ᠤᠰᠤᠨ ᠴᠥᠭᠦᠷᠥᠮ ᠤᠨ ᠨᠡᠭᠦᠳᠡᠯ ᠠᠷᠠᠳ ᠢ ᠬᠢᠨᠠᠨ ᠬᠡᠮᠵᠢᠵᠦ ᠦᠨᠡᠯᠡᠨ ᠵᠢᠱᠢᠵᠦ ᠵᠢᠨᠢᠩ ᠲᠣᠭᠤᠷᠢᠭ ᠤᠨ ᠨᠡᠭᠦᠳᠡᠯ ᠠᠷᠠᠳ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/4/19
       4 ᠰᠠᠷ᠎ᠠ ᠶᠢᠨ 19᠎ ᠤ ᠡᠳᠦᠷ ᠤᠨ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ 2023 ᠣᠨ ᠤ ᠲᠣᠮᠣ ᠳᠤᠮᠳᠠ ᠬᠡᠯᠪᠡᠷᠢ ᠶᠢᠨ ᠴᠥᠭᠦᠷᠥᠮ ᠤᠨ ᠠᠷᠠᠳ ᠢ ᠨᠡᠭᠦᠯᠭᠡᠬᠦ ᠰᠡᠭᠦᠯᠴᠢ ᠶᠢᠨ ᠬᠤᠭᠤᠴᠠᠭᠠᠨ ᠤ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢ ᠬᠢᠨᠠᠨ ᠬᠡᠮᠵᠢᠵᠦ ᠦᠨᠡᠯᠡᠨ ᠵᠢᠱᠢᠬᠦ ᠰᠠᠨᠠᠯ ᠰᠣᠯᠢᠯᠴᠠᠬᠤ ᠬᠤᠷᠠᠯ ᠵᠢᠨᠢᠩ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ ᠳᠤ ᠬᠤᠷᠠᠯᠳᠤᠪᠠ᠃ ᠬᠤᠷᠠᠯ ᠢ ᠵᠢᠨᠢᠩ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠰᠢᠶᠠᠩ ᠢᠦᠶ ᠡᠷᠭᠢᠯᠡᠵᠦ᠂ ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠨᠡᠭᠦᠳᠡᠯ ᠠᠷᠠᠳ ᠤᠨ ᠨᠡᠭᠡᠭᠡᠨ ᠬᠥᠭᠵᠢᠭᠦᠯᠦᠯᠲᠡ ᠶᠢᠨ ᠲᠥᠪ ᠤᠨ ᠬᠢᠨᠠᠨ ᠬᠡᠮᠵᠢᠵᠦ ᠦᠨᠡᠯᠡᠨ ᠵᠢᠱᠢᠬᠦ ᠳᠤᠭᠤᠶᠢᠯᠠᠩ᠂ ᠵᠢᠨᠢᠩ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠭᠦᠸᠧ ᠸᠧᠶ᠂ ᠵᠢᠨᠢᠩ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠦᠶᠯᠡᠰ ᠤᠨ ᠬᠥᠭᠵᠢᠯᠲᠡ ᠶᠢᠨ ᠲᠥᠪ ᠤᠨ ᠡᠷᠬᠢᠯᠡᠭᠴᠢ ᠹᠠᠨ ᠯᠸᠢ ᠵᠢᠴᠢ ᠬᠠᠮᠢᠶ᠎ᠠ ᠪᠥᠬᠦᠶ ᠰᠲ᠋ᠣᠺ ᠤᠨ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃       2023 ᠣᠨ ᠤ ᠲᠣᠮᠣ ᠳᠤᠮᠳᠠ ᠬᠡᠯᠪᠡᠷᠢ ᠶᠢᠨ ᠤᠰᠤᠨ ᠴᠥᠭᠦᠷᠥᠮ ᠤᠨ ᠨᠡᠭᠦᠳᠡᠯ ᠠᠷᠠᠳ ᠤᠨ ᠰᠡᠭᠦᠯᠴᠢ ᠶᠢᠨ ᠬᠤᠭᠤᠴᠠᠭᠠᠨ ᠤ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢ ᠬᠢᠨᠠᠨ ᠬᠡᠮᠵᠢᠵᠦ ᠦᠨᠡᠯᠡᠨ ᠵᠢᠱᠢᠬᠦ ᠠᠵᠢᠯ ᠢ 4 ᠰᠠᠷ᠎ᠠ ᠶᠢᠨ 16᠎ ᠤ ᠡᠳᠦᠷ ᠠᠴᠠ 19᠎ ᠤ ᠡᠳᠦᠷ ᠪᠣᠯᠲᠠᠯ᠎ᠠ ᠮᠠᠨ ᠤ ᠲᠣᠭᠤᠷᠢᠭ ᠲᠤ ᠬᠢᠵᠦ᠂ ᠵᠥᠩ ᠱᠦᠶ ᠶᠢᠨ ᠨᠡᠭᠦᠳᠡᠯ ᠠᠷᠠᠳ ᠤᠨ ᠨᠡᠭᠡᠭᠡᠨ ᠬᠥᠭᠵᠢᠭᠦᠯᠬᠦ ᠲᠥᠪ ᠤᠨ ᠶᠢᠨ ᠮᠢᠨ ᠯᠢ ᠵᠡᠷᠭᠡ 5 ᠲᠤᠰᠬᠠᠶ ᠮᠡᠷᠭᠡᠵᠢᠯᠲᠡᠨ ᠮᠠᠨ ᠤ ᠲᠣᠭᠤᠷᠢᠭ ᠤᠨ 2023 ᠣᠨ ᠤ ᠲᠣᠮᠣ ᠳᠤᠮᠳᠠ ᠬᠡᠯᠪᠡᠷᠢ ᠶᠢᠨ ᠤᠰᠤᠨ ᠴᠥᠭᠦᠷᠥᠮ ᠤᠨ ᠨᠡᠭᠦᠳᠡᠯ ᠠᠷᠠᠳ ᠤᠨ ᠰᠡᠭᠦᠯᠴᠢ ᠶᠢᠨ ᠬᠤᠭᠤᠴᠠᠭᠠᠨ ᠤ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠨ ᠬᠡᠮᠵᠢᠵᠦ ᠦᠨᠡᠯᠡᠨ ᠵᠢᠱᠢᠬᠦ ᠠᠵᠢᠯ ᠢ ᠥᠷᠨᠢᠭᠦᠯᠪᠡ᠃       ᠬᠢᠨᠠᠨ ᠬᠡᠮᠵᠢᠵᠦ ᠦᠨᠡᠯᠡᠨ ᠵᠢᠱᠢᠬᠦ ᠠᠵᠢᠯ ᠤᠨ ᠳᠤᠭᠤᠶᠢᠯᠠᠩ ᠶᠠᠷᠢᠯᠴᠠᠬᠤ ᠬᠤᠷᠠᠯ ᠬᠤᠷᠠᠯᠳᠤᠭᠤᠯᠬᠤ ᠪᠠᠷ ᠳᠠᠮᠵᠢᠭᠤᠯᠤᠨ 4 ᠨᠡᠭᠦᠳᠡᠯ ᠠᠷᠠᠳ ᠤᠨ ᠦᠯᠢᠭᠡᠷ ᠬᠡᠪ ᠤᠨ ᠭᠠᠴᠠᠭᠠᠨ ᠤ ᠰᠢᠭᠤᠳ ᠨᠥᠬᠦᠪᠥᠷᠢᠯᠡᠬᠦ ᠪᠡᠯᠡ ᠮᠥᠩᠭᠦ ᠶᠢ ᠰᠠᠯᠭᠠᠨ ᠥᠭᠭᠦᠭᠰᠡᠨ ᠪᠠᠶᠢᠳᠠᠯ᠂ ᠵᠦᠢᠯᠡᠰ ᠢ ᠬᠡᠷᠡᠭᠵᠢᠭᠦᠯᠦᠭᠰᠡᠨ ᠪᠠᠶᠢᠳᠠᠯ ᠢ ᠣᠶᠢᠯᠠᠭᠠᠵᠤ᠂ ᠤᠰᠤᠨ ᠴᠥᠭᠦᠷᠥᠮ ᠤᠨ ᠨᠡᠭᠦᠳᠡᠯ ᠠᠷᠠᠳ ᠤᠨ ᠦᠯᠢᠭᠡᠷ ᠬᠡᠪ ᠤᠨ ᠭᠠᠴᠠᠭᠠᠨ ᠤ ᠦᠨᠳᠦᠰᠦᠨ ᠪᠠᠶᠢᠳᠠᠯ ᠢ ᠯᠠᠪᠯᠠᠨ ᠠᠰᠠᠭᠤᠵᠠᠶ᠃ ᠬᠢᠨᠠᠨ ᠦᠨᠡᠯᠡᠬᠦ ᠳᠤᠭᠤᠶᠢᠯᠠᠩ ᠤᠨ ᠬᠢᠨ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ᠂ ᠲᠤᠬᠠᠢ ᠶᠢᠨ ᠲᠠᠯᠠᠪᠠᠢ ᠳᠤ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠨᠡᠭᠦᠳᠡᠯ ᠠᠷᠠᠳ ᠤᠨ ᠦᠯᠢᠭᠡᠷ ᠬᠡᠪ ᠤᠨ ᠲᠣᠰᠬᠤᠨ ᠳᠤ ᠭᠦᠨᠵᠡᠭᠡᠶᠢᠷᠡᠵᠦ᠂ ᠬᠤᠯᠪᠣᠭᠳᠠᠯ ᠪᠦᠬᠦᠢ ᠲᠦᠷᠦᠯ ᠵᠦᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠶᠢᠨ ᠬᠠᠮᠲᠤ ᠰᠤᠷᠪᠤᠯᠵᠢᠯᠠᠨ ᠪᠠᠶᠢᠴᠠᠭᠠᠨ ᠰᠤᠳᠤᠯᠵᠤ᠂ ᠦᠯᠢᠭᠡᠷ ᠬᠡᠪ ᠤᠨ ᠡᠷᠦᠬᠡ ᠠᠴᠠ ᠦᠯᠢᠭᠡᠷ ᠬᠡᠪ ᠤᠨ ᠡᠷᠦᠬᠡ ᠶᠢᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ︽ᠦᠯᠢᠭᠡᠷ ᠬᠡᠪ ᠤᠨ ᠡᠷᠦᠬᠡ ᠶᠢᠨ ᠦᠨᠳᠦᠰᠦᠨ ᠪᠠᠶᠢᠳᠠᠯ ᠤᠨ ᠪᠠᠶᠢᠴᠠᠭᠠᠯᠲᠠ ᠶᠢᠨ ᠬᠦᠰᠦᠨᠦᠭᠲᠦ︾ ᠪᠠ ︽ᠨᠡᠭᠦᠳᠡᠯ ᠠᠷᠠᠳ ᠤᠨ ᠰᠡᠳᠬᠢᠯ ᠬᠠᠨᠤᠮᠵᠢ ᠶᠢᠨ ᠬᠡᠮᠵᠢᠶ᠎ᠡ ᠶᠢᠨ ᠪᠠᠶᠢᠴᠠᠭᠠᠯᠲᠠ ᠶᠢᠨ ᠬᠦᠰᠦᠨᠦᠭᠲᠦ︾᠎ ᠶᠢ ᠲᠠᠭᠯᠠᠨ ᠪᠢᠴᠢᠬᠦ ᠶᠢᠨ ᠬᠠᠮᠲᠤ ᠮᠠᠨ ᠤ ᠲᠣᠪᠴᠢᠶ᠎ᠠ ᠳᠤ ᠬᠤᠯᠪᠣᠭᠳᠠᠯ ᠪᠦᠬᠦᠢ ᠳᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠪᠡ᠃       ᠬᠢᠨᠠᠨ ᠦᠨᠡᠯᠡᠬᠦ ᠳᠤᠭᠤᠶᠢᠯᠠᠩ ᠠᠴᠠ  ᠵᠢᠭᠠᠭᠰᠠᠨ ᠨᠢ᠂ ᠵᠢᠨᠢᠩ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ ᠤᠰᠤᠨ ᠴᠥᠭᠦᠷᠥᠮ ᠤᠨ ᠠᠷᠠᠳ ᠢ ᠲᠡᠳᠬᠦᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠮᠣ ᠳᠤᠮᠳᠠ ᠬᠡᠯᠪᠡᠷᠢ ᠶᠢᠨ ᠴᠥᠭᠦᠷᠥᠮ ᠤᠨ ᠠᠷᠠᠳ ᠢ ᠨᠡᠭᠦᠯᠭᠡᠬᠦ ᠰᠡᠭᠦᠯᠴᠢ ᠶᠢᠨ ᠬᠤᠭᠤᠴᠠᠭᠠᠨ ᠤ ᠲᠡᠳᠬᠦᠬᠦ ᠲᠥᠷᠥ ᠶᠢᠨ ᠪᠣᠳᠣᠯᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠤᠨ᠂ ᠪᠥᠬᠦ ᠬᠦᠴᠦᠨ ᠢᠶᠠᠷ ᠢᠶᠠᠨ ᠬᠠᠮᠵᠢᠯᠴᠠᠵᠤ᠂ ᠪᠠᠲᠤᠯᠠᠭ᠎ᠠ ᠶᠢ ᠰᠠᠶᠢᠲᠤᠷ ᠬᠢᠵᠦ᠂ ᠬᠢᠨᠠᠨ ᠬᠡᠮᠵᠢᠵᠦ ᠦᠨᠡᠯᠡᠨ ᠵᠢᠱᠢᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠵᠤ᠂ ᠰᠡᠭᠦᠯᠴᠢ ᠶᠢᠨ ᠬᠤᠭᠤᠴᠠᠭᠠᠨ ᠤ ᠲᠡᠳᠬᠦᠬᠦ ᠠᠵᠢᠯ ᠤᠨ ᠳᠤᠮᠳᠠ ᠨᠡᠯᠢᠶᠡᠳ ᠰᠠᠶᠢᠨ ᠦᠷ᠎ᠡ ᠪᠦᠲᠦᠮᠵᠢ ᠣᠯᠵᠤ᠂ ᠨᠡᠭᠦᠳᠡᠯ ᠠᠷᠠᠳ ᠤᠨ ᠦᠶᠯᠡᠳᠪᠦᠷᠢᠯᠡᠯ ᠠᠮᠢᠳᠤᠷᠠᠯ ᠤᠨ ᠨᠥᠬᠦᠴᠡᠯ ᠢᠯᠡᠳᠲᠡ ᠰᠠᠶᠢᠵᠢᠷᠠᠨ᠂ ᠴᠥᠭᠦᠷᠥᠮ ᠤᠨ ᠣᠷᠣᠨ ᠪᠠ ᠨᠡᠭᠦᠳᠡᠯ ᠠᠷᠠᠳ ᠢ ᠲᠥᠪᠬᠢᠨᠡᠭᠦᠯᠬᠦ ᠣᠷᠣᠨ ᠤ ᠨᠡᠶᠢᠭᠡᠮ ᠡᠶ᠎ᠡ ᠵᠣᠬᠢᠴᠠᠯ ᠲᠠᠢ ᠲᠣᠭᠲᠠᠭᠤᠨ ᠪᠠᠶᠢᠵᠤ᠂ ᠨᠡᠭᠦᠳᠡᠯ ᠠᠷᠠᠳ ᠤᠨ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠨᠡᠯᠢᠶᠡᠳ ᠥᠨᠳᠥᠷ ᠪᠣᠯᠪᠠ︔ ᠠᠷᠠᠳ ᠢ ᠨᠡᠭᠦᠯᠭᠡᠬᠦ ᠲᠥᠷᠥᠯ ᠵᠦᠢᠯ ᠪᠣᠯᠤᠨ ᠪᠡᠯᠡ ᠮᠥᠩᠭᠦ  ᠶᠢᠨ ᠬᠠᠮᠢᠶᠠᠷᠤᠯᠲᠠ ᠨᠡᠯᠢᠶᠡᠳ ᠵᠢᠷᠤᠮᠵᠢᠭᠰᠠᠨ ᠪᠠᠶᠢᠨ᠎ᠠ᠃ ᠡᠭᠦᠨ ᠤ ᠬᠠᠮᠲᠤ ᠮᠠᠨ ᠤ ᠲᠣᠪᠴᠢᠶ᠎ᠠ ᠶᠢᠨ ᠠᠷᠠᠳ ᠢ ᠨᠡᠭᠦᠯᠭᠡᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠳᠤ ᠡᠷᠬᠢᠮ ᠨᠠᠨᠳᠢᠨ ᠰᠠᠨᠠᠯ ᠪᠠ ᠰᠠᠨᠠᠭᠤᠯᠭ᠎ᠠ ᠳᠤᠷᠠᠳᠤᠭᠰᠠᠨ ᠪᠠᠶᠢᠨ᠎ᠠ᠃       2024 ᠣᠨ ᠳᠤ᠂ ᠵᠢᠨᠢᠩ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠤᠰᠤᠨ ᠴᠥᠭᠦᠷᠥᠮ ᠤᠨ ᠠᠷᠠᠳ ᠢ ᠨᠡᠭᠦᠯᠭᠡᠬᠦ ᠰᠡᠭᠦᠯᠴᠢ ᠶᠢᠨ ᠬᠤᠭᠤᠴᠠᠭᠠᠨ ᠤ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢᠨ ᠬᠠᠷᠠᠯᠲᠠ ᠪᠠ ᠬᠢᠨᠠᠨ ᠬᠡᠮᠵᠢᠵᠦ ᠦᠨᠡᠯᠡᠨ ᠵᠢᠱᠢᠵᠦ ᠬᠠᠷᠢᠭᠤ ᠲᠤᠰᠬᠠᠭᠰᠠᠨ ᠦᠷ᠎ᠡ ᠳ᠋ᠦᠩ ᠲᠠᠢ ᠨᠢᠭᠲᠠ ᠤᠶᠠᠯᠳᠤᠭᠤᠯᠤᠨ᠂ ᠬᠢᠯᠠᠰ ᠴᠢᠭ ᠢ ᠳᠣᠪᠤᠶᠢᠯᠭᠠᠵᠤ᠂ ᠲᠤᠷᠰᠢᠯᠭ᠎ᠠ ᠪᠠᠨ ᠳ᠋ᠦᠩᠨᠡᠨ᠂ ᠳᠤᠲᠠᠭᠳᠠᠯ ᠢᠶᠠᠨ ᠨᠥᠬᠦᠪᠥᠷᠢᠯᠡᠵᠦ ᠦᠷ᠎ᠡ ᠠᠰᠢᠭ ᠢᠶᠠᠨ ᠨᠡᠮᠡᠭᠳᠡᠭᠦᠯᠵᠦ᠂ ᠲᠥᠷᠥᠯ ᠵᠦᠶᠯ ᠤᠨ ᠬᠢᠨᠠᠯᠲᠠ ᠪᠠᠶᠢᠴᠠᠭᠠᠯᠲᠠ ᠪᠠ ᠪᠠᠯᠠ ᠮᠥᠩᠭᠦ ᠶᠢᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠠᠷᠠᠳ ᠢᠶᠠᠷ ᠦᠨᠳᠦᠰᠦ ᠪᠣᠯᠭᠠᠬᠤ ᠶᠢ ᠴᠢᠬᠤᠯᠠᠴᠢᠯᠠᠨ᠂ ᠠᠷᠠᠳ ᠢ ᠨᠡᠭᠦᠯᠭᠡᠬᠦ ᠦᠶᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠵᠢᠨᠢᠩ ᠲᠣᠭᠤᠷᠢᠭ ᠤᠨ ᠠᠷᠠᠳ ᠢ ᠨᠡᠭᠦᠯᠭᠡᠬᠦ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠤᠨ᠎ᠠ᠃                ᠣᠷᠴᠢᠭᠤᠯᠤᠭᠴᠢ᠄ ᠳ᠋ᠥᠩ ᠾᠦᠢ 
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2