ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ ᠳᠤ ᠬᠤᠯᠪᠤᠭᠳᠠᠬᠤ ᠠᠵᠢᠯ ᠢ ᠰᠠᠶᠢᠲᠤᠷ ᠬᠢᠬᠦ ᠲᠤᠬᠠᠢ ᠤᠨ ᠮᠡᠳᠡᠭᠳᠡᠯ
ᠨᠡᠶᠢᠲᠡᠯᠡᠭᠰᠡᠨ ᠴᠠᠭ᠄
2024/4/15
    ᠥᠪᠥᠷ ᠵᠢᠭᠠᠬᠤ ᠶᠢ ᠰᠤᠳᠤᠯᠬᠤ ᠪᠢᠴᠢᠭ ︹2024︺ 11 ᠳ᠋ᠦ᠋ᠭᠡᠷ ᠲᠣᠭᠠᠲᠤ ᠡᠯ᠎ᠡ ᠬᠤᠯᠪᠣᠭᠳᠠᠯ ᠪᠦᠬᠦᠢ ᠳᠡᠭᠡᠳᠦ ᠰᠤᠷᠭᠠᠭᠤᠯᠢ ᠳᠤ᠄     ︽ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶﹀᠎ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠥᠪᠥᠷ ᠵᠢᠭᠠᠬᠤ ᠶᠢ ᠰᠣᠳᠤᠯᠬᠤ ︹2022︺ 43 ᠳ᠋ᠤᠭᠠᠷ ᠲᠣᠭᠠᠲᠤ︶ ᠶᠣᠰᠤᠭᠠᠷ᠂ ᠡᠳᠦᠭᠡ 2023 ᠣᠨ ᠳᠤ ᠵᠥᠪᠰᠢᠶᠡᠷᠡᠯ ᠣᠯᠤᠭᠰᠠᠨ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ ︵ᠳᠣᠷᠣᠭᠰᠢ ︽ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ︾ ᠭᠡᠵᠦ ᠳᠦᠭᠦᠮᠴᠢᠯᠡᠨ᠎ᠡ︶᠎ ᠤᠨ ᠵᠢᠯ ᠤᠨ ᠥᠪᠡᠷ ᠢ ᠪᠠᠨ ᠦᠨᠡᠯᠡᠬᠦ ᠠᠵᠢᠯ ᠪᠠ 2024 ᠣᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ ᠤᠨ ᠡᠭᠦᠷᠭᠡ ᠶᠢᠨ ᠪᠢᠴᠢᠭ︾᠎ ᠲᠠᠬᠢ ᠬᠤᠯᠪᠣᠭᠳᠠᠯ ᠪᠦᠬᠦᠢ ᠠᠵᠢᠯ ᠢ ᠳᠣᠣᠷᠠᠬᠢ ᠮᠡᠲᠦ ᠪᠠᠶᠢᠷᠢᠯᠠᠭᠤᠯᠪᠠ᠃     ᠨᠢᠭᠡ᠂ 2023 ᠣᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ ᠤᠨ ᠵᠢᠯ ᠤᠨ ᠥᠪᠡᠷ ᠢ ᠪᠠᠨ ᠦᠨᠡᠯᠡᠬᠦ ᠠᠵᠢᠯ     ᠡᠨᠡ ᠤᠳᠠᠭᠠᠨ ᠤ ᠠᠵᠢᠯ ᠤᠨ ᠲᠥᠷᠥᠯ ᠵᠦᠢᠯ ᠢ ᠲᠣᠭᠲᠠᠭᠠᠬᠤ ᠦᠨᠳᠦᠰᠦᠯᠡᠯ ᠪᠣᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠰᠤᠷᠭᠠᠨ ᠬᠥᠮᠦᠵᠢᠯ ᠤᠨ ᠲᠢᠩᠬᠢᠮ ᠤᠨ ᠣᠷᠣᠨ ᠨᠤᠲᠤᠭ ᠤᠨ ᠶᠡᠭᠡ ᠳᠡᠭᠡᠳᠦ ᠰᠤᠷᠭᠠᠭᠤᠯᠢ ᠶᠢᠨ ᠥᠭᠡᠷᠡᠴᠢᠯᠡᠯᠲᠡ ᠬᠥᠭᠵᠢᠭᠦᠯᠦᠯᠲᠡ ᠶᠢ ᠳᠡᠮᠵᠢᠬᠦ ᠪᠡᠯᠡ ᠮᠥᠩᠭᠦᠨ ᠤ ᠲᠥᠰᠦᠪ ᠢ ᠤᠷᠢᠳᠴᠢᠯᠠᠨ ᠪᠠᠭᠤᠯᠭᠠᠬᠤ ᠲᠤᠬᠠᠢ ᠮᠡᠳᠡᠭᠳᠡᠯ︾ ︵ᠥᠪᠥᠷ ᠡᠳ᠋ ᠰᠤᠷᠭᠠᠨ ︹2022︺ 1581 ᠳ᠋ᠦ᠋ᠭᠡᠷ ᠲᠣᠭᠠᠲᠤ︶ ᠪᠣᠯᠤᠨ᠎ᠠ᠂ ᠡᠭᠦᠨ ᠳᠤ ᠳ᠋ᠣᠺᠲ᠋ᠣᠷᠠᠨᠲ ᠪᠠ ᠮᠠᠰᠲ᠋ᠧᠷ ᠤᠨ ᠡᠷᠳᠡᠮ ᠤᠨ ᠴᠣᠯᠠ ᠣᠯᠭᠤᠬᠤ ᠨᠢᠭᠡᠴᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠲᠡᠷᠢᠭᠦᠨ ᠤ ᠬᠢ ᠪᠤᠶᠢᠵᠢᠭᠤᠯᠬᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ᠂ ᠭᠤᠣᠯᠳᠠᠯᠭ᠎ᠠ ᠲᠠᠢ ᠰᠠᠭᠤᠷᠢ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ  ᠶᠢᠨ ᠲᠥᠷᠥᠯ ᠵᠦᠢᠯ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠪᠤᠶᠢᠵᠢᠭᠤᠯᠬᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ ᠢ ᠪᠠᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠢᠯ ᠤᠨ ᠥᠪᠡᠷ ᠢ ᠪᠠᠨ ᠦᠨᠡᠯᠡᠭᠰᠡᠨ ᠮᠠᠲ᠋ᠧᠷᠢᠶᠠᠯ ᠢ ᠬᠢᠨᠠᠨ ᠪᠠᠶᠢᠴᠠᠭᠠᠬᠤ ᠶᠢᠨ ᠬᠠᠮᠲᠤ ᠳᠠᠩᠰᠠᠯᠠᠨ᠎ᠠ᠃ ᠬᠢᠨᠠᠨ ᠪᠠᠶᠢᠴᠠᠭᠠᠭᠰᠠᠨ ᠦᠷ᠎ᠡ ᠳ᠋ᠦᠩ ᠢ ᠲᠥᠷᠥᠯ ᠵᠦᠢᠯ ᠢ ᠪᠡᠶᠡᠯᠡᠭᠦᠯᠵᠦ ᠰᠢᠯᠭᠠᠨ ᠠᠪᠬᠤ ᠪᠠ ᠬᠠᠨᠳᠤᠰᠢ ᠶᠢ ᠳᠣᠭᠢᠷᠠᠭᠤᠯᠬᠤ ᠦᠨᠳᠦᠰᠦᠯᠡᠯ ᠪᠣᠯᠭᠠᠨ᠎ᠠ᠃ ︵ᠨᠢᠭᠡ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ ᠤᠨ ᠦᠷ᠎ᠡ ᠪᠦᠲᠦᠭᠡᠯ ᠤᠨ ᠬᠤᠷᠢᠶᠠᠩᠭᠤᠢ ᠬᠦᠰᠦᠨᠦᠭᠲᠦ︾ ︵ᠳᠠᠭᠠᠯᠳᠤᠭᠤᠯᠤᠯ 1᠂ ᠳᠣᠷᠣᠭᠰᠢ ︽ᠦᠷ᠎ᠡ ᠪᠦᠲᠦᠭᠡᠯ ᠤᠨ ᠬᠤᠷᠢᠶᠠᠩᠭᠤᠢ ᠬᠦᠰᠦᠨᠦᠭᠲᠦ︾ ᠭᠡᠵᠦ ᠳᠦᠭᠦᠮᠴᠢᠯᠡᠨ᠎ᠡ︶᠎ ᠶᠢ ᠲᠠᠭᠯᠠᠨ᠎ᠠ᠂ ᠡᠯ᠎ᠡ ᠵᠦᠢᠯ ᠤᠨ ᠭᠦᠢᠴᠡᠳᠬᠡᠯ ᠲᠤᠭ᠎ᠠ ᠶᠢ 2023 ᠣᠨ ᠤ 12 ᠰᠠᠷ᠎ᠠ ᠶᠢᠨ 31᠎ ᠤ ᠡᠳᠦᠷ ᠢᠶᠠᠷ ᠬᠢᠵᠠᠭᠠᠷᠯᠠᠨ᠎ᠠ᠃     ︵ᠬᠤᠶᠠᠷ︶ ᠵᠢᠯ ᠤᠨ ᠥᠪᠡᠷ ᠢ ᠪᠠᠨ ᠦᠨᠡᠯᠡᠬᠦ ᠮᠡᠳᠡᠭᠦᠯᠦᠯᠲᠡ ︵1200 ᠦᠰᠦᠭ ᠠᠴᠠ ᠬᠡᠲᠦᠷᠡᠭᠦᠯᠬᠦ ᠦᠭᠡᠢ︶᠎ ᠶᠢ ᠪᠢᠴᠢᠨ᠎ᠡ᠂ ᠠᠭᠤᠯᠭ᠎ᠠ ᠳᠤ᠄     1. ᠥᠪᠡᠷ ᠢ ᠪᠠᠨ ᠦᠨᠡᠯᠡᠬᠦ ᠮᠡᠳᠡᠭᠦᠯᠦᠯᠲᠡ ᠨᠢ 2023 ᠣᠨ ᠳᠤ ᠲᠤᠰ ᠲᠥᠷᠥᠯ ᠵᠦᠢᠯ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠲᠤᠰᠢᠶᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ ᠤᠨ ᠡᠭᠦᠷᠭᠡ ᠶᠢᠨ ᠪᠢᠴᠢᠭ︾᠎ ᠤᠨ ᠬᠤᠯᠪᠣᠭᠳᠠᠯ ᠪᠦᠬᠦᠢ ᠪᠠᠶᠢᠭᠤᠯᠤᠯᠲᠠ ᠶᠢᠨ ᠬᠠᠷᠠᠯᠲᠠ ᠶᠣᠰᠣᠭᠠᠷ᠂ ᠨᠢᠭᠡ ᠵᠢᠯ ᠤᠨ ᠲᠤᠷᠰᠢᠬᠢ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ᠂ ᠡᠭᠦᠷᠭᠡ ᠶᠢ ᠠᠬᠢᠭᠤᠯᠤᠭᠰᠠᠨ ᠠᠬᠢᠴᠠ ᠪᠠᠨ ᠳ᠋ᠦᠩᠨᠡᠵᠦ᠂ ᠲᠣᠪᠴᠢ ᠠᠪᠰᠠᠷᠬᠠᠨ ᠪᠠᠶᠢᠵᠤ᠂ ᠨᠡᠮᠡᠭᠳᠡᠯ ᠢ ᠢᠯᠡᠷᠡᠭᠦᠯᠵᠦ᠂ ᠰᠢᠭᠤᠳ ᠭᠤᠣᠯ ᠰᠡᠳᠦᠪ ᠢᠶᠠᠨ ᠢᠯᠡᠳᠭᠡᠨ᠎ᠡ᠃     2. ︽ᠦᠷ᠎ᠡ ᠪᠦᠲᠦᠭᠡᠯ ᠤᠨ ᠬᠤᠷᠢᠶᠠᠩᠭᠤᠢ ᠬᠦᠰᠦᠨᠦᠭᠲᠦ︾᠎ ᠳᠤ ᠲᠤᠰᠬᠠᠵᠤ ᠳᠡᠶᠢᠯᠬᠦ ᠦᠭᠡᠢ ᠬᠤᠯᠪᠣᠭᠳᠠᠯ ᠪᠦᠬᠦᠢ ᠠᠭᠤᠯᠭ᠎ᠠ ᠶᠢ ᠥᠪᠡᠷ ᠢ ᠢᠶᠠᠨ ᠦᠨᠡᠯᠡᠬᠦ ᠮᠠᠲ᠋ᠧᠷᠢᠶᠠᠯ ᠳᠤ ᠵᠣᠬᠢᠰᠲᠠᠢ ᠲᠣᠳᠣᠷᠬᠠᠶᠢᠯᠠᠵᠤ ᠪᠣᠯᠤᠨ᠎ᠠ᠃     3. ︽ᠬᠢᠷᠢ ᠪᠦᠲᠦᠮᠵᠢ ᠶᠢᠨ ᠬᠠᠷᠠᠯᠲᠠᠲᠤ ᠬᠦᠰᠦᠨᠦᠭᠲᠦ︾ ᠶᠣᠰᠣᠭᠠᠷ᠂ 2023 ᠣᠨ ᠤ ᠣᠷᠣᠨ ᠨᠤᠲᠤᠭ ᠤᠨ ᠶᠡᠭᠡ ᠳᠡᠭᠡᠳᠦ ᠰᠤᠷᠭᠠᠭᠤᠯᠢ ᠶᠢᠨ ᠥᠭᠡᠷᠡᠴᠢᠯᠡᠯᠲᠡ ᠬᠥᠭᠵᠢᠭᠦᠯᠦᠯᠲᠡ ᠶᠢ ᠳᠡᠮᠵᠢᠬᠦ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ᠂ ᠶᠡᠭᠡ ᠳᠡᠭᠡᠳᠦ ᠰᠤᠷᠭᠠᠭᠤᠯᠢ ᠶᠢᠨ ᠪᠡᠯᠡ ᠮᠥᠩᠭᠦᠨ ᠤ ᠢᠵᠢ ᠪᠦᠷᠢᠳᠦᠭᠦᠯᠦᠭᠰᠡᠨ ᠪᠠᠶᠢᠳᠠᠯ ᠵᠢᠴᠢ ᠬᠢᠷᠢ ᠪᠦᠲᠦᠮᠵᠢ ᠶᠢᠨ ᠬᠠᠷᠠᠯᠲᠠᠲᠤ ᠬᠦᠰᠦᠨᠦᠭᠲᠦ ᠶᠢᠨ ᠭᠦᠢᠴᠡᠳᠬᠡᠯ ᠲᠤᠭ᠎ᠠ ᠶᠢ ᠵᠦᠢᠯ ᠳᠠᠷᠠᠭᠠᠯᠠᠨ ᠬᠠᠷᠢᠭᠤ ᠪᠤᠴᠠᠭᠠᠨ᠎ᠠ᠃     ᠬᠤᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ ᠤᠨ ᠡᠭᠦᠷᠭᠡ ᠶᠢᠨ ᠪᠢᠴᠢᠭ︾᠎ ᠢ ᠳᠠᠬᠢᠨ ᠮᠡᠳᠡᠭᠦᠯᠦᠨ᠎ᠡ     ᠡᠨᠡ ᠤᠳᠠᠭᠠᠨ ᠤ ᠠᠵᠢᠯ ᠤᠨ ᠲᠥᠷᠥᠯ ᠵᠦᠢᠯ ᠢ ᠲᠣᠭᠲᠠᠭᠠᠬᠤ ᠦᠨᠳᠦᠰᠦᠯᠡᠯ ᠪᠣᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠤᠨ 2024 ᠣᠨ ᠤ ᠣᠷᠣᠨ ᠨᠤᠲᠤᠭ ᠤᠨ ᠶᠡᠭᠡ ᠳᠡᠭᠡᠳᠦ ᠰᠤᠷᠭᠠᠭᠤᠯᠢ ᠶᠢᠨ ᠥᠭᠡᠷᠡᠴᠢᠯᠡᠯᠲᠡ ᠬᠥᠭᠵᠢᠭᠦᠯᠦᠯᠲᠡ ᠶᠢ ᠳᠡᠮᠵᠢᠬᠦ ᠪᠡᠯᠡ ᠮᠥᠩᠭᠦᠨ ᠤ ᠲᠥᠰᠦᠪ ᠢ ᠤᠷᠢᠳᠴᠢᠯᠠᠨ ᠪᠠᠭᠤᠯᠭᠠᠬᠤ ᠲᠤᠬᠠᠢ ᠮᠡᠳᠡᠭᠳᠡᠯ︾ ︵ᠥᠪᠥᠷ ᠡᠳ᠋ ᠰᠤᠷᠭᠠᠨ ︹2023︺ 1788 ᠳ᠋ᠤᠭᠠᠷ ᠲᠣᠭᠠᠲᠤ︶ ᠪᠣᠯᠤᠨ᠎ᠠ᠃ 2024 ᠣᠨ ᠤ ᠲᠡᠷᠢᠭᠦᠨ ᠤ ᠬᠢ ᠪᠤᠶᠢᠵᠢᠭᠤᠯᠬᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ ᠪᠣᠯᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠪᠤᠶᠢᠵᠢᠭᠤᠯᠬᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ ᠢ ᠳᠠᠬᠢᠨ ᠮᠡᠳᠡᠭᠦᠯᠬᠦ ᠳᠤ ᠰᠢᠨ᠎ᠡ ᠬᠡᠪᠯᠡᠯ ᠤᠨ ᠲᠥᠷᠥᠯ ᠵᠦᠢᠯ ᠤᠨ ᠡᠭᠦᠷᠭᠡ ᠶᠢᠨ ᠪᠢᠴᠢᠭ ᠢ ᠲᠠᠭᠯᠠᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠷᠥᠯ ᠵᠦᠢᠯ ᠤᠨ ᠬᠤᠯᠪᠣᠭᠳᠠᠯ ᠪᠦᠬᠦᠢ ᠮᠠᠲ᠋ᠧᠷᠢᠶᠠᠯ ᠢ ᠮᠡᠳᠡᠭᠦᠯᠦᠨ ᠬᠦᠷᠭᠡᠬᠦ ᠲᠤᠬᠠᠢ ᠮᠡᠳᠡᠭᠳᠡᠯ︾ ︵ᠥᠪᠥᠷ ᠵᠢᠭᠠᠬᠤ ᠶᠢ ᠰᠤᠳᠤᠯᠬᠤ ᠪᠢᠴᠢᠭ ︹2023︺ 57 ᠳ᠋ᠤᠭᠠᠷ ᠲᠣᠭᠠᠲᠤ︶᠎ ᠳᠤ ᠬᠤᠯᠪᠤᠭᠳᠠᠭᠰᠠᠨ ︽ᠬᠢᠷᠢ ᠪᠦᠲᠦᠮᠵᠢ ᠶᠢᠨ ᠬᠠᠷᠠᠯᠲᠠᠲᠤ ᠬᠦᠰᠦᠨᠦᠭᠲᠦ︾᠎ ᠳᠤ ᠵᠠᠰᠠᠪᠤᠷᠢ ᠣᠷᠣᠭᠤᠯᠤᠭᠰᠠᠨ ᠦᠭᠡᠢ᠂ ᠳᠠᠬᠢᠵᠤ ᠶᠠᠪᠤᠭᠤᠯᠬᠤ ᠦᠭᠡᠢ᠂ ᠰᠢᠨ᠎ᠡ ᠬᠡᠪᠯᠡᠯ ᠤᠨ ᠡᠭᠦᠷᠭᠡ ᠶᠢᠨ ᠪᠢᠴᠢᠭ ᠲᠠᠢ ᠨᠡᠶᠢᠯᠡᠭᠦᠯᠦᠨ ᠳᠡᠭᠡᠭᠰᠢ ᠮᠡᠳᠡᠭᠦᠯᠬᠦ ᠪᠣᠯᠪᠠᠤ᠃     ᠭᠤᠷᠪᠠ᠂ ᠮᠡᠳᠡᠭᠦᠯᠬᠦ ᠱᠠᠭᠠᠷᠳᠠᠯᠭ᠎ᠠ     ︵ᠨᠢᠭᠡ︶ 2023 ᠣᠨ ᠤ ᠥᠪᠡᠷ ᠢ ᠪᠠᠨ ᠦᠨᠡᠯᠡᠬᠦ ᠠᠵᠢᠯ᠂ ︽ᠥᠪᠡᠷ ᠢ ᠪᠠᠨ ᠦᠨᠡᠯᠡᠭᠰᠡᠨ ᠮᠡᠳᠡᠭᠦᠯᠦᠯᠲᠡ︾ ᠪᠣᠯᠤᠨ ︽ᠦᠷ᠎ᠡ ᠪᠦᠲᠦᠭᠡᠯ ᠤᠨ ᠬᠤᠷᠢᠶᠠᠩᠭᠤᠢ ᠬᠦᠰᠦᠨᠦᠭᠲᠦ︾᠎ ᠶᠢ ᠨᠡᠶᠢᠯᠡᠭᠦᠯᠦᠨ ᠳᠡᠪᠲᠡᠷᠯᠡᠵᠦ ᠳᠡᠭᠡᠭᠰᠢ ᠮᠡᠳᠡᠭᠦᠯᠦᠨ᠎ᠡ᠂ ᠴᠠᠭ ᠬᠤᠭᠤᠴᠠᠭ᠎ᠠ ᠶᠢ 2024 ᠣᠨ ᠤ 4 ᠰᠠᠷ᠎ᠠ ᠶᠢᠨ 18᠎ ᠤ ᠡᠳᠦᠷ ᠢᠶᠠᠷ ᠬᠢᠵᠠᠭᠠᠷᠯᠠᠨ᠎ᠠ᠃     ︵ᠬᠤᠶᠠᠷ︶ 2024 ᠣᠨ ᠤ ︽ᠡᠭᠦᠷᠭᠡ ᠶᠢᠨ ᠪᠢᠴᠢᠭ︾᠎ ᠤᠨ ᠠᠵᠢᠯ ᠢ ᠳᠠᠬᠢᠨ ᠮᠡᠳᠡᠭᠦᠯᠵᠦ᠂ ︽ᠡᠭᠦᠷᠭᠡ ᠶᠢᠨ ᠪᠢᠴᠢᠭ︾ ᠪᠣᠯᠤᠨ ︽ᠬᠢᠷᠢ ᠪᠦᠲᠦᠮᠵᠢ ᠶᠢᠨ ᠬᠠᠷᠠᠯᠲᠠᠲᠤ ᠬᠦᠰᠦᠨᠦᠭᠲᠦ︾᠎ ᠶᠢ ᠨᠡᠶᠢᠯᠡᠭᠦᠯᠦᠨ ᠳᠡᠪᠲᠡᠷᠯᠡᠵᠦ ᠳᠡᠭᠡᠭᠰᠢ ᠮᠡᠳᠡᠭᠦᠯᠦᠨ᠎ᠡ᠂ ᠴᠠᠭ ᠬᠤᠭᠤᠴᠠᠭ᠎ᠠ ᠶᠢ 2024 ᠣᠨ ᠤ 4 ᠰᠠᠷ᠎ᠠ ᠶᠢᠨ 11᠎ ᠤ ᠡᠳᠦᠷ ᠢᠶᠠᠷ ᠬᠢᠵᠠᠭᠠᠷᠯᠠᠨ᠎ᠠ᠃ ᠳᠡᠭᠡᠷᠡᠬᠢ ᠮᠠᠲ᠋ᠧᠷᠢᠶᠠᠯ ᠤᠨ ᠳᠠᠷᠤᠮᠠᠯᠯᠠᠯ ︵ᠪᠠᠶᠢᠭᠤᠯᠭ᠎ᠠ ᠶᠢᠨ ᠠᠯᠪᠠᠨ ᠲᠠᠮᠠᠭ᠎ᠠ ᠶᠢ ᠳᠠᠷᠤᠨ᠎ᠠ︶᠎ ᠤᠨ ᠨᠢᠭᠡ ᠬᠡᠯᠪᠡᠷᠢ ᠬᠤᠶᠠᠷ ᠬᠤᠪᠢ ᠶᠢ ᠮᠠᠨ ᠤ ᠲᠢᠩᠬᠢᠮ ᠳᠤ ᠬᠦᠷᠭᠡᠨ᠎ᠡ᠃ ᠡᠯᠧᠺᠳ᠋ᠷᠣᠨ ᠬᠡᠪᠯᠡᠯ ︵ᠨᠢᠭᠡᠴᠢ ᠶᠢᠨ ᠠᠯᠪᠠᠨ ᠲᠠᠮᠠᠭ᠎ᠠ ᠳᠠᠷᠤᠭᠰᠠᠨ PDF ᠬᠡᠪᠯᠡᠯ᠂ Word ᠬᠡᠪᠯᠡᠯ ᠪᠤᠶᠤ excel ᠬᠡᠪᠯᠡᠯ︶᠎ ᠢ ᠢᠮᠧᠯ᠄ nmg_xwb@163.com᠎ ᠲᠤ ᠬᠦᠷᠭᠡᠨ᠎ᠡ᠃     ᠬᠠᠷᠢᠯᠴᠠᠬᠤ ᠬᠥᠮᠦᠨ᠄ ᠰᠥᠩ ᠱᠤᠸᠠᠩ᠂ ᠬᠠᠷᠢᠯᠴᠠᠬᠤ ᠤᠲᠠᠰᠤ᠄ 0471-2856607 ᠳᠠᠭᠠᠯᠳᠤᠭᠤᠯᠤᠯ᠄ 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡᠨ ᠤ ᠰᠠᠯᠠᠭᠠᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠦᠷ᠎ᠡ ᠪᠦᠲᠦᠭᠡᠯ ᠤᠨ ᠬᠤᠷᠢᠶᠠᠩᠭᠤᠢ ᠬᠦᠰᠦᠨᠦᠭᠲᠦ 2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡᠨ ᠤ ᠰᠠᠯᠠᠭᠠᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠢᠯ ᠤᠨ ᠥᠪᠡᠷ ᠢ ᠪᠠᠨ ᠦᠨᠡᠯᠡᠭᠰᠡᠨ ᠮᠡᠳᠡᠭᠦᠯᠦᠯᠲᠡ ︵ᠬᠠᠪᠢᠰᠤ︶   3᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡᠨ ᠤ ᠰᠠᠯᠠᠭᠠᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠭᠦᠷᠭᠡ ᠶᠢᠨ ᠪᠢᠴᠢᠭ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ           2024 ᠣᠨ ᠤ 3 ᠰᠠᠷ᠎ᠠ ᠶᠢᠨ 25᠎ ᠤ ᠡᠳᠦᠷ  
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2