ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠦᠴᠦᠨ ᠦᠭᠡᠢ ᠪᠣᠯᠭᠠᠬᠤ ᠪᠠᠷ ᠨᠡᠶᠢᠲᠡᠯᠡᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2024/4/17
   ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 262 ᠳ᠋ᠤᠭᠠᠷ ᠲᠣᠭᠠᠲᠤ︶᠎ ᠶᠢᠨ ᠲᠣᠭᠲᠠᠭᠠᠯ ᠢ ᠦᠨᠳᠦᠰᠦᠯᠡᠨ᠂ ︽ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠶᠯ ᠤᠨ ᠬᠠᠮᠢᠶᠠᠷᠤᠯᠲᠠ ᠶᠢᠨ ᠠᠷᠭ᠎ᠠ ᠶᠢᠨ ᠮᠡᠳᠡᠭᠳᠡᠯ︾ ︵ᠵᠢᠨᠢᠩ ᠵᠠᠰᠠᠭ ᠠᠯᠪᠠᠨ ︹ 2018 ︺ 79 ᠳ᠋ᠦ᠋ᠭᠡᠷ ᠲᠣᠭᠠᠲᠤ︶᠎ ᠤᠨ ᠪᠢᠴᠢᠭ ᠮᠠᠲ᠋ᠧᠷᠢᠶᠠᠯ ᠢ ᠬᠦᠴᠦᠨ ᠥᠬᠡᠶ ᠪᠣᠯᠭᠠᠵᠤ᠂ ᠳᠠᠬᠢᠨ ᠵᠠᠰᠠᠪᠤᠷᠢ ᠣᠷᠣᠭᠤᠯᠤᠭᠰᠠᠨ ᠤ ᠳᠠᠷᠠᠭ᠎ᠠ ᠨᠡᠶᠢᠲᠡᠯᠡᠬᠦ ᠪᠠᠷ ᠲᠣᠭᠲᠠᠪᠠ᠃ ᠲᠣᠰ ᠡᠳᠦᠷ ᠠᠴᠠ ᠡᠬᠢᠯᠡᠨ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠶᠯ ᠤᠨ ᠬᠠᠮᠢᠶᠠᠷᠤᠯᠲᠠ ᠶᠢ ︽ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 712 ᠳ᠋ᠤᠭᠠᠷ ᠲᠣᠭᠠᠲᠤ︶᠎ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠵᠦ ᠪᠣᠯᠤᠨ᠎ᠠ᠃      ᠬᠦᠴᠦᠨ ᠦᠭᠡᠢ ᠪᠣᠯᠭᠠᠬᠤ ᠪᠠᠷ ᠵᠠᠷᠯᠠᠭᠳᠠᠭᠰᠠᠨ ᠵᠢᠷᠤᠮᠵᠢᠯ  ᠤᠨ ᠴᠢᠨᠠᠷᠲᠠᠶ ᠪᠢᠴᠢᠭ  ᠮᠠᠲ᠋ᠧᠷᠢᠶᠠᠯ ᠪᠥᠬᠦᠨ  ᠢ ᠲᠤᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠬᠦ ᠪᠠᠨ ᠴᠥᠮ ᠵᠣᠭᠰᠣᠭᠠᠬᠤ ᠬᠡᠷᠡᠭᠲᠡᠶ᠃ ᠡᠯ᠎ᠡ  ᠨᠢᠭᠡᠴᠢ ᠨᠦᠭᠦᠳ ᠡᠨᠡ ᠬᠦ ᠪᠢᠴᠢᠭ ᠮᠠᠲ᠋ᠧᠷᠢᠶᠠᠯ ᠢᠶᠠᠷ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠨᠳᠦᠰᠦ ᠪᠠᠷᠢᠮᠲᠠ ᠪᠣᠯᠭᠠᠵᠤ ᠪᠣᠯᠬᠤ ᠤᠶᠢᠭᠡᠢ᠃               ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ               2024 ᠣᠨ ᠤ 4 ᠰᠠᠷ᠎ᠠ ᠶᠢᠨ 11᠎ ᠤ ᠡᠳᠦᠷ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2