ᠵᠢᠨᠢᠩ ᠲᠤᠭᠤᠷᠢᠭ ᠤᠨ ᠴᠢᠶᠣᠤ ᠳ᠋ᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ  ᠭᠠᠵᠠᠷ
ᠨᠡᠶᠢᠲᠡᠯᠡᠭᠰᠡᠨ ᠴᠠᠭ᠄
2024/4/17
         ᠵᠢᠨᠢᠩ ᠲᠤᠭᠤᠷᠢᠭ ᠤᠨ ᠴᠢᠶᠣᠤ ᠳ᠋ᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠵᠢᠨᠢᠩ ᠲᠥᠪ ᠬᠤᠲᠠ ᠶᠢᠨ ᠬᠤᠳᠠᠯᠳᠤᠭᠠᠨ ᠤ ᠬᠥᠭᠵᠢᠶᠡᠨ ᠲᠠᠢ ᠭᠠᠵᠠᠷ ᠲᠤ ᠪᠠᠶᠢᠷᠢᠯᠠᠨ᠎ᠠ᠃ ᠵᠡᠭᠦᠨ ᠠᠴᠠ ᠡᠬᠢᠯᠡᠵᠦ ᠪᠦᠲᠦᠭᠡᠨ ᠪᠠᠶᠢᠭᠤᠯᠬᠤ ᠵᠠᠮ ᠪᠣᠯᠬᠤ ᠯᠣᠤ  ᠬᠤ᠋  ᠱᠠᠨ ᠴᠡᠴᠡᠷᠯᠢᠭ ᠤᠨ ᠭᠤᠤᠯ ᠱᠤᠭᠤᠮ᠂ ᠪᠠᠷᠠᠭᠤᠨᠰᠢ ᠪᠡᠭᠡᠵᠢᠩ ᠠᠴᠠ ᠪᠤᠭᠤᠲᠤ ᠬᠦᠷᠬᠦ ᠲᠡᠮᠦᠷ ᠵᠠᠮ ᠤᠮᠠᠷᠠᠰᠢ ᠲᠦᠩ ᠳ᠋ᠡ ᠵᠡᠭᠡᠯᠢ᠂ ᠡᠩᠬᠡ ᠶᠡᠭᠡ ᠵᠡᠭᠡᠯᠢ ᠠᠴᠠ ᠡᠬᠢᠯᠡᠵᠦ᠂ ᠡᠮᠦᠨᠡᠰᠢ ᠱᠠ ᠾᠧ ᠵᠡᠭᠦᠨ ᠵᠡᠭᠡᠯᠢ 110 ᠤᠯᠤᠰ ᠤᠨ ᠵᠠᠮ ᠬᠦᠷᠲᠡᠯ᠎ᠡ᠃ 1957 ᠣᠨ ᠳᠤ ᠪᠠᠶᠢᠭᠤᠯᠤᠭᠳᠠᠵᠤ᠂ ᠬᠠᠷᠢᠶᠠᠲᠤ ᠣᠷᠣᠨ ᠤ ᠲᠠᠯᠠᠪᠠᠢ ᠨᠢ 5.17 ᠲᠡᠭᠰᠢ ᠳᠥᠷᠪᠡᠯᠵᠢᠨ ᠺᠢᠯᠣᠮᠧᠲᠷ ᠪᠣᠯᠤᠨ᠎ᠠ᠃ ᠬᠤᠳᠠᠯᠳᠤᠭ᠎ᠠ᠂ ᠬᠥᠮᠦᠨ ᠠᠮᠠ ᠬᠠᠮᠤᠭ ᠤᠨ ᠲᠥᠪᠯᠡᠷᠡᠭᠰᠡᠨ ᠣᠷᠣᠨ᠃ ᠵᠡᠭᠡᠯᠢ ᠭᠤᠳᠤᠮᠵᠢ ᠳᠤ ᠬᠠᠷᠢᠶᠠᠯᠠᠭᠳᠠᠬᠤ 8 ᠨᠡᠶᠢᠭᠡᠮ ᠲᠣᠭᠤᠷᠢᠭ᠂ ᠨᠡᠶᠢᠲᠡ 22387 ᠰᠠᠭᠤᠭᠠᠯᠢ ᠠᠷᠠᠳ᠂ 52387 ᠬᠥᠮᠦᠨ ᠪᠠᠶᠢᠨ᠎ᠠ᠃ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ  ᠬᠤᠷᠢᠶ᠎ᠠ ᠶᠢᠨ ᠳᠣᠣᠷ᠎ᠠ 9 ᠰᠢᠭᠤᠳ ᠬᠠᠮᠢᠶᠠᠷᠬᠤ ᠡᠭᠦᠷ᠂ 42 ᠬᠡᠰᠡᠭ ᠲᠤ ᠰᠠᠭᠤᠭ᠎ᠠ ᠨᠢᠭᠡᠴᠡ ᠶᠢᠨ ᠨᠠᠮ ᠤᠨ ᠡᠭᠦᠷ ᠭᠠᠷᠭᠠᠪᠠ  ᠃  67 ᠰᠠᠭᠤᠭᠠᠯᠢ ᠠᠷᠠᠳ ᠤᠨ ᠲᠣᠭᠤᠷᠢᠭ ᠤᠨ ᠨᠠᠮ ᠤᠨ ᠡᠭᠦᠷ᠂ 13 ᠰᠠᠭᠤᠭᠠᠯᠢ ᠠᠷᠠᠳ ᠤᠨ ᠨᠠᠮ ᠤᠨ ᠳᠤᠭᠤᠶᠢᠯᠠᠩ ᠪᠠᠶᠢᠭᠤᠯᠵᠤ᠂ ᠬᠠᠷᠢᠶ᠎ᠠ ᠣᠷᠣᠨ ᠳᠤ ᠠᠵᠢᠯᠯᠠᠵᠤ ᠪᠠᠶᠢᠭ᠎ᠠ ᠨᠠᠮ ᠤᠨ ᠭᠡᠰᠢᠭᠦᠨ 1148 ᠬᠥᠮᠦᠨ᠂ ᠰᠢᠭᠤᠳ ᠬᠠᠮᠢᠶᠠᠷᠴᠤ ᠪᠠᠶᠢᠭ᠎ᠠ  ᠨᠠᠮ ᠤᠨ ᠭᠡᠰᠢᠭᠦᠨ 364 ᠬᠥᠮᠦᠨ ᠪᠠᠶᠢᠨ᠎ᠠ᠃            ᠴᠢᠶᠣᠤ ᠳ᠋ᠦᠩ ᠵᠡᠭᠡᠯᠢ ᠭᠤᠳᠤᠮᠵᠢ ᠶᠢᠨ ᠠᠯᠪᠠᠨ ᠶᠠᠪᠤᠳᠠᠯ ᠤᠨ ᠠᠰᠠᠭᠤᠨ ᠯᠠᠪᠯᠠᠬᠤ ᠤᠲᠠᠰᠤ᠄ 0474-4880577          1. ᠳ᠋ᠦᠡᠭ ᠮᠢᠨ ᠵᠢᠶᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ           ᠣᠷᠣᠨ ᠪᠦᠰᠡ ᠶᠢᠨ ᠬᠡᠪᠴᠢᠶ᠎ᠡ ᠨᠢ ᠵᠡᠭᠦᠨ ᠠᠴᠠ ᠪᠦᠲᠦᠭᠡᠨ ᠪᠠᠶᠢᠭᠤᠯᠤᠯᠲᠠ ᠶᠢᠨ ᠵᠠᠮ ᠤᠨ ᠪᠠᠷᠠᠭᠤᠨ ᠲᠠᠯ᠎ᠠ  ᠬᠦᠷᠴᠦ᠂ ᠪᠠᠷᠠᠭᠤᠨᠰᠢ ᠪᠠᠨ ᠤᠯᠠᠭᠠᠨ ᠵᠠᠮ ᠤᠨ ᠵᠡᠭᠦᠨ ᠲᠠᠯ᠎ᠠ ᠬᠦᠷᠦᠨ᠎ᠡ  ᠃ ᠡᠮᠦᠨ᠎ᠡ ᠨᠢ ᠮᠢᠨ ᠵᠢᠶᠠᠨ ᠶᠡᠭᠡ ᠵᠡᠭᠡᠯᠢ ᠶᠢᠨ ᠬᠤᠶᠢᠲᠤ ᠲᠠᠯ᠎ᠠ ᠳᠤ ᠤᠮᠠᠷᠠᠰᠢ ᠡᠩᠬᠡ ᠶᠡᠭᠡ ᠵᠡᠭᠡᠯᠢ ᠶᠢᠨ ᠡᠮᠦᠨ᠎ᠡ ᠲᠠᠯ᠎ᠠ ᠳᠤ ᠬᠦᠷᠴᠦ᠂ ᠬᠠᠷᠢᠶᠠᠲᠤ ᠣᠷᠣᠨ ᠤ ᠶᠡᠷᠦᠩᠬᠡᠶ ᠲᠠᠯᠠᠪᠠᠶ ᠨᠢ 0.43 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠪᠥᠬᠦ ᠡᠷᠦᠬᠡ ᠶᠢᠨ ᠲᠤᠭ᠎ᠠ 1898 ᠡᠷᠦᠬᠡ᠂ ᠪᠥᠬᠦ ᠬᠥᠮᠦᠨ ᠠᠮᠠ ᠶᠢᠨ ᠲᠤᠭ᠎ᠠ 4703 ᠬᠥᠮᠦᠨ ᠪᠠᠶᠢᠨ᠎ᠠ᠃           ᠳ᠋ᠦᠩ ᠮᠢᠨ ᠵᠢᠶᠠᠨ ᠨᠡᠶᠢᠭᠡᠮ ᠲᠣᠭᠤᠷᠢᠭ ᠤᠨ ᠠᠯᠪᠠᠨ ᠶᠠᠪᠤᠳᠠᠯ ᠤᠨ ᠠᠰᠠᠭᠤᠨ ᠯᠠᠪᠯᠠᠬᠤ ᠤᠲᠠᠰᠤ᠄ 0474-8385363           2. ᠭᠤᠸᠠᠩ ᠮᠢᠩ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ          ᠣᠷᠣᠨ ᠪᠦᠰᠡ ᠶᠢᠨ ᠬᠡᠪᠴᠢᠶ᠎ᠡ ᠨᠢ ᠵᠡᠭᠦᠨ ᠠᠴᠠ ᠪᠦᠲᠦᠭᠡᠨ ᠪᠠᠶᠢᠭᠤᠯᠤᠯᠲᠠ ᠶᠢᠨ ᠵᠠᠮ ᠤᠨ ᠪᠠᠷᠠᠭᠤᠨ ᠲᠠᠯ᠎ᠠ ᠬᠦᠷᠴᠦ᠂ ᠪᠠᠷᠠᠭᠤᠨᠰᠢ ᠪᠠᠨ ᠤᠯᠠᠭᠠᠨ ᠵᠠᠮ ᠤᠨ ᠵᠡᠭᠦᠨ ᠲᠠᠯ᠎ᠠ ᠬᠦᠷᠦᠨ᠎ᠡ  ᠃ ᠡᠮᠦᠨ᠎ᠡ ᠠᠴᠠ ᠴᠢᠯᠥᠭᠡᠯᠡᠬᠦ ᠶᠡᠭᠡ ᠵᠡᠭᠡᠯᠢ ᠶᠢᠨ ᠬᠤᠶᠢᠲᠤ ᠲᠠᠯ᠎ᠠ᠂ ᠬᠤᠶᠢᠲᠤ ᠲᠠᠯ᠎ᠠ ᠠᠴᠠ ᠮᠢᠨ ᠵᠢᠶᠠᠨ ᠶᠡᠭᠡ ᠵᠡᠭᠡᠯᠢ ᠶᠢᠨ ᠡᠮᠦᠨ᠎ᠡ ᠲᠠᠯ᠎ᠠ ᠬᠦᠷᠲᠡᠯ᠎ᠡ᠃ ᠬᠠᠷᠢᠶᠠᠲᠤ ᠣᠷᠣᠨ ᠤ ᠶᠡᠷᠦᠩᠬᠡᠶ ᠲᠠᠯᠠᠪᠠᠶ ᠨᠢ 0.4 ᠲᠡᠭᠰᠢ ᠳᠥᠷᠪᠡᠯᠵᠢᠨ ᠺᠢᠯᠣᠮᠧᠲᠷ᠂ ᠶᠡᠷᠦᠩᠬᠡᠶ ᠡᠷᠦᠬᠡ ᠶᠢᠨ ᠲᠤᠭ᠎ᠠ ᠨᠢ 2328 ᠡᠷᠦᠬᠡ᠂ ᠶᠡᠷᠦᠩᠬᠡᠶ ᠬᠥᠮᠦᠨ ᠠᠮᠠ ᠶᠢᠨ ᠲᠤᠭ᠎ᠠ ᠨᠢ 5731 ᠬᠥᠮᠦᠨ ᠪᠣᠯᠤᠨ᠎ᠠ᠃           ᠭᠤᠸᠠᠩ ᠮᠢᠩ ᠨᠡᠶᠢᠭᠡᠮ ᠲᠣᠭᠤᠷᠢᠭ ᠤᠨ ᠠᠯᠪᠠᠨ ᠶᠠᠪᠤᠳᠠᠯ ᠤᠨ ᠠᠰᠠᠭᠤᠨ ᠯᠠᠪᠯᠠᠬᠤ ᠤᠲᠠᠰᠤ᠄ 0474 — 8386335          3. ᠴᠠᠬᠢᠯᠭᠠᠨ ᠤ ᠦᠢᠯᠡᠰ ᠤᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ       ᠣᠷᠣᠨ ᠪᠦᠰᠡ ᠶᠢᠨ ᠬᠡᠪᠴᠢᠶ᠎ᠡ ᠨᠢ ᠵᠡᠭᠦᠨᠰᠢ ᠪᠠᠨ ᠤᠯᠠᠭᠠᠨ ᠵᠠᠮ ᠤᠨ ᠪᠠᠷᠠᠭᠤᠨ ᠲᠠᠯ᠎ᠠ᠂ ᠪᠠᠷᠠᠭᠤᠨᠰᠢ ᠪᠠᠨ ᠬᠤᠸᠠᠢ ᠶᠤᠸᠠᠨ ᠬᠤᠶᠢᠲᠤ ᠵᠠᠮ ᠤᠨ ᠵᠡᠭᠦᠨ ᠲᠠᠯ᠎ᠠ ᠬᠦᠷᠲᠡᠯ᠎ᠡ‌ᠡᠮᠦᠨᠡᠰᠢ ᠪᠠᠨ ᠴᠢᠯᠥᠭᠡᠯᠡᠯᠲᠡ ᠶᠡᠭᠡ ᠵᠡᠭᠡᠯᠢ ᠶᠢᠨ ᠬᠤᠶᠢᠲᠤ ᠲᠠᠯ᠎ᠠ᠂ ᠬᠤᠶᠢᠰᠢ ᠪᠠᠨ ᠲᠦᠩ ᠳ᠋ᠡ ᠵᠡᠭᠡᠯᠢ  ᠶᠢᠨ ᠡᠮᠦᠨ᠎ᠡ ᠲᠠᠯ᠎ᠠ ᠬᠦᠷᠲᠡᠯ᠎ᠡ᠃ ᠬᠠᠷᠢᠶ᠎ᠠ ᠣᠷᠣᠨ ᠤ ᠶᠡᠷᠦᠩᠬᠡᠶ ᠲᠠᠯᠠᠪᠠᠶ ᠨᠢ 0.89 ᠲᠡᠭᠰᠢ ᠳᠥᠷᠪᠡᠯᠵᠢᠨ ᠺᠢᠯᠣᠮᠧᠲᠷ᠂ ᠶᠡᠷᠦᠩᠬᠡᠶ ᠡᠷᠦᠬᠡ ᠶᠢᠨ ᠲᠤᠭ᠎ᠠ ᠨᠢ 2432 ᠡᠷᠦᠬᠡ᠂ ᠪᠥᠬᠦ ᠬᠥᠮᠦᠨ ᠠᠮᠠ ᠶᠢᠨ ᠲᠤᠭ᠎ᠠ ᠨᠢ 5879 ᠬᠥᠮᠦᠨ ᠪᠣᠯᠤᠨ᠎ᠠ᠃          ᠴᠠᠬᠢᠯᠭᠠᠨ ᠦᠶᠯᠡᠰ ᠤᠨ ᠨᠡᠶᠢᠭᠡᠮ ᠲᠣᠭᠤᠷᠢᠭ ᠤᠨ ᠠᠯᠪᠠᠨ ᠠᠵᠢᠯ ᠤᠨ ᠠᠰᠠᠭᠤᠨ ᠯᠠᠪᠯᠠᠬᠤ ᠤᠲᠠᠰᠤ᠄ 0474 — 8386563          4. ᠵᠢᠦ ᠯᠦᠩ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ       ᠨᠠᠨ ᠵᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠢ ᠵᠢᠦ ᠯᠦᠩ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠳᠤ ᠨᠡᠶᠢᠯᠡᠭᠦᠯᠦᠨ ᠣᠷᠣᠭᠤᠯᠤᠨ᠎ᠠ᠃ ᠣᠷᠣᠨ ᠪᠦᠰᠡ ᠶᠢᠨ ᠬᠦᠷᠢᠶ᠎ᠡ ᠬᠡᠪᠴᠢᠶ᠎ᠡ ᠨᠢ ᠵᠡᠭᠦᠨ ᠠᠴᠠ ᠡᠬᠢᠯᠡᠨ ᠯᠦ ᠴᠢᠶᠣᠤ ᠺᠸᠦ ᠶᠢ ᠪᠠᠶᠢᠭᠤᠯᠵᠤ᠂ ᠪᠠᠷᠠᠭ ᠤᠨ ᠠᠴᠠ ᠬᠤᠸᠠᠢ ᠶᠤᠸᠠᠨ ᠬᠤᠶᠢᠲᠤ ᠵᠠᠮ᠂ ᠵᠢᠩ ᠪᠦᠦ ᠱᠤᠭᠤᠮ ᠬᠦᠷᠬᠦ ᠵᠡᠭᠦᠨᠰᠢ ᡽ᠡᠮᠦᠨ᠎ᠡ ᠠᠴᠠ ᠱᠠ ᠾᠧ ᠵᠡᠭᠦᠨ ᠵᠡᠭᠡᠯᠢ ᠶᠢᠨ ᠬᠤᠶᠢᠲᠤ ᠲᠠᠯ᠎ᠠ᠂ ᠬᠤᠶᠢᠨ᠎ᠠ ᠠᠴᠠ ᠬᠤᠶᠢᠲᠤ ᠳ᠋ᠤᠤ ᠺᠧᠦ ᠶᠢᠨ ᠡᠮᠦᠨ ᠎ᠡ ᠲᠠᠯ᠎ᠠ ᠬᠦᠷᠲᠡᠯ᠎ᠡ᠃ ᠬᠠᠷᠢᠶ᠎ᠠ ᠣᠷᠣᠨ ᠤ ᠶᠡᠷᠦᠩᠬᠡᠶ ᠲᠠᠯᠠᠪᠠᠶ ᠨᠢ 0.58 ᠲᠡᠭᠰᠢ ᠳᠥᠷᠪᠡᠯᠵᠢᠨ ᠺᠢᠯᠣᠮᠧᠲᠷ᠂ ᠶᠡᠷᠦᠩᠬᠡᠶ ᠡᠷᠦᠬᠡ ᠶᠢᠨ ᠲᠤᠭ᠎ᠠ ᠨᠢ 2585 ᠡᠷᠦᠬᠡ᠂ ᠶᠡᠷᠦᠩᠬᠡᠶ ᠬᠥᠮᠦᠨ ᠠᠮᠠ ᠶᠢᠨ ᠲᠤᠭ᠎ᠠ ᠨᠢ 6304 ᠬᠥᠮᠦᠨ ᠪᠣᠯᠤᠨ᠎ᠠ᠃          ᠵᠢᠦ ᠯᠦᠩ ᠨᠡᠶᠢᠭᠡᠮ ᠲᠣᠭᠤᠷᠢᠭ ᠤᠨ ᠠᠯᠪᠠᠨ ᠶᠠᠪᠤᠳᠠᠯ ᠤᠨ ᠠᠰᠠᠭᠤᠨ ᠯᠠᠪᠯᠠᠬᠤ ᠤᠲᠠᠰᠤ᠄ 0474 — 8983787         5. ᠯᠦᠩ ᠸᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ           ᠤᠤᠯ ᠤᠨ ᠹᠧᠩ ᠴᠢᠶᠣᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠢ ᠯᠥᠩ ᠸᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠭᠡᠵᠦ ᠬᠠᠯᠠᠵᠠᠶ᠃ ᠣᠷᠣᠨ ᠪᠦᠰᠡ ᠶᠢᠨ ᠬᠦᠷᠢᠶ᠎ᠡ ᠬᠡᠪᠴᠢᠶ᠎ᠡ ᠨᠢ ᠵᠡᠭᠦᠨᠰᠢ ᠪᠠᠨ ᠬᠤᠸᠠᠢ ᠶᠤᠸᠠᠨ ᠬᠤᠶᠢᠲᠤ ᠵᠠᠮ ᠤᠨ ᠪᠠᠷᠠᠭᠤᠨ ᠲᠠᠯ᠎ᠠ ᠠᠴᠠ ᠡᠬᠢᠯᠡᠵᠦ᠂ ᠪᠠᠷᠠᠭᠤᠨᠰᠢ ᠪᠠᠨ ᠵᠢᠶ ᠳ᠋ᠡ ᠲᠡᠮᠦᠷ ᠵᠠᠮ ᠤᠨ ᠱᠤᠭᠤᠮ ᠬᠦᠷᠲᠡᠯ᠎ᠡ ᡽ ᠡᠮᠦᠨᠡᠰᠢ 110 ᠤᠯᠤᠰ ᠤᠨ ᠵᠠᠮ᠂ ᠢᠦᠶ  ᠱᠣᠸᠠᠨ ᠤ ᠵᠦᠷᠢᠯᠢᠭ ᠬᠥᠭᠦᠷᠭᠡ ᠠᠴᠠ ᠡᠬᠢᠯᠡᠵᠦ᠂ ᠤᠮᠠᠷᠠᠰᠢ ᠨᠠᠨ ᠳ᠋ᠤᠤ ᠺᠸᠤ ᠶᠢᠨ ᠡᠮᠦᠨ᠎ᠡ ᠲᠠᠯ᠎ᠠ ᠬᠦᠷᠲᠡᠯ᠎ᠡ᠃ ᠬᠠᠷᠢᠶ᠎ᠠ ᠣᠷᠣᠨ ᠤ ᠶᠡᠷᠦᠩᠬᠡᠶ ᠲᠠᠯᠠᠪᠠᠶ ᠨᠢ 0.8 ᠲᠡᠭᠰᠢ ᠳᠥᠷᠪᠡᠯᠵᠢᠨ ᠺᠢᠯᠣᠮᠧᠲᠷ᠂ ᠶᠡᠷᠦᠩᠬᠡᠶ ᠡᠷᠦᠬᠡ ᠶᠢᠨ ᠲᠤᠭ᠎ᠠ ᠨᠢ 2633 ᠡᠷᠦᠬᠡ᠂ ᠶᠡᠷᠦᠩᠬᠡᠶ ᠬᠥᠮᠦᠨ ᠠᠮᠠ ᠶᠢᠨ ᠲᠤᠭ᠎ᠠ ᠨᠢ 6702 ᠬᠥᠮᠦᠨ ᠪᠣᠯᠤᠨ᠎ᠠ᠃            6. ᠴᠢᠤᠸᠠᠨ ᠱᠠᠨ ᠤ ᠬᠤᠶᠢᠲᠤ ᠵᠡᠭᠡᠯᠢ ᠶᠢᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ            ᠬᠤ᠋ ᠱᠠᠨ ᠠᠭᠤᠯᠠ ᠶᠢᠨ ᠡᠮᠦᠨ᠎ᠡ ᠬᠡᠰᠡᠭ᠂   ᠬᠤ᠋ ᠱᠠᠨ ᠪᠠᠷᠠᠭᠤᠨ ᠰᠠᠭᠤᠭᠠᠯᠢ ᠠᠷᠠᠳ ᠤᠨ ᠵᠥᠪᠯᠡᠯ ᠢ ᠴᠢᠤᠸᠠᠨ ᠱᠠᠨ ᠤ ᠬᠤᠶᠢᠲᠤ ᠵᠡᠭᠡᠯᠢ ᠶᠢᠨ ᠰᠠᠭᠤᠭᠠᠯᠢ ᠠᠷᠠᠳ ᠤᠨ ᠵᠥᠪᠯᠡᠯ ᠳᠤ ᠨᠡᠶᠢᠯᠡᠭᠦᠯᠦᠨ ᠣᠷᠣᠭᠤᠯᠤᠨ᠎ᠠ᠃ ᠣᠷᠣᠨ ᠪᠦᠰᠡ ᠶᠢᠨ ᠬᠦᠷᠢᠶ᠎ᠡ ᠬᠡᠪᠴᠢᠶ᠎ᠡ ᠨᠢ ᠵᠡᠭᠦᠨᠰᠢ ᠪᠠᠨ ᠯᠣᠤ  ᠬᠤ᠋ ᠱᠠᠨ ᠠᠭᠤᠯᠠ ᠶᠢᠨ ᠠᠮᠢ ᠠᠬᠤᠶ ᠶᠢᠨ ᠵᠠᠮ ᠠᠴᠠ ᠡᠬᠢᠯᠡᠵᠦ᠂ ᠪᠠᠷᠠᠭᠤᠨᠰᠢ ᠪᠠᠨ ᠬᠤᠸᠠᠢ ᠶᠤᠸᠠᠨ ᠬᠤᠶᠢᠲᠤ ᠵᠠᠮ ᠬᠦᠷᠲᠡᠯ᠎ᠡ  ᠂ ᠡᠮᠦᠨᠡᠰᠢ ᠪᠠᠨ ᠴᠢᠤᠸᠠᠨ ᠱᠠᠨ ᠠᠭᠤᠯᠠ ᠶᠢᠨ ᠬᠤᠶᠢᠲᠤ ᠵᠡᠭᠡᠯᠢ ᠠᠴᠠ ᠡᠬᠢᠯᠡᠵᠦ᠂ ᠬᠤᠶᠢᠰᠢ ᠪᠠᠨ ᠱᠠ ᠾᠧ ᠭᠤᠣᠯ ᠤᠨ ᠵᠡᠭᠦᠨ ᠵᠡᠭᠡᠯᠢ ᠶᠢᠨ ᠡᠮᠦᠨ᠎ᠡ ᠲᠠᠯ᠎ᠠ ᠳᠤ ᠬᠦᠷᠦᠨ᠎ᠡ᠃ ᠬᠠᠷᠢᠶ᠎ᠠ ᠣᠷᠣᠨ ᠤ ᠶᠡᠷᠦᠩᠬᠡᠶ ᠲᠠᠯᠠᠪᠠᠶ ᠨᠢ 1.06 ᠲᠡᠭᠰᠢ ᠳᠥᠷᠪᠡᠯᠵᠢᠨ ᠺᠢᠯᠣᠮᠧᠲᠷ᠂ ᠶᠡᠷᠦᠩᠬᠡᠶ ᠡᠷᠦᠬᠡ ᠶᠢᠨ ᠲᠤᠭ᠎ᠠ ᠨᠢ 1973᠂ ᠶᠡᠷᠦᠩᠬᠡᠶ ᠬᠥᠮᠦᠨ ᠠᠮᠠ ᠶᠢᠨ ᠲᠤᠭ᠎ᠠ ᠨᠢ 5632 ᠬᠥᠮᠦᠨ ᠪᠣᠯᠤᠨ᠎ᠠ᠃             ᠴᠢᠤᠸᠠᠨ ᠱᠠᠨ ᠬᠤᠶᠢᠲᠤ ᠵᠡᠭᠡᠯᠢ ᠶᠢᠨ ᠨᠡᠶᠢᠭᠡᠮ ᠲᠣᠭᠤᠷᠢᠭ ᠤᠨ ᠠᠯᠪᠠᠨ ᠶᠠᠪᠤᠳᠠᠯ ᠤᠨ ᠠᠰᠠᠭᠤᠨ ᠯᠠᠪᠯᠠᠬᠤ ᠤᠲᠠᠰᠤ᠄ 0474-8388059           7. ᠪᠠᠶ ᠴᠢᠤᠸᠠᠨ ᠱᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ            ᠣᠷᠣᠨ ᠪᠦᠰᠡ ᠶᠢᠨ ᠬᠡᠪᠴᠢᠶ᠎ᠡ ᠨᠢ ᠵᠡᠭᠦᠨᠰᠢ ᠪᠠᠨ ᠪᠠᠶ ᠴᠢᠤᠸᠠᠨ ᠱᠠᠨ ᠠᠭᠤᠯᠠ ᠶᠢᠨ ᠠᠮᠢ ᠠᠬᠤᠶ ᠶᠢᠨ ᠶᠡᠭᠡ ᠵᠠᠮ ᠠᠴᠠ ᠡᠬᠢᠯᠡᠵᠦ᠂ ᠪᠠᠷᠠᠭᠤᠨᠰᠢ ᠪᠠᠨ ᠬᠤᠸᠠᠢ ᠶᠤᠸᠠᠨ ᠬᠤᠶᠢᠲᠤ ᠵᠠᠮ ᠬᠦᠷᠲᠡᠯ᠎ᠡ  ᠂ ᠡᠮᠦᠨᠡᠰᠢ ᠪᠠᠨ ᠭᠤᠸᠠᠩ ᠫᠦ ᠵᠠᠮ ᠠᠴᠠ ᠡᠬᠢᠯᠡᠵᠦ᠂ ᠬᠤᠶᠢᠰᠢ ᠪᠠᠨ ᠴᠢᠤᠸᠠᠨ ᠱᠠᠨ ᠠᠭᠤᠯᠠ ᠶᠢᠨ ᠬᠤᠶᠢᠲᠤ ᠵᠡᠭᠡᠯᠢ  ᠬᠦᠷᠦᠨ᠎ᠡ᠃ ᠬᠠᠷᠢᠶ᠎ᠠ ᠣᠷᠣᠨ ᠤ ᠲᠠᠯᠠᠪᠠᠶ ᠨᠢ 0.6 ᠲᠡᠭᠰᠢ ᠳᠥᠷᠪᠡᠯᠵᠢᠨ ᠺᠢᠯᠣᠮᠧᠲᠷ᠂ ᠪᠥᠬᠦ ᠡᠷᠦᠬᠡ ᠶᠢᠨ ᠲᠤᠭ᠎ᠠ ᠨᠢ 2143᠂ ᠪᠥᠬᠦ ᠬᠥᠮᠦᠨ ᠠᠮᠠ ᠶᠢᠨ ᠲᠤᠭ᠎ᠠ ᠨᠢ 5649 ᠪᠠᠶᠢᠨ᠎ᠠ᠃           ᠪᠠᠶ ᠴᠢᠤᠸᠠᠨ ᠱᠠᠨ ᠨᠡᠶᠢᠭᠡᠮ ᠲᠣᠭᠤᠷᠢᠭ ᠤᠨ ᠠᠯᠪᠠᠨ ᠶᠠᠪᠤᠳᠠᠯ ᠤᠨ ᠠᠰᠠᠭᠤᠨ ᠯᠠᠪᠯᠠᠬᠤ ᠤᠲᠠᠰᠤ᠄ 0474-8386821             8. ᠯᠢ ᠮᠢᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ            ᠣᠷᠣᠨ ᠪᠦᠰᠡ ᠶᠢᠨ ᠬᠡᠪᠴᠢᠶ᠎ᠡ ᠨᠢ ᠵᠡᠭᠦᠨᠰᠢ ᠪᠠᠨ ᠪᠠᠶ ᠴᠢᠤᠸᠠᠨ ᠱᠠᠨ ᠠᠭᠤᠯᠠ ᠶᠢᠨ ᠠᠮᠢ ᠠᠬᠤᠶ ᠶᠢᠨ ᠶᠡᠭᠡ ᠵᠠᠮ  ᠠᠴᠠ ᠡᠬᠢᠯᠡᠵᠦ᠂ ᠪᠠᠷᠠᠭᠤᠨᠰᠢ ᠪᠠᠨ ᠬᠤᠸᠠᠢ ᠶᠤᠸᠠᠨ ᠬᠤᠶᠢᠲᠤ ᠵᠠᠮ ᠬᠦᠷᠲᠡᠯ᠎ᠡ  ᠂ ᠡᠮᠦᠨ᠎ᠡ ᠠᠴᠠ 110 ᠤᠯᠤᠰ ᠤᠨ ᠵᠠᠮ᠂ ᠢᠦᠶ   ᠱᠦ᠋ ᠸᠠᠨ  ᠤ ᠵᠦᠷᠢᠯᠢᠭ ᠬᠥᠭᠦᠷᠭᠡ᠂ ᠤᠮᠠᠷᠠᠰᠢ ᠭᠤᠸᠠᠩ ᠫᠦ ᠵᠠᠮ  ᠬᠦᠷᠲᠠᠯ᠎ᠡ᠃ ᠬᠠᠷᠢᠶ᠎ᠠ ᠣᠷᠣᠨ ᠤ ᠲᠠᠯᠠᠪᠠᠶ ᠨᠢ 2.5 ᠲᠡᠭᠰᠢ ᠳᠥᠷᠪᠡᠯᠵᠢᠨ ᠺᠢᠯᠣᠮᠧᠲᠷ᠂ ᠶᠡᠷᠦᠩᠬᠡᠶ ᠡᠷᠦᠬᠡ ᠶᠢᠨ ᠲᠤᠭ᠎ᠠ ᠨᠢ 735 ᠪᠠᠶᠢᠵᠤ᠂ ᠪᠥᠬᠦ ᠬᠥᠮᠦᠨ ᠠᠮᠠ ᠶᠢᠨ ᠲᠤᠭ᠎ᠠ ᠨᠢ 1934 ᠬᠥᠮᠦᠨ ᠪᠣᠯᠤᠨ᠎ᠠ᠃
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2