ᠵᠢᠨᠢᠩ ᠲᠣᠭᠤᠷᠢᠭ ᠤᠨ ᠵᠠᠰᠠᠭ ᠤᠨ ᠣᠷᠳᠣᠨ ᠤ 2024 ᠣᠨ ᠤ 8 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/17
    4 ᠰᠠᠷ᠎ᠠ ᠶᠢᠨ 16᠎ ᠤ ᠦᠳᠡ ᠶᠢᠨ ᠬᠤᠶᠢᠨ᠎ᠠ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠶ ᠷᠦᠢ ᠲᠤᠭᠤᠷᠢᠭ ᠤᠨ  ᠵᠠᠰᠠᠭ ᠤᠨ ᠣᠷᠳᠣᠨ ᠤ 2024 ᠣᠨ ᠤ 8 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ︽ᠪᠥᠬᠦ ᠨᠠᠮ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠮᠡᠳᠡᠭᠳᠡᠯ︾ ᠪᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠵᠢᠴᠢ  ᠲᠤᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ︾᠎ ᠶᠢ ᠰᠤᠳᠤᠯᠤᠨ ᠬᠢᠨᠠᠨ ᠵᠥᠪᠯᠡᠵᠦ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ  ᠪᠠᠶᠢᠷᠢᠯᠠᠭᠤᠯᠵᠠᠢ᠃     ᠬᠤᠷᠠᠯ ᠠᠴᠠ  ᠵᠢᠭᠠᠭᠰᠠᠨ ᠨᠢ ᠂ ᠪᠦᠬᠦ ᠨᠠᠮ ᠤᠨ ᠬᠡᠪᠴᠢᠶᠡᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠨᠠᠮ ᠤᠨ ᠲᠥᠪ  ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠮᠥᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠪᠦᠷᠢᠯᠳᠦᠬᠦᠨ ᠨᠡᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠤᠰ ᠤᠳᠠᠭᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢᠶᠠᠷ ᠲᠣᠬᠢᠶᠠᠯ ᠪᠣᠯᠭᠠᠨ᠂ ᠲᠤᠰ ᠪᠡᠶ᠎ᠡ ᠪᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭ᠎ᠠ ᠠᠳᠬᠤᠵᠤ᠂ ᠴᠢᠩᠭ᠎ᠠ ᠲᠣᠳᠣᠷᠬᠠᠶ ᠰᠠᠬᠢᠯᠭ᠎ᠠ ᠪᠠᠲᠤ ᠪᠠᠷ ︽ᠬᠤᠶᠠᠷ ᠢ ᠲᠣᠭᠲᠠᠭᠠᠬᠤ︾᠎ ᠶᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠬᠦ ᠬᠡᠷᠡᠭᠲᠡᠶ᠃     ᠬᠤᠷᠠᠯ ᠠᠴᠠ ᠴᠢᠬᠤᠯᠠᠴᠢᠯᠠᠭᠰᠠᠨ ᠨᠢ ᠂ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾᠎ ᠶᠢ ᠦᠨᠡᠨ ᠬᠦ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠭᠠᠷᠳᠠᠨ ᠱᠠᠳᠤ ᠱᠠᠳᠤ ᠪᠠᠷ ᠦᠯᠢᠭᠡᠷ ᠵᠢᠱᠢᠶ᠎ᠡ ᠦᠵᠡᠭᠦᠯᠵᠦ᠂ ᠬᠡᠷᠡᠭ ᠢᠶᠠᠷ ᠰᠤᠷᠤᠯᠴᠠᠯᠭ᠎ᠠ ᠶᠢ ᠠᠬᠢᠭᠤᠯᠬᠤ ᠶᠢ ᠰᠠᠶᠢᠲᠤᠷ ᠠᠳᠬᠤᠵᠤ᠂ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠨ ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠢ  ᠰᠤᠷᠤᠯᠴᠠᠵᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠶ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠶᠢ ᠬᠥᠲᠥᠯᠥᠨ ᠵᠢᠯᠣᠭᠤᠳᠬᠤ ᠬᠡᠷᠡᠭᠲᠡᠶ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠭᠤᠣᠯ ᠬᠠᠷᠢᠭᠤᠴᠠᠯᠭ᠎ᠠ ᠭᠤᠣᠯ ᠠᠵᠢᠯ ᠲᠠᠢ ᠤᠶᠠᠯᠳᠤᠭᠤᠯᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠠᠢ ᠤᠶᠠᠯᠳᠤᠭᠤᠯᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠵᠡᠷᠭᠡ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ ᠣᠳᠣᠬᠢᠴᠢᠯᠠᠭᠰᠠᠨ ᠵᠢᠨᠢᠩ ᠢ ᠪᠦᠳᠦᠭᠡᠨ ᠪᠠᠶᠢᠭᠤᠯᠬᠤ ᠪᠣᠳᠠᠲᠠᠢ ᠠᠵᠢᠯᠯᠠᠭ᠎ᠠ ᠪᠣᠯᠤᠨ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃      ᠨᠠᠶᠢᠷᠠᠭᠤᠯᠤᠭᠴᠢ᠄ ᠸᠠᠩ ᠵᠢᠩ ᠵᠢᠩ᠂ ᠴᠢᠶᠤᠤ ᠮᠢᠨ ᠮᠢᠨ     ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2