ᠵᠠᠩ ᠶᠦᠩ ᠸᠧᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠤᠨ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/18
705470.jpg
    4  ᠳ᠋ᠦ᠋ᠭᠡᠷ ᠰᠠᠷ᠎ᠠ ᠶᠢᠨ 17᠎ ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ ᠸᠧᠨ‌ᠮᠠᠨ ᠤ ᠲᠤᠭᠤᠷᠢᠭ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠪᠠ ᠠᠶᠤᠯᠭᠦᠶ ᠦᠶᠯᠡᠳᠪᠦᠷᠢᠯᠡᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃     ᠵᠠᠩ ᠶᠦᠩ ᠸᠧᠨ ᠤᠷᠢᠳ ᠬᠤᠵᠢᠳ ᠥᠪᠥᠷ ᠮᠣᠩᠭᠤᠯ ᠤᠨ ᠮᠧᠩ ᠭᠧᠨ ᠱᠠᠨ ᠳᠤᠰᠤᠨ ᠤ ᠬᠢᠵᠠᠭᠠᠷᠲᠤ ᠺᠣᠮᠫᠠᠨᠢ ᠪᠣᠯᠤᠨ ᠵᠧᠩ ᠢᠦᠢ ᠲᠦᠬᠦᠭᠡᠷᠦᠮᠵᠢᠲᠦ ᠲᠠᠷᠢᠶᠠᠯᠠᠩ ᠤᠨ ᠲᠦᠷᠦᠯ ᠵᠦᠢᠯ᠂  ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠲᠤᠬᠠᠢ ᠶᠢᠨ ᠲᠠᠯᠠᠪᠠᠢ ᠳᠤ ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠲᠦᠷᠦᠯ ᠵᠦᠢᠯ ᠤᠨ ᠲᠥᠯᠥᠪᠵᠢᠭᠦᠯᠭᠡ ᠵᠢᠷᠤᠭ ᠲᠥᠯᠥᠪᠯᠡᠭᠡ᠂ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠵᠢᠴᠢ ᠠᠶᠤᠯᠭᠦᠢ ᠦᠢᠯᠡᠳᠪᠦᠷᠢᠯᠡᠯ ᠤᠨ ᠲᠦᠷᠢᠮ ᠤᠨ ᠨᠠᠶᠢᠳᠠᠪᠤᠷᠢᠵᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃     ᠵᠠᠩ ᠶᠦᠩ ᠸᠧᠨ ᠬᠡᠯᠡᠭᠰᠡᠨ ᠨᠢ᠂ ᠠᠮᠤᠷ ᠲᠦᠪᠰᠢᠨ ᠢᠶᠠᠷ ᠬᠥᠭᠵᠢᠭᠦᠯᠬᠦ ᠤᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠴᠢᠩᠭ᠎ᠠ ᠪᠥᠭᠡᠳ ᠨᠠᠷᠢᠨ ᠨᠠᠶᠢᠳᠠᠪᠤᠷᠢᠵᠢᠭᠤᠯᠵᠤ᠂ ᠬᠠᠮᠢᠶᠠᠷᠤᠯᠲᠠ ᠶᠢᠨ ᠠᠯᠳᠠᠰᠢ ᠭᠠᠷᠬᠤ ᠶᠢ ᠬᠤᠷᠢᠭᠯᠠᠵᠤ᠂ ᠡᠯ᠎ᠡ ᠲᠦᠷᠦᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠪᠦ᠋ᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠣᠳᠣᠬᠠᠨ ᠤ ᠪᠦ᠋ᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠤᠨ ᠶᠡᠭᠡ ᠰᠠᠶᠢᠨ ᠴᠠᠭ ᠲᠣᠬᠢᠶᠠᠯ ᠢ ᠠᠮᠵᠢᠵᠤ᠂ ᠣᠷᠣᠰᠢᠵᠤ ᠪᠠᠶᠢᠭ᠎ᠠ ᠠᠰᠠᠭᠤᠳᠠᠯ ᠪᠠ ᠪᠠᠭᠤᠷᠠᠶ ᠵᠠᠩᠭᠢᠯᠠᠭ᠎ᠠ ᠳᠤ ᠴᠢᠭᠯᠡᠭᠦᠯᠦᠨ᠂ ᠠᠵᠢᠯ ᠤᠨ ᠲᠥᠯᠥᠪᠯᠡᠭᠡ ᠪᠠᠨ ᠨᠠᠷᠢᠯᠢᠬᠵᠢᠭᠤᠯᠤᠨ᠂ ᠠᠵᠢᠯ ᠤᠨ ᠠᠷᠭ᠎ᠠ ᠬᠡᠮᠵᠢᠶ᠎ᠡ ᠪᠠᠨ ᠲᠣᠳᠣᠷᠬᠠᠶᠢᠯᠠᠵᠤ᠂ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠵᠤ᠂ ᠪᠦ᠋ᠳᠦᠭᠡᠨ ᠪᠠᠶᠢᠭᠤᠯᠤᠯᠲᠠ ᠶᠢᠨ ᠵᠦᠢᠯᠡᠰ ᠢ ᠡᠷᠲᠡᠬᠡᠨ ᠪᠠᠶᠢᠭᠤᠯᠵᠤ ᠳᠠᠭᠤᠰᠬᠠᠬᠤ ᠪᠠᠷ ᠴᠢᠷᠮᠠᠶᠢᠬᠤ ᠬᠡᠷᠡᠭᠲᠡᠶ᠃ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠠᠵᠤ ᠠᠬᠤᠶᠢᠯᠠᠯ ᠤᠨ ᠨᠢᠭᠡᠴᠡ ᠨᠦᠭᠦᠳ ᠬᠠᠷᠢᠯᠴᠠᠨ ᠬᠠᠮᠵᠢᠯᠴᠠᠵᠤ᠂ ᠠᠳᠠᠯᠢ ᠴᠢᠭᠯᠡᠯ ᠢᠶᠠᠷ ᠬᠦᠴᠦᠯᠡᠵᠦ᠂ ᠬᠦᠴᠦᠨ ᠵᠦᠶᠯ ᠤᠨ ᠪᠠᠲᠤᠯᠠᠭ᠎ᠠ ᠶᠢ ᠴᠢᠩᠭᠠᠳᠬᠠᠨ᠂ ᠤᠷᠢᠳᠴᠢᠯᠠᠨ ᠰᠢᠨᠵᠢᠯᠡᠬᠦ ᠤᠬᠠᠭᠠᠨᠴᠢ ᠪᠠᠷ ᠠᠷᠭ᠎ᠠ ᠤᠬᠠᠭᠠᠨ ᠰᠦᠪᠡᠭᠴᠢᠯᠡᠵᠦ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠲᠦᠭᠵᠢᠷᠡᠯ ᠲᠠᠢ ᠠᠰᠠᠭᠤᠳᠠᠯ ᠪᠠ ᠬᠦᠴᠢᠷ ᠠᠰᠠᠭᠤᠳᠠᠯ ᠢ ᠴᠠᠭ ᠲᠤᠬᠠᠶ ᠳᠤᠨᠢ ᠰᠢᠶᠳᠪᠦᠷᠢᠯᠡᠵᠦ᠂ ᠲᠥᠷᠥᠯ ᠵᠦᠶᠯ ᠤᠨ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠮᠠᠨ ᠤ  ᠲᠤᠭᠤᠷᠢᠭ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ᠃             ᠨᠠᠶᠢᠷᠠᠭᠤᠯᠤᠭᠴᠢ᠄ ᠸᠠᠩ ᠵᠢᠩ ᠵᠢᠩ᠂ ᠴᠢᠶᠤᠤ ᠮᠢᠨ ᠮᠢᠨ            ᠵᠢᠷᠤᠭ᠄ ᠸᠠᠩ ᠵᠢᠩ ᠵᠢᠩ᠂ ᠴᠢᠶᠤᠤ ᠮᠢᠨ ᠮᠢᠨ            ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2