| | | | | | | | 4 ᠰᠠᠷ᠎ᠠ ᠶᠢᠨ 17 ᠤ ᠦᠳᠡ ᠶᠢᠨ ᠡᠮᠦᠨ᠎ᠡ᠂ ᠵᠢᠨᠢᠩ ᠲᠣᠭᠤᠷᠢᠭ ᠤᠳᠤᠷᠢᠳᠬᠤ ᠺᠠᠳ᠋ᠷᠴᠤᠳ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠵᠢᠴᠢ ᠰᠢᠯᠢᠳᠡᠭ | ᠵᠠᠯᠠᠭᠤ ᠺᠠᠳ᠋ᠷᠴᠤᠳ ᠤᠨ ᠲᠤᠰᠬᠠᠢ ᠰᠡᠳᠦᠪᠲᠦ ᠪᠣᠯᠪᠠᠰᠤᠷᠠᠯ ᠤᠨ ᠠᠩᠬᠢ ᠰᠤᠷᠤᠯᠭ᠎ᠠ ᠡᠬᠢᠯᠡᠪᠡ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ | ᠱᠦᠵᠢ ᠵᠠᠩ ᠶᠦᠩ ᠸᠧᠨ ᠬᠤᠷᠠᠯ ᠳᠤ ᠣᠷᠣᠯᠴᠠᠵᠤ ᠮᠡᠳᠡᠭᠦᠯᠦᠯᠲᠡ ᠬᠢᠵᠡᠶ᠃ ᠲᠤᠭᠤᠷᠢᠭ ᠤᠨ ᠨᠠᠮ ᠤᠨ | ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠶ ᠷᠦᠢ ᠬᠤᠷᠠᠯ ᠡᠷᠭᠢᠯᠡᠪᠡ᠃ | ᠵᠠᠩ ᠶᠦᠩ ᠸᠧᠨ ᠬᠡᠯᠡᠭᠰᠡᠨ ᠨᠢ᠂ ᠣᠳᠣᠬᠠᠨ ᠳᠤ ᠮᠠᠨ ᠤ ᠲᠤᠭᠤᠷᠢᠭ ᠶᠠᠭ ᠬᠡᠯᠪᠡᠷᠢ ᠪᠠᠨ ᠬᠤᠪᠢᠷᠠᠭᠤᠯᠤᠨ | ᠲᠡᠰ ᠳᠡᠪᠰᠢᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠂ ᠪᠢᠳᠡ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢᠨ ᠠᠴᠢ ᠬᠤᠯᠪᠣᠭᠳᠠᠯ ᠢ ᠭᠦᠢᠴᠡᠳ | ᠲᠠᠨᠢᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠠᠷ ᠬᠦᠴᠦᠯᠡᠬᠦ ᠴᠡᠭ ᠪᠣᠯᠭᠠᠵᠤ᠂ | ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠤᠯᠠᠮᠵᠢᠯᠠᠯᠲᠤ ᠠᠵᠤ ᠦᠢᠯᠡᠰ ᠢ ᠲᠦᠷᠭᠡᠳᠬᠡᠵᠦ᠂ ᠳᠠᠪᠠᠭᠤᠯᠢᠭ | ᠠᠵᠤ ᠦᠢᠯᠡᠰ ᠢ ᠪᠠᠬᠢᠵᠢᠭᠦᠯᠦᠨ ᠳᠡᠭᠡᠭᠰᠢᠯᠡᠭᠦᠯᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ | ᠪᠤᠵᠠᠭᠠᠶᠢᠷᠠᠭᠤᠯᠵᠤ᠂ ᠢᠷᠡᠭᠡᠳᠦᠢ ᠶᠢᠨ ᠠᠵᠤ ᠦᠢᠯᠡᠰ ᠢ ᠪᠠᠶᠢᠷᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠠᠵᠤ | ᠦᠢᠯᠡᠰ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠢ ᠃ ᠠᠵᠤ ᠠᠬᠤᠶᠢᠯᠠᠯ ᠤᠨ ᠭᠤᠣᠯ ᠴᠣᠭᠴᠠ ᠶᠢᠨ ᠪᠠᠶᠢᠷᠢ | ᠰᠠᠭᠤᠷᠢ ᠶᠢ ᠴᠢᠩᠭᠠᠳᠬᠠᠵᠤ᠂ ᠴᠢᠳᠠᠪᠤᠷᠢᠲᠠᠨ ᠢ ᠦᠯᠡᠳᠡᠭᠡᠬᠦ ᠲᠣᠭᠲᠠᠴᠠ ᠶᠢ ᠪᠦᠷᠢᠨᠰᠢᠬᠦᠯᠵᠦ᠂ ᠰᠢᠨ᠎ᠡ ᠶᠢ ᠡᠭᠦᠳᠬᠦ | ᠲᠠᠪᠴᠠᠩ ᠤᠨ ᠴᠢᠳᠠᠪᠤᠷᠢ ᠶᠢᠨ ᠳᠡᠰ ᠢ ᠳᠡᠭᠡᠭᠰᠢᠯᠡᠭᠦᠯᠵᠦ᠂ ᠰᠢᠨ᠎ᠡ ᠦᠢᠯᠡᠳᠪᠦᠷᠢᠯᠡᠯ ᠤᠨ ᠬᠦᠴᠦᠨ ᠳᠤ ᠵᠣᠬᠢᠴᠠᠭᠰᠠᠨ | ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠲᠤᠯᠭᠠᠭᠤᠷᠢᠯᠠᠯ ᠤᠨ ᠰᠢᠰᠲ᠋ᠧᠮ ᠢ ᠬᠦᠴᠦᠯᠡᠨ ᠪᠠᠶᠢᠭᠤᠯᠬᠤ | ᠬᠡᠷᠡᠭᠲᠡᠢ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ | ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ ᠬᠢᠵᠦ᠂ ᠦᠨᠡᠨᠬᠦ ᠠᠳᠬᠤᠵᠤ ᠪᠣᠳᠠᠲᠠᠢ ᠠᠵᠢᠯᠯᠠᠬᠤ ᠳᠤᠮᠳᠠ ᠡᠯ᠎ᠡ | ᠵᠦᠢᠯ ᠤᠨ ᠠᠵᠢᠯ ᠦᠢᠯᠡᠰ ᠤᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠲᠥᠪᠯᠡᠷᠡᠭᠦᠯᠦᠨ | ᠰᠤᠷᠤᠯᠴᠠᠵᠤ ᠰᠤᠳᠤᠯᠤᠨ ᠶᠠᠷᠢᠯᠴᠠᠬᠤ ᠠᠵᠠ ᠲᠣᠬᠢᠶᠠᠯ ᠢ ᠨᠠᠨᠳᠢᠩᠨᠠᠵᠤ᠂ ᠰᠤᠷᠤᠯᠴᠠᠬᠤ ᠤᠬᠠᠮᠰᠠᠷ ᠢᠶᠠᠨ | ᠳᠡᠭᠡᠭᠰᠢᠯᠡᠭᠦᠯᠵᠦ᠂ ᠰᠤᠷᠤᠯᠴᠠᠯᠭ᠎ᠠ ᠶᠢᠨ ᠶᠠᠰᠤ ᠴᠢᠨᠠᠷ ᠢ ᠪᠠᠲᠤᠯᠠᠵᠤ᠂ ᠰᠤᠷᠤᠯᠴᠠᠯᠭ᠎ᠠ ᠶᠢᠨ ᠪᠣᠳᠠᠲᠤ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠴᠢᠳᠠᠪᠤᠷᠢ ᠪᠣᠯᠭᠠᠨ ᠬᠤᠪᠢᠷᠠᠭᠤᠯᠬᠤ ᠬᠡᠷᠡᠭᠲᠡᠢ᠃ | ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠨᠠᠮ ᠤᠨ ᠲᠡᠦᠬᠡ ᠨᠠᠮ ᠤᠨ | ᠪᠠᠶᠢᠭᠤᠯᠤᠯᠲᠠ ᠶᠢᠨ ᠵᠢᠭᠠᠨ ᠰᠤᠳᠤᠯᠬᠤ ᠲᠠᠰᠤᠭ ᠤᠨ ᠡᠷᠬᠢᠯᠡᠭᠴᠢ ᠯᠢᠩ ᠬᠤᠩ ᠪᠥᠸᠧ ︽ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ | ᠲᠡᠦᠬᠡᠨ ᠪᠠᠶᠢᠷᠢ ᠲᠣᠭᠲᠠᠭᠠᠯᠲᠠ ᠪᠠ ᠦᠢᠯᠡᠳᠦᠯᠭᠡ ᠶᠢᠨ ᠱᠠᠭᠠᠷᠳᠠᠯᠭ᠎ᠠ︾ ᠭᠡᠬᠦ ᠰᠡᠳᠦᠪ ᠢᠶᠠᠷ ᠶᠠᠷᠢᠶ᠎ᠠ ᠲᠠᠯᠪᠢᠵᠤ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠠᠬᠤᠢ ᠪᠠᠶᠢᠳᠠᠯ᠂ ᠲᠡᠦᠬᠡ ᠶᠢᠨ ᠪᠠᠶᠢᠷᠢ ᠲᠣᠭᠲᠠᠭᠠᠯᠲᠠ᠂ ᠦᠢᠯᠡᠳᠦᠯᠭᠡ ᠶᠢᠨ ᠱᠠᠭᠠᠷᠳᠠᠯᠭ᠎ᠠ ᠵᠡᠷᠭᠡ | ᠭᠤᠷᠪᠠᠨ ᠲᠠᠯ᠎ᠠ ᠠᠴᠠ ᠪᠣᠯᠪᠠᠰᠤᠷᠠᠯ ᠳᠤ ᠣᠷᠣᠯᠴᠠᠭᠰᠠᠳ ᠲᠤ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠬᠢᠴᠢᠶᠡᠯ | ᠣᠷᠣᠵᠤ᠂ ᠪᠣᠯᠪᠠᠰᠤᠷᠠᠯ ᠳᠤ ᠣᠷᠣᠯᠴᠠᠭᠰᠠᠳ ᠢ ᠬᠦᠳᠦᠯᠦᠨ ᠵᠢᠯᠣᠭᠤᠳᠴᠤ ᠪᠠᠶᠢᠭᠠᠳ ᠤᠳᠤ ᠦᠶ᠎ᠡ ᠶᠢᠨ ᠳᠤᠮᠳᠠᠳᠤ | ᠤᠯᠤᠰ ᠤᠨ ᠦᠢᠯᠡᠳᠦᠯᠭᠡ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠢ ᠡᠵᠡᠮᠰᠢᠭᠦᠯᠵᠦ᠂ ᠦᠵᠡᠯ ᠰᠠᠨᠠᠭ᠎ᠠ ᠪᠠᠨ | ᠴᠢᠯᠥᠭᠡᠯᠡᠨ᠂ ᠦᠨᠡᠨ ᠠᠴᠠ ᠵᠥᠪ ᠢ ᠡᠷᠢᠵᠦ᠂ ᠲᠥᠪ ᠶᠣᠰᠣ ᠶᠢ ᠪᠠᠷᠢᠮᠲᠠᠯᠠᠭᠰᠠᠨ ᠰᠠᠭᠤᠷᠢᠨ ᠳᠡᠭᠡᠷ᠎ᠡ ᠳᠠᠰᠤᠷᠠᠯᠳᠠ | ᠦᠭᠡᠢ ᠰᠢᠨ᠎ᠡ ᠶᠢ ᠡᠭᠦᠳᠦᠨ᠎ᠡ ᠭᠡᠵᠡᠢ᠃ | ᠤᠶᠢᠯᠠᠭᠠᠭᠰᠠᠠ ᠢᠶᠠᠷ᠂ ᠲᠤᠰ ᠤᠳᠠᠭ᠎ᠠ ᠶᠢᠨ ᠲᠤᠰᠬᠠᠢ ᠰᠡᠳᠦᠪᠲᠦ ᠪᠣᠯᠪᠠᠰᠤᠷᠠᠯ ᠤᠨ ᠠᠩᠬᠢ ᠬᠤᠶᠠᠷ ᠡᠳᠦᠷ | ᠶᠠᠪᠤᠭᠳᠠᠵᠤ᠂ ᠲᠤᠰᠬᠠᠢ ᠰᠡᠳᠦᠪᠲᠦ ᠲᠠᠶᠢᠯᠤᠮᠵᠢ᠂ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠡᠯᠪᠡᠷᠢ ᠪᠠᠷ | ᠶᠠᠪᠤᠭᠳᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠴᠢᠬᠤᠯᠠ | ᠥᠭᠦᠯᠡᠯᠲᠡ ᠪᠣᠯᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠪᠣᠯ ᠰᠢᠨ᠎ᠡ ᠴᠠᠭ ᠦᠶ᠎ᠡ ᠶᠢᠨ ᠬᠠᠲᠠᠭᠤ ᠶᠣᠰᠣ ᠶᠢ | ᠪᠠᠲᠤ ᠴᠡᠭᠡᠵᠢᠯᠡᠵᠦ᠂ ᠰᠢᠨ᠎ᠡ ᠴᠢᠨᠠᠷ ᠰᠠᠶᠢᠲᠠᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠠᠷ ᠴᠢᠬᠤᠯᠠ | ᠬᠦᠴᠦᠯᠡᠬᠦ ᠴᠡᠭ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | ᠲᠤᠭᠤᠷᠢᠭ ᠤᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ᠂ ᠰᠢᠭᠦᠬᠦ | ᠬᠤᠷᠢᠶ᠎ᠠ ᠪᠠᠶᠢᠴᠠᠭᠠᠬᠤ ᠬᠤᠷᠢᠶ᠎ᠠ ᠶᠢᠨ ︽ᠬᠤᠶᠠᠷ ᠳᠠᠷᠤᠭ᠎ᠠ︾ ᠵᠢᠴᠢ ᠪᠤᠰᠤᠳ ᠳᠡᠳ᠋ ᠭᠠᠵᠠᠷ ᠤᠨ ᠲᠡᠰ ᠠᠴᠠ | ᠳᠡᠭᠡᠭᠰᠢᠬᠢ ᠤᠳᠤᠷᠢᠳᠬᠤ ᠨᠥᠬᠦᠳ᠂ ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠨᠢᠭᠡᠴᠢ ᠶᠢᠨ | ᠭᠤᠣᠯ ᠬᠠᠷᠢᠭᠤᠴᠠᠯᠭᠠᠲᠠᠨ᠂ ᠪᠦᠬᠦ ᠲᠤᠭᠤᠷᠢᠭ ᠤᠨ ᠰᠢᠯᠢᠳᠡᠭ ᠵᠠᠯᠠᠭᠤ ᠺᠠᠳ᠋ᠷᠴᠤᠳ ᠣᠷᠣᠯᠴᠠᠪᠠ᠃ | ᠨᠠᠶᠢᠷᠠᠭᠤᠯᠤᠭᠴᠢ᠄ ᠸᠠᠩ ᠵᠢᠩ ᠵᠢᠩ᠂ ᠴᠢᠶᠤᠤ ᠮᠢᠨ ᠮᠢᠨ | ᠵᠢᠷᠤᠭ᠄ ᠸᠠᠩ ᠵᠢᠩ ᠵᠢᠩ᠂ ᠴᠢᠶᠤᠤ ᠮᠢᠨ ᠮᠢᠨ | ᠤᠷᠴᠢᠭᠤᠯᠤᠭᠴᠢ᠄ ᠲᠤᠶᠠᠭ᠎ᠠ | | | |