ᠵᠢᠨᠢᠩ ᠲᠣᠭᠤᠷᠢᠭ 2024 ᠣᠨ ᠤ ᠭᠤᠣᠯᠳᠠᠯᠭ᠎ᠠ ᠲᠠᠢ ᠠᠵᠢᠯ ᠤᠨ ᠰᠣᠨᠢᠨ ᠮᠡᠳᠡᠭᠡᠨ ᠤ ᠤᠬᠠᠭᠤᠯᠭ᠎ᠠ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/17
    4 ᠳ᠋ᠦ᠋ᠭᠡᠷ ᠰᠠᠷ᠎ᠠ ᠶᠢᠨ 15᠎ ᠤ ᠡᠳᠦᠷ ᠤᠨ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ 2024 ᠣᠨ ᠤ ᠭᠤᠤᠯᠳᠠᠯᠭ᠎ᠠ ᠲᠠᠢ ᠠᠵᠢᠯ ᠤᠨ ᠰᠣᠨᠢᠨ ᠮᠡᠳᠡᠭᠡᠨ ᠤ ᠤᠬᠠᠭᠤᠯᠭ᠎ᠠ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠵᠤ ᠂  ᠠᠮᠵᠢᠯᠲᠠ ᠪᠠᠨ ᠳ᠋ᠦᠩᠨᠡᠨ᠂ ᠬᠦᠷᠦᠯᠴᠡᠬᠦ ᠥᠬᠡᠶ ᠲᠠᠯ᠎ᠠ ᠪᠠᠨ ᠡᠷᠢᠵᠦ᠂ ᠪᠠᠶᠢᠳᠠᠯ ᠢ ᠵᠠᠳᠠᠯᠵᠤ᠂ ᠡᠭᠦᠷᠭᠡ ᠪᠠᠨ ᠲᠣᠳᠣᠷᠬᠠᠶᠢᠯᠠᠨ᠂ ᠮᠠᠨ ᠤ  ᠲᠤᠭᠤᠷᠢᠭ ᠤᠨ ᠰᠣᠨᠢᠨ ᠮᠡᠳᠡᠭᠡᠨ ᠤ ᠤᠬᠠᠭᠤᠯᠭ᠎ᠠ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠬᠦᠴᠦᠯᠡᠨ ᠠᠬᠢᠭᠤᠯᠪᠠ᠃      ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠵᠢᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠷᠠᠯ ᠳᠡᠭᠡᠷ᠎ᠡ᠂  ᠲᠤᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ‌ᠨᠢᠭᠡᠴᠢ ᠶᠢᠨ ᠬᠠᠷᠢᠭᠤᠴᠠᠯᠭᠠᠲᠠᠨ 2024 ᠣᠨ ᠤ ᠰᠣᠨᠢᠨ ᠮᠡᠳᠡᠭᠡᠨ ᠤ ᠤᠬᠠᠭᠤᠯᠭ᠎ᠠ ᠶᠢᠨ ᠭᠤᠤᠯᠳᠠᠯᠭ᠎ᠠ ᠪᠠ ᠠᠵᠢᠯ ᠤᠨ ᠲᠥᠯᠥᠪᠯᠡᠭᠡ ᠪᠠᠨ ᠬᠠᠷᠢᠭᠤ ᠮᠡᠳᠡᠭᠦᠯᠵᠦ᠂ ᠵᠢᠨᠢᠩ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠲᠡᠷᠢᠭᠦᠨ ᠤ ᠲᠤᠷᠰᠢᠯᠭ᠎ᠠ ᠪᠠᠨ ᠬᠤᠪᠢᠶᠠᠯᠴᠠᠪᠠ᠃   ᠲᠤᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠬᠠᠮᠢᠶ᠎ᠠ ᠪᠥᠬᠦᠶ ᠬᠠᠷᠢᠭᠤᠴᠠᠯᠭᠠᠲᠠᠨ 2023 ᠣᠨ ᠤ ᠮᠠᠨ ᠤ ᠲᠤᠭᠤᠷᠢᠭ ᠤᠨ ᠭᠠᠳᠠᠭᠠᠳᠤ ᠤᠬᠠᠭᠤᠯᠭ᠎ᠠ ᠶᠢᠨ ᠠᠵᠢᠯ ᠤᠨ ᠪᠠᠶᠢᠳᠠᠯ ᠢ ᠮᠡᠳᠡᠭᠳᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠤᠨ ᠰᠠᠨᠠᠭᠤᠯᠭ᠎ᠠ ᠳᠤᠷᠠᠳᠪᠠ ᠃  ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ᠂ ᠵᠠᠰᠠᠭ ᠤᠨ ᠣᠷᠳᠣᠨ ᠤ ᠠᠯᠪᠠᠨ ᠬᠡᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠭᠤᠤᠯᠳᠠᠯᠭ᠎ᠠ ᠲᠠᠢ ᠠᠵᠢᠯ ᠤᠨ ᠰᠣᠨᠢᠨ ᠮᠡᠳᠡᠭᠡᠨ ᠤ ᠤᠬᠠᠭᠤᠯᠭ᠎ᠠ ᠶᠢ ᠰᠠᠶᠢᠲᠤᠷ ᠬᠢᠬᠦ ᠲᠤᠬᠠᠶ  ᠵᠢᠭᠠᠭᠰᠠᠨ ᠨᠢ᠂ ᠡᠯ᠎ᠡ ᠰᠠᠯᠠᠭ᠎ᠠ ᠮᠥᠴᠢᠷ᠂  ᠨᠢᠭᠡᠴᠢ ᠶᠢᠨ ᠬᠢᠨ ᠤᠬᠠᠭᠤᠯᠭ᠎ᠠ ᠶᠢᠨ ᠠᠵᠢᠯ ᠢ ᠰᠠᠶᠢᠲᠤᠷ ᠠᠳᠬᠤᠬᠤ ᠰᠠᠨᠠᠭᠠᠴᠢᠯᠠᠭᠠᠲᠤ ᠴᠢᠨᠠᠷ᠂ ᠤᠬᠠᠮᠰᠠᠷᠲᠤ ᠴᠢᠨᠠᠷ ᠪᠣᠯᠤᠨ ᠪᠠᠴᠢᠮ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾᠎ ᠢ ᠬᠡᠷᠡᠭᠵᠢᠭᠦᠯᠬᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠵᠡᠷᠭᠡ ᠭᠤᠣᠯ ᠠᠵᠢᠯ ᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠰ ᠰᠠᠯᠠᠭ᠎ᠠ ᠮᠥᠴᠢᠷ᠂ ᠲᠣᠰ ᠠᠵᠢᠯ ᠲᠥᠷᠥᠯ᠂ ᠲᠣᠰ ᠬᠦᠷᠢᠶᠡᠨ ᠳᠠᠬᠢ ᠠᠵᠢᠯ ᠤᠨ ᠬᠢᠯᠠᠰ ᠴᠡᠭ ᠪᠠ ᠲᠤᠷᠰᠢᠯᠭ᠎ᠠ ᠠᠷᠭ᠎ᠠ ᠬᠢᠳᠡᠯ ᠢ ᠴᠠᠭ ᠲᠤᠬᠠᠶ ᠳᠤᠨᠢ ᠠᠭᠤᠳᠠᠯᠤᠨ ᠪᠣᠯᠪᠠᠰᠤᠷᠠᠭᠤᠯᠵᠤ᠂ ᠰᠣᠨᠢᠨ ᠮᠡᠳᠡᠭᠡ ᠤᠬᠠᠭᠤᠯᠭ᠎ᠠ ᠶᠢᠨ ᠰᠠᠯᠠᠭ᠎ᠠ ᠮᠥᠴᠢᠷ ᠪᠠ ᠳᠡᠭᠡᠳᠦ ᠱᠠᠲᠤᠨ ᠤ ᠵᠠᠭᠤᠴᠢᠯᠠᠭᠤᠷ ᠯᠤᠭ᠎ᠠ ᠶᠢᠨ ᠨᠡᠪᠲᠡᠷᠡᠯᠴᠡᠭᠡ ᠵᠣᠯᠭᠠᠯᠴᠠᠭ᠎ᠠ ᠶᠢ ᠴᠢᠩᠭᠠᠳᠬᠠᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠤᠬᠠᠭᠤᠯᠭ᠎ᠠ ᠶᠢᠨ ᠲᠠᠪᠴᠠᠩ ᠢ ᠰᠠᠶᠢᠲᠤᠷ ᠨᠢᠭᠡᠳᠦᠯᠲᠡᠶ ᠲᠥᠯᠥᠪᠯᠡᠵᠦ᠂ ᠮᠠᠨ ᠤ ᠲᠤᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠠᠮᠢᠳᠤᠯᠢᠭ ᠦᠶᠯᠡᠳᠦᠯᠭᠡ ᠶᠢ ᠪᠥᠬᠦ ᠲᠠᠯ᠎ᠠ ᠪᠠᠷ᠂ ᠣᠯᠠᠨ ᠬᠠᠷᠠᠭᠠᠰᠤ ᠠᠴᠠ ᠢᠯᠡᠷᠡᠭᠦᠯᠵᠦ ᠂ ᠰᠢᠨ᠎ᠡ ᠪᠠᠶᠢᠳᠠᠯ ᠳᠣᠤᠷᠠᠬᠢ ᠮᠠᠨ ᠤ ᠲᠤᠭᠤᠷᠢᠭ ᠤᠨ ᠰᠣᠨᠢᠨ ᠮᠡᠳᠡᠭᠡ ᠤᠬᠠᠭᠤᠯᠭ᠎ᠠ ᠶᠢᠨ ᠠᠵᠢᠯ ᠢ ᠬᠦᠴᠦᠯᠡᠨ ᠰᠠᠶᠢᠲᠤᠷ ᠬᠢᠨ᠎ᠠ᠃       ᠬᠤᠷᠠᠯ ᠠᠴᠠ ᠴᠢᠬᠤᠯᠠᠴᠢᠯᠠᠭᠰᠠᠨ ᠨᠢ᠂ ᠵᠠᠭᠤᠴᠢᠯᠠᠭᠤᠷ ᠤᠨ ᠭᠦᠨᠵᠡᠭᠡᠢ ᠠᠭᠤᠰᠤᠯᠴᠠᠯ ᠢ ᠦᠷᠭᠦᠯᠵᠢᠯᠡᠨ ᠠᠬᠢᠭᠤᠯᠵᠤ᠂ ᠬᠠᠮ ᠵᠠᠭᠤᠴᠢᠯᠠᠭᠤᠷ ᠤᠨ ᠳᠠᠮᠵᠢᠭᠤᠯᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ︽ᠠᠭᠤᠰᠤᠯᠴᠠᠬᠤ︾ ︽ᠨᠢᠭᠡᠳᠬᠡᠬᠦ︾ ︽ᠰᠢᠨ᠎ᠡ  ᠶᠢ  ᠡᠭᠦᠳᠬᠦ︾ ︽ᠬᠠᠮᠢᠶᠠᠷᠬᠤ︾ ᠠᠵᠢᠯ ᠢ ᠰᠠᠶᠢᠲᠤᠷ ᠬᠢᠵᠦ᠂ ᠴᠢᠳᠠᠪᠤᠷᠢᠲᠠᠨ ᠤ ᠡᠩᠨᠡᠭᠡ᠂ ᠳᠠᠮᠵᠢᠭᠤᠯᠭ᠎ᠠ ᠶᠢᠨ ᠴᠢᠳᠠᠪᠤᠷᠢ᠂ ᠬᠠᠮ ᠵᠠᠭᠤᠴᠢᠯᠠᠭᠤᠷ ᠤᠨ ᠵᠢᠭᠰᠠᠭᠠᠯ ᠤᠨ ᠪᠠᠶᠢᠭᠤᠯᠤᠯᠲᠠ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠨᠢᠭᠡ ᠢᠵᠢ ᠰᠤᠷᠪᠤᠯᠵᠢᠯᠠᠬᠤ᠂ ᠤᠯᠠᠨ ᠢᠵᠢ ᠲᠥᠰᠦᠯ ᠢ ᠤᠬᠠᠭᠤᠯᠬᠤ ᠶᠢ ᠪᠡᠶᠡᠯᠡᠭᠦᠯᠵᠦ᠂ ᠤᠯᠠᠨ ᠲᠦᠮᠡᠨ ᠲᠠᠢ ᠤᠶᠢᠷᠠᠳᠤᠭᠰᠠᠨ᠂ ᠦᠵᠡᠭᠳᠡᠬᠦ᠋ᠢᠴᠡ᠂ ᠳᠠᠮᠵᠢᠭᠤᠯᠭ᠎ᠠ ᠶᠢᠨ ᠴᠢᠨᠠᠷ ᠢᠶᠠᠷ ᠴᠢᠩᠭ᠎ᠠ ᠰᠣᠨᠢᠨ ᠮᠡᠳᠡᠭᠡᠨ ᠤ ᠪᠦᠲᠦᠭᠡᠭᠳᠡᠬᠦᠨ ᠢ ᠢᠯᠡᠭᠦᠬᠡᠨ ᠪᠦᠳᠦᠭᠡᠬᠦ ᠬᠡᠷᠡᠭᠲᠡᠢ ᠭᠡᠵᠦ ᠴᠢᠬᠤᠯᠠᠴᠢᠯᠠᠪᠠ᠃ ︽ᠢᠯᠡ ᠠᠳᠠᠯᠢᠳᠬᠠᠬᠤ︾ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠵᠠᠭᠤᠴᠢᠯᠠᠭᠤᠷ ᠤᠨ ᠲᠦᠷᠦᠯ ᠲᠡᠮᠳᠡᠭ ᠢ ᠡᠭᠦᠳᠴᠦ᠂ ᠵᠠᠰᠠᠭ ᠤᠨ ᠶᠠᠪᠤᠳᠠᠯ ᠤᠨ ᠲᠦᠷᠦᠯ ᠤᠨ ᠰᠢᠨ᠎ᠡ ᠵᠠᠭᠤᠴᠢᠯᠠᠭᠤᠷ ᠤᠨ ᠳᠠᠩᠰᠠᠨ ᠤ ᠨᠣᠮᠧᠷ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃  ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂  ᠨᠢᠭᠡᠴᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      ᠨᠠᠶᠢᠷᠠᠭᠤᠯᠤᠭᠴᠢ᠄ ᠸᠠᠩ ᠵᠢᠩ ᠵᠢᠩ᠂ ᠴᠢᠶᠤᠤ ᠮᠢᠨ ᠮᠢᠨ             ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2