| | ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ︽ᠪᠥᠬᠦ | ᠨᠠᠮ ᠤᠨ ᠬᠡᠪᠴᠢᠶᠡᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠲᠤᠬᠠᠢ ᠮᠡᠳᠡᠭᠳᠡᠯ︾ | ᠢ ᠳᠠᠷᠤᠮᠠᠯᠯᠠᠨ ᠲᠠᠷᠬᠠᠭᠠᠳ ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ | ᠲᠥᠯᠥᠭᠡ᠂ ᠨᠠᠮ ᠤᠨ ᠲᠥᠪ ᠬᠤᠷᠢᠶ᠎ᠠ ᠪᠠᠷ ᠵᠥᠪᠰᠢᠶᠡᠷᠡᠭᠦᠯᠦᠭᠡᠳ᠂ 2024 ᠣᠨ ᠤ 4 ᠳ᠋ᠦ᠋ᠭᠡᠷ ᠰᠠᠷ᠎ᠠ ᠠᠴᠠ 7 | ᠳ᠋ᠤᠭᠠᠷ ᠰᠠᠷ᠎ᠠ ᠪᠣᠯᠲᠠᠯ᠎ᠠ᠂ ᠪᠥᠬᠦ ᠨᠠᠮ ᠤᠨ ᠬᠡᠪᠴᠢᠶᠡᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠥᠷᠨᠢᠭᠦᠯᠦᠨ᠎ᠡ ᠭᠡᠵᠦ ᠵᠢᠭᠠᠨ ᠭᠠᠷᠭᠠᠪᠠ᠃ ᠲᠤᠰ ᠤᠳᠠᠭᠠᠨ ᠤ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠪᠣᠯ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠴᠢᠬᠤᠯᠠ ᠠᠷᠭ᠎ᠠ | ᠬᠡᠮᠵᠢᠶ᠎ᠡ ᠮᠥᠨ᠃ | ︽ ᠰᠠᠬᠢᠯᠭ᠎ᠠ ᠪᠠᠲᠤᠴᠢ ᠴᠢᠨᠠᠷ ᠢ ᠴᠢᠩᠭᠠᠳᠬᠠᠪᠠᠯ ᠬᠤᠪᠢᠰᠬᠠᠯ ᠢᠯᠠᠭᠳᠠᠬᠤ ᠭᠡᠵᠦ ᠪᠠᠶᠢᠬᠤ ᠦᠭᠡᠢ ᠶᠤᠮ ᠃ ︾ | ᠰᠠᠬᠢᠯᠭ᠎ᠠ ᠪᠠᠲᠤ ᠴᠢᠩᠭ᠎ᠠ ᠪᠠᠶᠢᠬᠤ ᠪᠣᠯ ᠨᠠᠮ ᠤᠨ ᠢᠷᠠᠭᠤ ᠠᠯᠳᠠᠷᠲᠤ ᠤᠯᠠᠮᠵᠢᠯᠠᠯ ᠮᠥᠷᠲᠡᠭᠡᠨ ᠥᠪᠡᠷᠮᠢᠴᠡ | ᠳᠠᠪᠠᠭᠤᠯᠢᠭ ᠮᠥᠨ ᠃ ᠪᠢᠳᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠡᠷᠬᠢᠮ ᠳᠡᠭᠡᠳᠦ ᠡᠭᠦᠷᠭᠡ ᠶᠢ | ᠡᠭᠦᠷᠭᠡᠯᠡᠵᠦ ᠪᠠᠶᠢᠬᠤ ᠪᠥᠭᠡᠳ ᠤᠷᠤᠭᠰᠢᠯᠠᠯᠲᠠ ᠶᠢᠨ ᠵᠠᠮ ᠳᠤ ᠬᠦᠨᠳᠦ ᠶᠡᠭᠡ ᠥᠷᠢᠰᠦᠯᠳᠦᠭᠡᠨ ᠨᠦᠭᠦᠳ | ᠲᠤᠯᠭᠠᠷᠠᠭᠰᠠᠭᠠᠷ ᠪᠤᠢ᠃ ᠨᠠᠮ ᠳᠤ ᠲᠤᠯᠭᠠᠷᠠᠵᠤ ᠪᠠᠶᠢᠭ᠎ᠠ ᠪᠠᠶᠢᠳᠠᠯ ᠨᠡᠩ ᠪᠤᠳᠤᠯᠢᠶᠠᠨᠲᠠᠢ ᠪᠣᠯᠬᠤ ᠲᠤᠳᠤᠮ | ᠡᠭᠦᠷᠭᠡᠯᠡᠵᠦ ᠪᠠᠶᠢᠭ᠎ᠠ ᠡᠭᠦᠷᠭᠡ ᠨᠡᠩ ᠬᠦᠨᠳᠦ ᠬᠡᠴᠡᠭᠦᠦ ᠪᠣᠯᠣᠨ᠎ᠠ᠂ ᠡᠭᠦᠷᠭᠡᠯᠡᠵᠦ ᠪᠠᠶᠢᠭ᠎ᠠ ᠡᠭᠦᠷᠭᠡ ᠨᠡᠩ ᠬᠦᠨᠳᠦ | ᠬᠡᠴᠡᠭᠦᠦ ᠪᠣᠯᠬᠤ ᠲᠤᠲᠤᠮ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠨᠡᠩ ᠴᠢᠩᠭᠠᠳᠬᠠᠨ᠂ ᠨᠠᠮ ᠤᠨ ᠪᠦᠯᠬᠦᠮᠳᠡᠯ ᠢ | ᠨᠡᠩ ᠬᠠᠮᠠᠭᠠᠯᠠᠵᠤ ᠂ ᠪᠦᠬᠦ ᠨᠠᠮ ᠢᠶᠠᠷ ᠢᠶᠠᠨ ᠠᠯᠬᠤᠮ ᠨᠢᠭᠡᠲᠡᠢ ᠤᠷᠤᠭᠰᠢᠯᠠᠬᠤ ᠶᠢ ᠯᠠᠪᠲᠠᠶᠢᠶ᠎ᠠ ᠪᠠᠲᠤᠯᠠᠬᠤ ᠬᠡᠷᠡᠭᠲᠡᠢ ᠃ | ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠴᠢᠨᠠᠷ ᠪᠠ ᠨᠠᠮ ᠤᠨ ᠰᠠᠬᠢᠯᠭ᠎ᠠ | ᠪᠠᠲᠤ ᠶᠢ ᠤᠮᠳᠤᠭᠠᠶᠢᠯᠠᠭᠰᠠᠨ ᠂ ᠵᠥᠷᠢᠴᠡᠭᠰᠡᠨ ᠠᠰᠠᠭᠤᠳᠠᠯ ᠤᠨ ᠬᠤᠣᠷ ᠨᠥᠯᠥᠭᠡᠲᠦ ᠴᠢᠨᠠᠷ ᠤᠨ ᠲᠤᠬᠠᠢ | ᠲᠠᠨᠢᠯᠲᠠ ᠪᠠᠨ ᠴᠢᠨᠠᠭᠰᠢᠳᠠ ᠤᠯᠠᠮ ᠭᠦᠨᠵᠡᠭᠡᠶᠢᠷᠡᠭᠦᠯᠵᠦ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠬᠢᠭᠡᠳ ᠤᠳᠤᠷᠢᠳᠬᠤ ᠪᠠᠭ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭ᠎ᠠ ᠠᠳᠬᠤᠬᠤ ᠶᠢ | ᠠᠬᠢᠭᠤᠯᠤᠨ ᠂ ᠥᠷᠭᠡᠨ ᠤᠯᠠᠨ ᠨᠠᠮ ᠤᠨ ᠭᠡᠰᠢᠭᠦᠳ᠂ ᠺᠠᠳ᠋ᠷᠴᠤᠳ ᠤᠨ ᠰᠠᠬᠢᠯᠭ᠎ᠠ ᠪᠠᠲᠤ ᠶᠢ ᠰᠠᠬᠢᠬᠤ | ᠤᠬᠠᠮᠰᠠᠷ ᠢᠶᠠᠨ ᠴᠢᠩᠭᠠᠳᠬᠠᠬᠤ ᠶᠢ ᠨᠢ ᠠᠬᠢᠭᠤᠯᠵᠤ ᠂ ᠲᠥᠪ ᠴᠢᠩᠭ᠎ᠠ ᠰᠠᠬᠢᠯᠭ᠎ᠠ ᠪᠠᠲᠤ ᠪᠠᠷ ᠪᠦᠬᠦ ᠨᠠᠮ ᠤᠨ ᠡᠷᠡᠰ | ᠲᠠᠰᠤᠷᠬᠠᠢ ᠤᠬᠠᠮᠰᠠᠷ ᠠᠴᠠ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ | ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠷᠢᠮᠲᠠᠯᠠᠨ ᠂ ᠦᠵᠡᠯ ᠰᠠᠨᠠᠭ᠎ᠠ ᠪᠠᠨ ᠨᠢᠭᠡᠳᠬᠡᠵᠦ ᠂ ᠦᠢᠯᠡ | ᠠᠵᠢᠯᠯᠠᠭ᠎ᠠ ᠪᠠᠨ ᠨᠢᠭᠡᠳᠬᠡᠵᠦ ᠂ ᠬᠢᠬᠦ ᠵᠣᠭᠰᠣᠬᠤ ᠪᠠᠨ ᠮᠡᠳᠡᠨ ᠂ ᠵᠠᠷᠯᠢᠭ ᠴᠠᠭᠠᠵᠠ ᠶᠢ ᠳᠠᠭᠠᠵᠤ ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠪᠠ ᠨᠡᠶᠢᠯᠡᠮᠡᠯ | ᠬᠦᠴᠦᠨ ᠢ ᠪᠦᠷᠢᠯᠳᠦᠭᠦᠯᠬᠦ ᠬᠡᠷᠡᠭᠲᠡᠢ ᠃ | ᠶᠡᠷᠦᠩᠬᠡᠢ ᠱᠦᠵᠢ ᠰᠢ ᠶᠢᠨ ᠫᠢᠩ ᠄ ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ | ᠵᠣᠬᠢᠶᠠᠨ ᠪᠠᠶᠢᠭᠤᠯᠤᠨ ᠥᠷᠨᠢᠭᠦᠯᠵᠦ᠂ ᠨᠠᠮ ᠤᠨ ᠭᠡᠰᠢᠭᠦᠳ ᠺᠠᠳ᠋ᠷᠴᠤᠳ ᠤᠨ ᠰᠠᠬᠢᠯᠭ᠎ᠠ ᠪᠠᠲᠤ ᠶᠢ ᠰᠤᠷᠴᠤ ᠂ | ᠮᠡᠳᠡᠵᠦ ᠂ ᠣᠶᠢᠯᠠᠭᠠᠵᠤ ᠂ ᠰᠠᠬᠢᠬᠤ ᠶᠢ ᠨᠢ ᠳᠠᠭᠠᠭᠤᠯᠤᠨ ᠵᠢᠯᠤᠭᠤᠳᠴᠤ᠂ ᠤᠳᠤᠷᠢᠳᠬᠤ ᠺᠠᠳ᠋ᠷᠴᠤᠳ ᠤᠨ ᠵᠥᠪ | ᠡᠷᠬᠡ ᠶᠢᠨ ᠦᠵᠡᠯᠲᠡ ᠶᠢ ᠪᠣᠶ ᠪᠣᠯᠭᠠᠬᠤ᠂ ᠡᠷᠬᠡ ᠪᠠᠨ ᠲᠥᠪ ᠭᠤᠥᠯᠴᠢ ᠪᠠᠷ ᠬᠡᠷᠡᠭᠯᠡᠬᠦ᠂ ᠡᠷᠬᠡ ᠪᠠᠨ ᠬᠠᠤᠯᠢ | ᠶᠣᠰᠣᠭᠠᠷ ᠬᠡᠷᠡᠭᠯᠡᠬᠦ᠂ ᠠᠷᠠᠳ ᠤᠨ ᠲᠥᠯᠥᠭᠡ ᠡᠷᠬᠡ ᠪᠠᠨ ᠬᠡᠷᠡᠭᠯᠡᠬᠦ᠂ ᠠᠷᠢᠭᠤᠨ ᠴᠢᠬᠡᠴᠢ ᠪᠠᠷ ᠡᠷᠬᠡ ᠪᠠᠨ | ᠬᠡᠷᠡᠭᠯᠡᠬᠦ ᠶᠢ ᠰᠢᠮᠳᠠᠭᠤᠯᠬᠤ ᠬᠡᠷᠡᠭᠲᠡᠢ︾ ᠭᠡᠵᠦ ᠴᠢᠬᠤᠯᠠᠴᠢᠯᠠᠵᠠᠢ ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠢ ᠰᠠᠶᠢᠲᠤᠷ ᠥᠷᠨᠢᠭᠦᠯᠬᠦ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠵᠠᠷᠢᠮ | ᠨᠠᠮ ᠤᠨ ᠭᠡᠰᠢᠭᠦᠨ᠂ ᠺᠠᠳ᠋ᠷ ᠤᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠳᠤ ᠰᠠᠨᠠᠭ᠎ᠠ ᠲᠠᠯᠪᠢᠬᠤ ᠦᠭᠡᠢ᠂ | ᠣᠶᠢᠯᠠᠭᠠᠬᠤ ᠦᠭᠡᠢ᠂ ᠡᠵᠡᠮᠰᠢᠬᠦ ᠦᠭᠡᠢ ᠵᠡᠷᠭᠡ ᠠᠰᠠᠭᠤᠳᠠᠯ ᠤᠳ ᠢ ᠰᠢᠢᠳᠪᠦᠷᠢᠯᠡᠬᠦ ᠳᠤ ᠠᠩᠬᠠᠷᠤᠯ ᠢᠶᠠᠨ | ᠲᠥᠪᠯᠡᠷᠡᠭᠦᠯᠦᠨ ᠂ ᠨᠠᠮ ᠤᠨ ᠭᠡᠰᠢᠭᠦᠳ ᠢᠯᠠᠩᠭᠤᠶ᠎ᠠ ᠨᠠᠮ ᠤᠨ ᠤᠳᠤᠷᠢᠳᠬᠤ ᠺᠠᠳ᠋ᠷᠴᠤᠳ ᠢ ᠵᠣᠬᠢᠶᠠᠨ ᠪᠠᠶᠢᠭᠤᠯᠤᠨ | ︽ᠳᠦᠷᠢᠮ︾ ᠢ ᠨᠠᠷᠢᠨ ᠬᠢᠨᠠᠮᠠᠭᠠᠢ ᠰᠤᠷᠤᠯᠴᠠᠭᠤᠯᠵᠤ᠂ ᠰᠠᠬᠢᠯᠭ᠎ᠠ ᠪᠠᠲᠤ ᠶᠢ ᠰᠤᠷᠴᠤ᠂ ᠮᠡᠳᠡᠵᠦ᠂ ᠣᠶᠢᠯᠠᠭᠠᠵᠤ᠂ | ᠰᠠᠬᠢᠬᠤ ᠶᠢ ᠪᠡᠶᠡᠯᠡᠭᠦᠯᠵᠦ ᠂ ᠨᠠᠮ ᠤᠨ ᠰᠠᠬᠢᠯᠭ᠎ᠠ ᠪᠠᠲᠤ ᠶᠣᠰᠣ ᠳᠦᠷᠢᠮ ᠭᠡᠭᠴᠢ ᠶᠠᠭᠤ ᠪᠣᠯᠬᠤ ᠶᠢ ᠲᠣᠳᠣᠷᠬᠠᠢ | ᠣᠶᠢᠯᠠᠭᠠᠵᠤ ᠂ ᠶᠠᠭᠤ ᠬᠢᠵᠦ ᠪᠣᠯᠬᠤ ᠂ ᠶᠠᠭᠤ ᠬᠢᠵᠦ ᠡᠰᠡ ᠪᠣᠯᠬᠤ ᠶᠢ ᠮᠡᠳᠡᠵᠦ᠂ ᠳᠦᠷᠢᠮ ᠲᠣᠭᠲᠠᠭᠠᠯ ᠢ ᠵᠢᠷᠤᠮᠯᠠᠨ | ᠰᠠᠬᠢᠯᠭ᠎ᠠ ᠪᠠᠲᠤ ᠶᠢ ᠰᠠᠬᠢᠬᠤ ᠶᠢ ᠰᠡᠳᠬᠢᠯ ᠳᠤ ᠪᠠᠨ ᠬᠠᠳᠠᠩᠰᠢᠭᠤᠯᠵᠤ ᠂ ᠦᠭᠡ ᠶᠠᠷᠢᠶ᠎ᠠ ᠦᠢᠯᠡ | ᠠᠵᠢᠯᠯᠠᠭ᠎ᠠ ᠶᠢᠨ ᠢᠶᠠᠨ ᠪᠠᠷᠢᠮᠵᠢᠶ᠎ᠠ ᠪᠣᠯᠭᠠᠨ᠂ ᠰᠠᠬᠢᠯᠭ᠎ᠠ ᠪᠠᠲᠤ ᠶᠢᠨ ᠤᠬᠠᠮᠰᠠᠷ ᠂ ᠥᠪᠡᠷ ᠪᠡᠶ᠎ᠡ ᠶᠢᠨ ᠬᠢᠵᠠᠭᠠᠷᠯᠠᠯ᠂ | ᠳᠠᠷᠬᠠᠯᠠᠭ᠎ᠠ ᠪᠠᠨ ᠴᠢᠨᠠᠭᠰᠢᠳᠠ ᠤᠯᠠᠮ ᠳᠡᠭᠡᠭᠰᠢᠯᠡᠭᠦᠯᠵᠦ ᠂ ᠤᠯᠤᠰ ᠲᠦᠷᠦ ᠶᠢᠨ ᠲᠣᠭᠲᠠᠯ ᠬᠦᠴᠦᠨ ᠂ ᠰᠠᠬᠢᠯᠭ᠎ᠠ | ᠪᠠᠲᠤ ᠶᠢᠨ ᠲᠣᠭᠲᠠᠯ ᠬᠦᠴᠦᠨ ᠂ ᠶᠣᠰᠣ ᠰᠤᠷᠲᠠᠬᠤᠨ ᠤ ᠲᠣᠭᠲᠠᠯ ᠬᠦᠴᠦᠨ ᠂ ᠢᠯᠵᠠᠷᠠᠯ ᠢ ᠡᠰᠡᠷᠭᠦᠴᠡᠬᠦ ᠲᠣᠭᠲᠠᠯ | ᠬᠦᠴᠦᠨ ᠢᠶᠠᠨ ᠴᠢᠩᠭᠠᠳᠬᠠᠵᠤ ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠲᠠᠢ | ᠪᠠᠶᠢᠬᠤ ᠶᠢ ᠪᠡᠶᠡᠯᠡᠭᠦᠯᠬᠦ ᠬᠡᠷᠡᠭᠲᠡᠢ ᠃ | ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠪᠣᠯ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ | ᠦᠨᠳᠦᠰᠦ ᠶᠢ ᠨᠢ ᠵᠠᠰᠠᠬᠤ ᠪᠣᠳᠣᠯᠭ᠎ᠠ ᠮᠥᠨ ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠡᠳᠬᠡᠨ ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ ᠂ ᠡᠯ᠎ᠡ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠨᠠᠮ ᠤᠨ | ᠭᠡᠰᠢᠭᠦᠳ ᠺᠠᠳ᠋ᠷᠴᠤᠳ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠡᠭᠦᠷᠭᠡ ᠶᠢ ᠴᠢᠨᠠᠷ | ᠰᠠᠶᠢᠲᠠᠢ ᠪᠡᠶᠡᠯᠡᠭᠦᠯᠬᠦ ᠶᠢ ᠠᠬᠢᠭᠤᠯᠵᠤ ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠷᠭ᠎ᠠ | ᠬᠡᠮᠵᠢᠶ᠎ᠡ ᠨᠢᠭᠡᠪᠦᠷᠢ ᠶᠢ ᠴᠥᠮ ᠭᠤᠣᠯ ᠠᠵᠢᠯ ᠢ ᠠᠬᠢᠭᠤᠯᠬᠤ ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠭᠦᠨᠵᠡᠭᠡᠶᠢᠷᠡᠭᠦᠯᠬᠦ ᠪᠦᠲᠦᠮᠵᠢᠲᠡᠢ ᠠᠷᠭ᠎ᠠ ᠬᠡᠮᠵᠢᠶ᠎ᠡ ᠪᠣᠯᠭᠠᠬᠤ ᠬᠡᠷᠡᠭᠲᠡᠢ ᠃ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠲᠣᠬᠢᠶᠠᠯ ᠪᠣᠯᠭᠠᠨ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠨᠡᠩ | ᠲᠣᠪᠤᠶᠢᠮ᠎ᠠ ᠪᠠᠶᠢᠷᠢᠨ ᠳᠤ ᠲᠠᠯᠪᠢᠵᠤ ᠂ ᠰᠠᠬᠢᠯᠭ᠎ᠠ ᠪᠠᠲᠤ ᠭᠡᠬᠦ ᠡᠨᠡ ᠬᠦ ᠨᠠᠮ ᠢ ᠬᠠᠮᠢᠶᠠᠷᠴᠤ ᠨᠠᠮ ᠢ ᠵᠠᠰᠠᠬᠤ ︽ | ᠱᠤᠭᠤᠮ ︾ ᠢ ᠰᠠᠶᠢᠲᠤᠷ ᠬᠡᠷᠡᠭᠯᠡᠵᠦ ᠂ ᠪᠦᠬᠦ ᠨᠠᠮ ᠢᠶᠠᠷ ᠢᠶᠠᠨ ᠤᠬᠠᠮᠰᠠᠷ ᠠᠴᠠ ᠪᠠᠨ ᠨᠠᠮ ᠤᠨ ᠲᠣᠭᠲᠠᠭᠠᠯ ᠨᠠᠮ ᠤᠨ | ᠰᠠᠬᠢᠯᠭ᠎ᠠ ᠪᠠᠲᠤ ᠪᠠᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠵᠠᠯᠠᠷᠠᠭᠤᠯᠪᠠᠯ ᠂ ᠨᠠᠮ ᠢ ᠨᠡᠩ ᠪᠠᠲᠤ ᠴᠢᠩᠭ᠎ᠠ | ᠬᠦᠴᠦᠨ ᠲᠠᠢ ᠪᠣᠯᠭᠠᠨ ᠪᠠᠶᠢᠭᠤᠯᠵᠤ ᠴᠢᠳᠠᠬᠤ ᠨᠢ ᠯᠠᠪᠲᠠᠢ ᠶᠤᠮ᠃ | |