ᠲᠠᠪᠤᠨ ᠰᠠᠯᠠᠭ᠎ᠠ ᠮᠥᠴᠢᠷ ᠬᠠᠮᠲᠤᠷᠠᠨ ᠴᠢᠷᠮᠠᠶᠢᠵᠤ ᠪᠠᠶᠢᠭᠠᠳ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠦᠨ᠎ᠡ
ᠨᠡᠶᠢᠲᠡᠯᠡᠭᠰᠡᠨ ᠴᠠᠭ᠄
2024/4/19
      ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠬᠦ ᠶᠢᠨ ᠲᠥᠯᠥᠭᠡ᠂ ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠢᠳᠡᠭᠡᠨ ᠤ ᠵᠦᠶᠯ ᠡᠮ ᠤᠨ ᠵᠦᠶᠯ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠬᠡᠷ᠂ ᠰᠤᠷᠭᠠᠨ ᠬᠥᠮᠦᠵᠢᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠣᠯᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠮᠲᠤᠷᠠᠨ ᠬᠦᠴᠦᠯᠡᠵᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠵᠢᠭᠰᠠᠭᠠᠨ ᠪᠠᠶᠢᠴᠠᠭᠠᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠪᠡ᠃       4 ᠰᠠᠷ᠎ᠠ ᠶᠢᠨ 19᠎ ᠤ ᠡᠳᠦᠷ᠂ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠤᠨ ᠬᠢᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠪᠠᠶᠢᠳᠠᠯ ᠤᠨ ᠲᠤᠬᠠᠶ ᠢ ᠯᠢ ᠳ᠋ᠦᠩ ᠹᠠᠩ ᠰᠤᠷᠭᠠᠭᠤᠯᠢ ᠶᠢᠨ ᠪᠠᠶ ᠬᠠᠶ ᠽᠢ ᠰᠤᠷᠭᠠᠭᠤᠯᠢ ᠶᠢᠨ ᠲᠣᠭᠤᠷᠢᠭ ᠲᠤ ᠬᠦᠷᠴᠦ ᠬᠢᠨᠠᠨ ᠵᠢᠯᠣᠭᠤᠳᠴᠤ ᠪᠠᠶᠢᠴᠠᠭᠠᠪᠠ᠃ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠨᠢ ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠯᠲᠡ ᠶᠢ ᠰᠣᠨᠣᠰᠬᠤ᠂ ᠲᠠᠩᠰᠠ ᠡᠪᠬᠡᠮᠡᠯ ᠢ ᠨᠠᠷᠢᠨ ᠨᠢᠮᠪᠠᠶ ᠤᠷᠪᠠᠭᠤᠯᠤᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠤᠷᠭᠠᠭᠤᠯᠢ᠂ ᠰᠤᠷᠭᠠᠭᠤᠯᠢ ᠶᠢᠨ ᠬᠤᠭᠤᠯᠠᠨ ᠬᠡᠷ ᠤᠨ ᠳᠠᠭᠠᠭᠠᠴᠢᠯᠠᠨ ᠡᠵᠡᠩᠨᠡᠬᠦ ᠠᠵᠤ ᠠᠬᠤᠶᠢᠯᠠᠯ ᠪᠠ ᠰᠤᠷᠭᠠᠭᠤᠯᠢ ᠶᠢᠨ ᠭᠠᠳᠠᠨᠠᠬᠢ ᠬᠤᠭᠤᠯᠠ ᠬᠠᠩᠭᠠᠬᠤ ᠨᠢᠭᠡᠴᠡ ᠶᠢᠨ ᠢᠳᠡᠭᠡᠨ ᠤᠮᠳᠠᠭᠠᠨ ᠤ ᠦᠶᠯᠡᠴᠢᠯᠡᠭᠡᠨ ᠤ ᠪᠠᠷᠢᠮᠵᠢᠶ᠎ᠠ ᠶᠢ ᠴᠢᠩᠭ᠎ᠠ ᠵᠢᠷᠤᠮᠯᠠᠨ ᠢᠳᠡᠭᠡᠨ ᠤᠮᠳᠠᠭᠠᠨ ᠤ ᠦᠶᠯᠡᠴᠢᠯᠡᠭᠡ ᠬᠠᠩᠭᠠᠭᠰᠠᠨ ᠡᠰᠡᠬᠦ ᠶᠢ ᠪᠠᠶᠢᠴᠠᠭᠠᠬᠤ ᠶᠢᠨ ᠬᠠᠮᠲᠤ ᠲᠤᠬᠠᠶ ᠶᠢᠨ ᠲᠠᠯᠠᠪᠤᠷ ᠲᠤ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠭᠡᠷᠡᠴᠢ ᠪᠠᠷᠢᠮᠲᠠ ᠠᠪᠬᠤ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠢᠳᠡᠭᠡᠨ ᠤ ᠥᠯᠢᠭᠡᠷ ᠡᠳ᠋ ᠦᠯᠡᠳᠡᠭᠡᠬᠦ ᠵᠡᠷᠭᠡ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠪᠡ᠃      ᠲᠠᠷᠠᠭᠠᠴᠢ ᠶᠢᠨ ᠠᠯᠬᠤᠮ ᠳᠤ᠂ ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠷᠭᠦᠯᠵᠢᠯᠡᠨ ᠬᠤᠯᠪᠣᠭᠳᠠᠯ ᠪᠥᠬᠦᠶ ᠨᠢᠭᠡᠴᠡ ᠲᠠᠢ ᠬᠠᠮᠲᠤᠷᠠᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠴᠢᠩᠭ᠎ᠠ ᠠᠳᠬᠤᠵᠤ᠂ ᠢᠳᠡᠭᠡᠨ ᠤ ᠠᠮᠤᠷ ᠲᠦᠪᠰᠢᠨ ᠤ ᠳᠠᠯᠳᠠ ᠬᠡᠮ ᠤᠨ ᠠᠰᠠᠭᠤᠳᠠᠯ ᠢ ᠴᠠᠭ ᠲᠤᠬᠠᠶ ᠳᠤᠨᠢ ᠠᠷᠢᠯᠭᠠᠵᠤ᠂ ᠥᠷᠭᠡᠨ ᠣᠯᠠᠨ ᠪᠠᠭᠰᠢ ᠰᠤᠷᠤᠭᠴᠢᠳ ᠤᠨ ᠬᠤᠭᠤᠯᠠ ᠢᠳᠡᠬᠦ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃            ᠣᠷᠴᠢᠭᠤᠯᠤᠭᠴᠢ᠄ ᠳ᠋ᠥᠩ ᠾᠦᠢ 
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2