠬᠤ ᠳᠡᠭᠡᠷ᠎ᠡ ᠬᠦᠴᠦ ᠲᠠᠯᠪᠢᠵᠤ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠤᠯᠠᠨ ᠲᠦᠮᠡᠨ ᠤ ᠪᠠᠴᠢᠮ ᠬᠦᠴᠢᠷᠲᠡᠢ ᠵᠣᠪᠠᠵᠤ ᠪᠠᠶᠢᠭ᠎ᠠ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠰᠢᠢᠳᠪᠦᠷᠢᠯᠡᠬᠦ ᠬᠡᠷᠡᠭᠲᠡᠢ᠃     ᠬᠤᠷᠠᠯ ᠠᠴᠠ ᠱᠠᠭᠠᠷᠳᠠᠭᠰᠠᠨ ᠨᠢ᠂  ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂  ᠴᠢᠩᠭ᠎ᠠ ᠣᠪᠣᠷ ᠢᠶᠠᠷ ᠨᠠᠷᠢᠨ ᠲᠠᠩᠰᠠ ᠶᠢ ᠬᠢᠨᠠᠮᠠᠭᠠᠶ ᠡᠮᠬᠢᠯᠡᠵᠦ᠂ ᠠᠰᠠᠭᠤᠳᠠᠯ ᠢ ᠭᠦᠨᠵᠡᠭᠡᠶ ᠪᠠᠶᠢᠴᠠᠭᠠᠨ ᠳᠡᠯᠭᠡᠵᠦ᠂ ᠠᠰᠠᠭᠤᠳᠠᠯ ᠢ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠵᠤ᠂ ᠮᠠᠨ ᠤ  ᠲᠤᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ ᠶᠢ ᠥᠩᠭᠡᠨ ᠲᠠᠯ᠎ᠠ ᠶᠢ ᠵᠠᠰᠠᠬᠤ ᠠᠴᠠ ᠦᠨᠳᠦᠰᠦᠨ ᠠᠴᠠ ᠨᠢ ᠵᠠᠰᠠᠬᠤ ᠳᠠᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠶ᠃ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠵᠦ ᠬᠠᠮᠵᠢᠯᠴᠠᠬᠤ ᠶᠢ ᠴᠢᠩᠭᠠᠳᠬᠠᠵᠤ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠬᠤᠷᠢᠮ ᠤᠨ ᠵᠠᠩ ᠳᠠᠳᠬᠠᠯ ᠤᠨ ᠥᠭᠡᠷᠡᠴᠢᠯᠡᠯᠲᠡ ᠶᠢᠨ ᠠᠵᠢᠯ ᠢ ᠣᠯᠠᠨ ᠬᠡᠯᠪᠡᠷᠢ ᠮᠠᠶ᠋ᠢᠭ᠂ ᠣᠯᠠᠨ ᠠᠷᠭ᠎ᠠ ᠵᠠᠮ ᠢᠶᠠᠷ ᠥᠷᠨᠢᠭᠦᠯᠵᠦ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠬᠤᠷᠢᠮ ᠤᠨ ᠵᠠᠩ ᠳᠠᠳᠬᠠᠯ ᠤᠨ ᠥᠭᠡᠷᠡᠴᠢᠯᠡᠯᠲᠡ ᠶᠢᠨ ᠰᠢᠨ᠎ᠡ ᠬᠡᠪ ᠰᠤᠷᠲᠠᠯ ᠳᠤ ᠵᠣᠬᠢᠴᠠᠭᠤᠯᠵᠤ᠂ ᠣᠯᠠᠨ ᠲᠦᠮᠡᠨ ᠤ ᠬᠤᠷᠢᠮ ᠤᠨ ᠵᠠᠩ ᠳᠠᠳᠬᠠᠯ ᠤᠨ ᠰᠢᠨ᠎ᠡ ᠬᠡᠪ ᠰᠤᠷᠲᠠᠯ ᠢ ᠮᠡᠳᠡᠷᠡᠬᠦ ᠰᠡᠳᠬᠢᠯᠭᠡ ᠪᠠ ᠣᠷᠣᠯᠴᠠᠬᠤ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃     ᠬᠤᠷᠠᠯ ᠠᠴᠠ ᠴᠢᠬᠤᠯᠠᠴᠢᠯᠠᠭᠰᠠᠨ ᠨᠢ ᠂ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠢ ᠰᠠᠶᠢᠲᠤᠷ ᠬᠢᠬᠦ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠪᠣᠯᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠷᠢᠶ᠎ᠠ ᠭᠠᠵᠠᠷ ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠮᠠᠨ ᠤ  ᠲᠤᠭᠤᠷᠢᠭ ᠤᠨ ᠪᠣᠳᠠᠰ ᠤᠨ ᠪᠣᠯᠪᠠᠰᠤᠨ ᠤ ᠪᠠᠶᠢᠭᠤᠯᠤᠯᠲᠠ ᠪᠣᠯᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠤᠯᠤᠯᠴᠠᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠪᠦᠬᠦ ᠤᠯᠤᠰ ᠤᠨ ᠳᠥᠷᠪᠡᠳᠦᠭᠡᠷ ᠤᠳᠠᠭ᠎ᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠲᠠᠢ ᠤᠶᠠᠯᠳᠤᠭᠤᠯᠵᠤ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠪᠠᠶᠢᠴᠠᠭᠠᠨ ᠳᠡᠯᠭᠡᠵᠦ᠂ ᠠᠵᠢᠯ ᠤᠨ ᠡᠬᠡ ᠳᠠᠩᠰᠠ ᠪᠠᠶᠢᠭᠤᠯᠵᠤ᠂ ᠬᠠᠷᠢᠶ᠎ᠠ ᠭᠠᠵᠠᠷ ᠤᠨ ᠬᠡᠪᠴᠢᠶᠡᠨ ᠳᠠᠬᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠰᠠᠶᠢᠲᠤᠷ ᠭᠦᠢᠴᠡᠳᠬᠡᠬᠦ ᠬᠡᠷᠡᠭᠲᠡᠢ᠃ ︽ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠭᠤᠯᠭ᠎ᠠ ᠳᠤ ᠣᠷᠣᠭᠤᠯᠵᠤ᠂ ᠡᠯ᠎ᠡ ᠲᠦᠷᠦᠯ ᠤᠨ ᠵᠠᠭᠤᠴᠢᠯᠠᠭᠤᠷ ᠤᠨ ᠥᠷᠭᠡᠨ ᠳᠡᠯᠭᠡᠷ ᠤᠬᠠᠭᠤᠯᠭ᠎ᠠ ᠶᠢ ᠭᠦᠢᠴᠡᠳ ᠠᠰᠢᠭᠯᠠᠨ᠂ ᠨᠡᠶᠢᠭᠡᠮ ᠤᠨ ᠲᠠᠨᠢᠨ ᠮᠡᠳᠡᠷᠡᠬᠦᠶ ᠪᠠ ᠪᠦᠬᠦ ᠠᠷᠠᠳ ᠤᠨ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠪᠦᠬᠦ ᠨᠡᠶᠢᠭᠡᠮ ᠢᠶᠠᠷ ᠢᠶᠠᠨ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃     ᠬᠤᠷᠠᠯ ᠠᠴᠠ ︽ᠮᠥᠩᠭᠦᠨ ᠭᠦᠢᠯᠭᠡᠭᠡᠨ ᠤ ᠬᠦᠷᠢᠶᠡᠨ ᠤ ᠲᠠᠪᠤᠨ ᠶᠡᠭᠡ ᠶᠠᠪᠤᠳᠠᠯ ᠢ ᠪᠦᠬᠦ ᠲᠠᠯ᠎ᠠ ᠪᠠᠷ ᠰᠠᠶᠢᠲᠤᠷ ᠬᠢᠬᠦ ᠲᠤᠬᠠᠢ ᠬᠡᠷᠡᠭᠵᠢᠭᠦᠯᠬᠦ ᠲᠥᠰᠦᠯ︾᠂ ︽ᠵᠢᠨᠢᠩ ᠲᠣᠭᠤᠷᠢᠭ ᠤᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠶᠢᠭᠤᠯᠬᠤ ᠲᠤᠬᠠᠢ ᠬᠡᠷᠡᠭᠵᠢᠭᠦᠯᠬᠦ ᠲᠥᠰᠦᠯ︾᠂ ︽ᠵᠢᠨᠢᠩ ᠲᠣᠭᠤᠷᠢᠭ ᠤᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠶᠢᠭᠤᠯᠬᠤ 2024 ᠣᠨ ᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠳᠠᠩᠰᠠ︾ ᠵᠡᠷᠭᠡ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠵᠡᠢ᠃ ᠬᠤᠷᠠᠯ ᠳᠡᠭᠡᠷ᠎ᠡ᠂ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠪᠠᠰᠠ 2024 ᠣᠨ ᠤ 3 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠡᠢ᠃                ᠨᠠᠶᠢᠷᠠᠭᠤᠯᠤᠭᠴᠢ᠄ ᠸᠠᠩ ᠵᠢᠩ ᠵᠢᠩ᠂ ᠴᠢᠶᠤᠤ ᠮᠢᠨ ᠮᠢᠨ               ᠵᠢᠷᠤᠭ᠄ ᠸᠠᠩ ᠵᠢᠩ ᠵᠢᠩ᠂ ᠴᠢᠶᠤᠤ ᠮᠢᠨ ᠮᠢᠨ               ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2