ᠤᠷᠤᠭᠰᠢᠯᠠᠯᠲᠠ ᠶᠢᠨ ᠵᠠᠮ ᠤᠨ ᠵᠡᠭᠡᠯᠢ ᠭᠤᠳᠤᠮᠵᠢ ᠳᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/22
       ︽ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ 2024 ᠣᠨ ᠤ ᠺᠠᠳ᠋ᠷ ᠠᠵᠢᠯᠲᠠᠨ ᠠᠵᠢᠯᠴᠢᠨ ᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠥᠷᠨᠢᠭᠦᠯᠬᠦ ᠲᠤᠬᠠᠶ ᠮᠡᠳᠡᠭᠳᠡᠯ︾᠎ ᠤᠨ ᠱᠠᠭᠠᠷᠳᠠᠯᠭ᠎ᠠ ᠶᠣᠰᠣᠭᠠᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠪᠣᠯᠬᠤ ᠣᠶᠢᠯᠠᠭᠠᠭᠳᠠᠬᠤᠨ ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠦᠵᠡᠰᠬᠦᠯᠡᠩᠲᠦ ᠰᠠᠶᠢᠬᠠᠨ ᠤᠯᠠᠭᠠᠨᠴᠠᠪ ᠢ ᠪᠦᠳᠦᠬᠡᠨ ᠪᠠᠶᠢᠭᠤᠯᠵᠤ᠂ 4 ᠰᠠᠷ᠎ᠠ ᠶᠢᠨ 22᠎ ᠤᠨ ᠦᠳᠡ ᠶᠢᠨ ᠡᠮᠦᠨ᠎ᠡ᠂ ᠤᠷᠤᠭᠰᠢᠯᠠᠯᠲᠠ ᠶᠢᠨ ᠵᠠᠮ ᠤᠨ ᠵᠡᠭᠡᠯᠢ ᠭᠤᠳᠤᠮᠵᠢ ᠶᠢᠨ ᠺᠠᠳ᠋ᠷ ᠠᠵᠢᠯᠳᠠᠨ ᠠᠵᠢᠯᠴᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠠᠨ ᠴᠠ ᠺᠸᠤ ᠰᠢᠶᠠᠩ ᠤᠨ ᠦ᠋ ᠯᠢ ᠫᠦᠸᠧ ᠲᠣᠰᠬᠤᠨ ᠳᠤ ᠬᠦᠷᠴᠦ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠥᠷᠨᠢᠭᠦᠯᠵᠦ᠂ ︽ᠤᠮᠠᠷᠠᠲᠤ ᠶᠢᠨ ᠭᠤᠷᠪᠠᠨ ᠣᠷᠣᠨ︾᠎ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠦᠴᠦ ᠨᠡᠮᠡᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠪᠣᠬᠢᠷᠲᠤᠯ ᠦᠬᠡᠢ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠡᠢ᠃       ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠳᠤᠷᠢᠳᠬᠤ ᠪᠠᠭ ᠲᠦᠷᠦᠭᠦᠯᠡᠨ ᠣᠷᠣᠯᠴᠠᠵᠤ᠂ ᠺᠠᠳ᠋ᠷ ᠠᠵᠢᠯᠳᠠᠨ ᠠᠵᠢᠯᠴᠢᠨ ᠤ ᠡᠷᠴᠢ ᠵᠣᠷᠢᠭ ᠲᠡᠭᠦᠯᠳᠡᠷ ᠪᠠᠶᠢᠵᠤ᠂ ᠭᠠᠷ ᠲᠠᠭᠠᠨ ᠬᠦᠷᠵᠡ ᠪᠠᠷᠢᠵᠤ᠂ ᠬᠠᠪᠤᠷ ᠤᠨ ᠰᠢᠪᠡᠷ ᠪᠠᠯᠴᠢᠭ ᠲᠤ ᠭᠢᠰᠬᠢᠵᠦ᠂ ᠲᠣᠭᠲᠠᠭᠰᠠᠨ ᠭᠠᠵᠠᠷ ᠲᠤ ᠨᠦᠬᠡ ᠮᠠᠯᠲᠠᠵᠤ᠂ ᠤᠯᠠᠨ ᠢᠶᠠᠷ ᠢᠶᠠᠨ ᠶᠠᠭᠠᠷᠠᠯᠲᠠᠢ ᠪᠥᠭᠡᠳ ᠡᠮᠬᠢ ᠵᠢᠷᠤᠮ ᠲᠠᠢ ᠠᠵᠢᠯᠯᠠᠵᠤ᠂ ᠤᠯᠠᠨ ᠢᠶᠠᠷ ᠢᠶᠠᠨ ᠰᠡᠳᠬᠢᠯ ᠨᠢᠭᠡᠳᠴᠦ᠂ ᠬᠦᠰᠡᠯ ᠡᠷᠡᠮᠡᠯᠵᠡᠯ ᠢᠶᠠᠷ ᠪᠢᠯᠬᠠᠭᠰᠠᠨ ᠨᠢᠭᠡ ᠰᠠᠭᠤᠷᠢ ᠮᠣᠳᠣ ᠶᠢ ᠲᠠᠷᠢᠵᠠᠢ᠃ ᠬᠦᠷ ᠬᠥᠭᠵᠢᠶᠡᠨ ᠲᠠᠢ ᠂ ᠡᠷᠴᠢ ᠵᠣᠷᠢᠭ ᠲᠡᠭᠦᠯᠳᠡᠷ ᠪᠠᠶᠢᠳᠠᠯ ᠨᠢ ᠬᠠᠪᠤᠷ ᠤᠨ ᠤᠯᠠᠷᠢᠯ ᠤᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠷᠢᠯᠳᠦᠭᠦᠯᠪᠡ᠃      ᠺᠠᠳ᠋ᠷ ᠠᠵᠢᠯᠳᠠᠨ ᠠᠵᠢᠯᠴᠢᠨ ᠤ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ᠂ ᠰᠢᠨ᠎ᠡ ᠨᠣᠭᠤᠭᠠᠨ ᠦᠩᠭᠡ ᠶᠢ ᠪᠤᠶᠢᠵᠢᠭᠤᠯᠬᠤ ᠢᠲᠡᠭᠡᠯ ᠵᠣᠷᠢᠭ ᠪᠠ ᠬᠦᠴᠦᠨ ᠴᠢᠳᠠᠯ ᠲᠡᠭᠦᠯᠳᠡᠷ ᠪᠠᠶᠢᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ︽ᠭᠤᠷᠪᠠᠨ ᠤᠮᠠᠷᠠᠲᠤ︾ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ᠂ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠳᠬᠡᠵᠡᠭᠡᠪᠡ᠃                ᠣᠷᠴᠢᠭᠤᠯᠤᠭᠴᠢ᠄ ᠳ᠋ᠥᠩ ᠾᠦᠢ 
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2