ᠵᠢᠨᠢᠩ ᠲᠣᠭᠤᠷᠢᠭ ᠤᠨ ᠬᠤᠲᠠ ᠶᠢᠨ ᠪᠠᠯᠠ ᠣᠷᠣᠭᠤᠯᠤᠯᠲᠠ ᠶᠢᠨ ︵ᠪᠦᠯᠦᠭᠯᠡᠯ︶ ᠺᠣᠮᠫᠠᠨᠢ ᠶᠢᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠬᠠᠪᠤᠷ ᠤᠨ ᠡᠬᠢᠯᠡᠯᠲᠡ ᠶᠢᠨ ᠠᠶᠠᠰ ᠢ ᠬᠥᠭᠵᠢᠮᠳᠡᠪᠡ
ᠨᠡᠶᠢᠲᠡᠯᠡᠭᠰᠡᠨ ᠴᠠᠭ᠄
2024/4/18
      ᠲᠣᠭᠤᠷᠢᠭ ᠤᠨ ᠬᠤᠳᠠ ᠶᠢᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠪᠦᠷᠢᠨ ᠪᠡᠯᠡᠳᠦ ᠺᠣᠮᠫᠠᠨᠢ ᠶᠢᠨ ᠵᠢᠶᠠᠨ ᠠᠨ ᠺᠣᠮᠫᠠᠨᠢ ᠶᠢᠨ ᠳᠠᠭᠠᠭᠠᠴᠢᠯᠠᠨ ᠪᠠᠶᠢᠭᠤᠯᠤᠭᠰᠠᠨ ᠵᠢᠨᠢᠩ ᠲᠣᠭᠤᠷᠢᠭ ᠤᠨ ᠶᠦᠩ ᠠᠨ ᠵᠠᠮ ᠤᠨ ᠪᠠᠭ᠎ᠠ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠨᠢᠭᠡᠨᠲᠡ ᠠᠵᠢᠯ ᠢᠶᠠᠨ ᠰᠡᠷᠭᠦᠭᠡᠵᠦ᠂ ᠮᠠᠨ ᠤ ᠺᠣᠮᠫᠠᠨᠢ ᠬᠠᠷᠠᠯᠲᠠ ᠪᠠᠨ ᠲᠣᠭᠲᠠᠭᠠᠵᠤ᠂ ᠠᠬᠢᠴᠠ ᠶᠢ ᠴᠢᠩᠭ᠎ᠠ ᠠᠩᠬᠠᠷᠴᠤ᠂ ᠲᠦᠷᠦᠯ ᠵᠦᠢᠯ ᠤᠨ ᠥᠨᠳᠥᠷ ᠦᠷ᠎ᠡ ᠪᠦᠲᠦᠮᠵᠢᠲᠡᠢ᠂ ᠥᠨᠳᠥᠷ ᠪᠠᠷᠢᠮᠵᠢᠶ᠎ᠠ ᠲᠠᠢ᠂ ᠴᠢᠨᠠᠷ ᠰᠠᠶᠢᠲᠠᠢ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠠᠢ᠃      ᠲᠤᠰ ᠲᠦᠷᠦᠯ ᠵᠦᠢᠯ ᠢ 2023 ᠣᠨ ᠤ 8 ᠰᠠᠷ᠎ᠠ ᠳᠤ ᠡᠬᠢᠯᠡᠭᠦᠯᠵᠦ᠂ ᠶᠡᠷᠦᠩᠬᠡᠢ ᠪᠠᠷᠢᠯᠭ᠎ᠠ ᠶᠢᠨ ᠲᠠᠯᠠᠪᠠᠢ ᠨᠢ 11326 ᠮᠦ ᠳᠤ ᠬᠦᠷᠴᠦ᠂ ᠪᠦᠳᠦᠭᠡᠨ ᠪᠠᠶᠢᠭᠤᠯᠤᠯᠲᠠ ᠶᠢᠨ ᠠᠭᠤᠯᠭ᠎ᠠ ᠳᠤ ᠵᠢᠭᠠᠨ ᠰᠤᠷᠭᠠᠬᠤ᠂ ᠠᠯᠪᠠᠯᠠᠬᠤ᠂ ᠲᠤᠰᠠᠯᠠᠬᠤ ᠣᠷᠣᠨ ᠰᠠᠭᠤᠴᠠ ᠵᠢᠴᠢ ᠬᠠᠷᠠᠭᠠᠯᠵᠠᠭᠰᠠᠨ ᠰᠠᠭᠤᠷᠢ ᠢᠵᠢ ᠪᠦᠷᠢᠳᠦᠭᠰᠡᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠶᠢ ᠪᠠᠭᠲᠠᠭᠠᠵᠠᠢ᠃ ᠵᠢᠭᠠᠨ ᠰᠤᠷᠭᠠᠯᠲᠠ ᠶᠢᠨ ᠠᠰᠠᠷ ᠲᠤ 24 ᠵᠢᠭᠠᠨ ᠰᠤᠷᠭᠠᠯᠲᠠ ᠶᠢᠨ ᠠᠩᠭᠢ ᠲᠣᠬᠢᠷᠠᠭᠤᠯᠵᠤ ᠪᠣᠯᠤᠨ᠎ᠠ᠂ ᠠᠩᠭᠢ ᠪᠦᠷᠢ ᠳᠤ 45 ᠬᠥᠮᠦᠨ ᠢ ᠪᠠᠭᠲᠠᠭᠠᠵᠤ᠂ ᠰᠤᠷᠭᠠᠭᠤᠯᠢ ᠳᠤ ᠣᠷᠣᠬᠤ ᠨᠠᠰᠤᠨ ᠤ 1080 ᠬᠡᠤᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠰᠢᠶᠳᠪᠦᠷᠢᠯᠡᠵᠦ ᠪᠣᠯᠤᠨ᠎ᠠ᠃     ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠪᠠᠷᠢᠯᠭ᠎ᠠ ᠶᠢᠨ ᠠᠩᠬᠢ ᠶᠢᠨ ᠬᠢᠨ ᠴᠠᠭ ᠢ ᠠᠮᠵᠢᠵᠤ᠂ ᠠᠬᠢᠴᠠ ᠶᠢ ᠠᠮᠵᠢᠵᠤ᠂ ᠪᠠᠷᠢᠯᠭ᠎ᠠ ᠶᠢᠨ ᠬᠤᠭᠤᠴᠠᠭ᠎ᠠ ᠶᠢ ᠪᠠᠲᠤᠯᠠᠵᠤ᠂ ᠲᠣᠭᠲᠠᠭᠰᠠᠨ ᠬᠠᠷᠠᠯᠲᠠ ᠵᠦᠭ ᠪᠦᠬᠦ ᠬᠦᠴᠦᠨ ᠢᠶᠠᠷ ᠢᠶᠠᠨ ᠰᠢᠪᠲᠤᠯᠤᠯᠲᠠ ᠬᠢᠵᠡᠢ᠃ ᠣᠳᠣᠬᠠᠨ ᠳᠤ᠂ ᠲᠥᠷᠥᠯ ᠵᠦᠶᠯ ᠤᠨ ᠰᠠᠭᠤᠷᠢ᠂ ᠭᠤᠤᠯ ᠴᠣᠭᠴᠠ ᠶᠢᠨ ᠪᠦᠲᠦᠴᠡ ᠶᠢ ᠨᠢᠭᠡᠨᠲᠡ ᠪᠡᠶᠡᠯᠡᠭᠦᠯᠪᠡ᠃ ᠠᠭᠤᠷᠰᠢᠭᠤᠯᠤᠨ ᠳᠠᠷᠤᠰᠢᠭᠤᠯᠤᠭᠰᠠᠨ ᠪᠤᠲ᠋ᠤᠨ ᠤ ᠪᠠᠷᠢᠯᠭ᠎ᠠ ᠶᠢᠨ ᠬᠡᠰᠡᠭ ᠢ ᠨᠢᠭᠡᠨᠲᠡ ᠲᠠᠯᠠᠪᠠᠢ ᠳᠤ ᠣᠷᠣᠭᠤᠯᠵᠤ᠂ ᠬᠤᠶᠢᠲᠤ ᠲᠠᠯ᠎ᠠ ᠶᠢᠨ ᠵᠢᠭᠠᠨ ᠰᠤᠷᠭᠠᠬᠤ ᠠᠰᠠᠷ ᠤᠨ ᠨᠢᠭᠡᠳᠦᠭᠡᠷ ᠳᠠᠪᠬᠤᠷᠯᠢᠭ ᠤᠨ ᠤᠷᠭᠤᠮᠠᠯ ᠤᠨ ᠰᠢᠷᠪᠥᠰᠥᠨ ᠤ ᠪᠠᠷᠢᠯᠭ᠎ᠠ ᠶᠢᠨ ᠬᠡᠮᠵᠢᠶ᠎ᠡ ᠶᠢᠨ 3/4᠎ ᠶᠢ ᠪᠡᠶᠡᠯᠡᠭᠦᠯᠪᠡ᠂ ᠵᠠᠯᠭᠠᠭᠠᠳ ᠬᠤᠶᠠᠷ ᠤᠳᠠᠭ᠎ᠠ ᠪᠦᠲᠦᠴᠡ ᠶᠢ ᠳᠦᠭᠦᠷᠭᠡᠵᠦ ᠬᠡᠷᠡᠮ ᠪᠠᠷᠢᠬᠤ᠂ ᠬᠤᠶᠠᠷ ᠤᠳᠠᠭ᠎ᠠ ᠪᠦᠲᠦᠴᠡ ᠶᠢᠨ ᠪᠠᠭᠠᠨ᠎ᠠ ᠶᠢᠨ ᠪᠤᠯᠤᠳ ᠰᠢᠷᠪᠥᠰᠥ ᠶᠢ ᠪᠣᠯᠪᠠᠰᠤᠷᠠᠭᠤᠯᠬᠤ᠂ ᠮᠣᠳᠣᠨ ᠠᠵᠢᠯ ᠤᠨ ᠪᠦᠲᠦᠴᠡ ᠶᠢᠨ ᠪᠠᠭᠠᠨ᠎ᠠ ᠶᠢᠨ ᠭᠤᠣᠯ ᠲᠤᠯᠬᠤ ᠬᠡᠪ ᠬᠢᠬᠦ᠂ ᠪᠦᠲᠦᠴᠡ ᠶᠢᠨ ᠪᠠᠭᠠᠨ᠎ᠠ ᠶᠢ ᠴᠢᠳᠬᠤᠬᠤ ᠵᠡᠷᠭᠡ ᠠᠵᠢᠯ ᠢ ᠬᠢᠨ᠎ᠠ᠃     ᠲᠠᠷᠠᠭᠠᠴᠢ ᠶᠢᠨ ᠠᠯᠬᠤᠮ ᠳᠤ᠂ ᠮᠠᠨ ᠤ ᠺᠣᠮᠫᠠᠨᠢ ᠨᠡᠶᠢᠭᠡᠮ ᠤᠨ ᠬᠠᠷᠢᠭᠤᠴᠠᠯᠭᠠᠲᠤ ᠤᠬᠠᠮᠰᠠᠷ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠶᠠᠰᠤ ᠴᠢᠨᠠᠷ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠳᠣᠭᠢᠷᠠᠭᠤᠯᠤᠨ ᠪᠠᠶᠢᠭᠤᠯᠬᠤ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠲᠣᠭᠲᠠᠭᠰᠠᠨ ᠬᠤᠭᠤᠴᠠᠭᠠᠨ ᠳᠠᠭᠠᠨ ᠲᠤᠰᠢᠶᠠᠬᠤ ᠶᠢ ᠦᠨᠡᠨ ᠬᠦ ᠪᠠᠲᠤᠯᠠᠵᠤ᠂ ᠡᠷᠬᠢᠨ ᠲᠣᠭᠤᠷᠢᠨ ᠤ ᠣᠷᠣᠨ ᠪᠦᠰᠡ ᠶᠢᠨ ᠰᠤᠷᠬᠤ ᠨᠠᠰᠤᠨ ᠤ ᠰᠤᠷᠤᠭᠴᠢᠳ ᠤᠨ ᠤᠷᠤᠭᠰᠢᠲᠠᠶ ᠰᠤᠷᠭᠠᠭᠤᠯᠢ ᠳᠤ ᠣᠷᠣᠬᠤ ᠶᠢ ᠪᠠᠲᠤᠯᠠᠨ᠎ᠠ᠃              ᠣᠷᠴᠢᠭᠤᠯᠤᠭᠴᠢ᠄ ᠳ᠋ᠥᠩ ᠾᠦᠢ 
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2