ᠵᠢᠨᠢᠩ ᠲᠣᠭᠤᠷᠢᠭ ᠤᠨ ᠬᠤᠳᠠ ᠶᠢᠨ ᠪᠡᠯᠡ ᠣᠷᠣᠭᠤᠯᠤᠯᠲᠠ ︵ᠪᠦᠯᠦᠭᠯᠡᠯ︶᠎ ᠶᠢᠨ ᠺᠣᠮᠫᠠᠨᠢ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/4/25
       ᠺᠣᠮᠫᠠᠨᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠰᠠᠶᠢᠲᠤᠷ ᠬᠢᠵᠦ᠂ ᠡᠯ᠎ᠡ ᠲᠦᠷᠦᠯ ᠤᠨ ᠠᠳᠡᠯ ᠭᠠᠷᠬᠤ ᠶᠢ ᠰᠡᠷᠭᠡᠶᠢᠯᠡᠬᠦ ᠶᠢᠨ ᠲᠥᠯᠥᠭᠡ᠂ ᠤᠶᠢᠢᠷ᠎ᠠ ᠳᠤ᠂ ᠺᠣᠮᠫᠠᠨᠢ ᠶᠢᠨ ᠨᠠᠮ ᠤᠨ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠪᠦᠯᠦᠭᠯᠡᠯ ᠤᠨ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ᠂ ᠠᠶᠤᠯᠭᠦᠢ ᠦᠢᠯᠡᠳᠪᠦᠷᠢᠯᠡᠯ ᠤᠨ ᠤᠳᠤᠷᠢᠳᠬᠤ ᠳᠤᠭᠤᠶᠢᠯᠠᠩ ᠤᠨ ᠪᠠᠶᠢᠩᠭᠤ ᠶᠢᠨ ᠳᠡᠳ᠋ ᠳᠠᠷᠤᠭ᠎ᠠ ᠸᠠᠩ ᠬᠤᠩ ᠲᠦᠷᠦᠭᠦᠯᠡᠨ ᠬᠠᠮᠢᠶ᠎ᠠ ᠪᠦᠬᠦᠢ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠵᠤ ᠪᠠᠶᠢᠭᠠᠳ ᠺᠣᠮᠫᠠᠨᠢ ᠶᠢᠨ ᠬᠠᠷᠢᠶ᠎ᠠ ᠲᠦᠷᠦᠯ ᠵᠦᠢᠯ ᠵᠢᠴᠢ ᠣᠷᠣᠯᠠᠨ ᠬᠠᠮᠢᠶᠠᠷᠬᠤ ᠲᠦᠷᠦᠯ ᠵᠦᠢᠯ ᠳᠤ ᠠᠶᠤᠯᠭᠦᠢ ᠦᠢᠯᠡᠳᠪᠦᠷᠢᠯᠡᠯ ᠤᠨ  ᠶᠡᠭᠡ ᠪᠠᠶᠢᠴᠠᠭᠠᠯᠲᠠ ᠬᠢᠵᠡᠢ᠃      ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠢ ᠡᠦ ᠲᠠᠩ᠂ ᠨᠠᠨ ᠱᠠ ᠾᠧ ᠭᠤᠣᠯ ᠤᠨ 280 ᠬᠥᠭᠦᠷᠭᠡ ᠶᠢᠨ ᠪᠠᠷᠢᠯᠭ᠎ᠠ ᠶᠢᠨ ᠲᠤᠬᠠᠢ ᠶᠢᠨ ᠲᠠᠯᠠᠪᠠᠢ᠂ ᠵᠠᠩ ᠭᠠᠢ ᠶᠢᠩ ᠤᠨ ᠰᠢᠶᠠ ᠶᠤᠸᠠᠨ  ᠰᠠᠭᠤᠭᠠᠯᠢ ᠲᠣᠭᠤᠷᠢᠭ᠂ ᠨᠥᠬᠦᠷᠯᠡᠯ ᠴᠡᠴᠡᠷᠯᠢᠭ ᠤᠨ ᠤᠰᠤᠨ ᠴᠥᠭᠦᠷᠥᠮ ᠳᠤ ᠬᠦᠷᠴᠦ ᠭᠤᠣᠯᠳᠠᠯᠭ᠎ᠠ ᠲᠠᠢ ᠪᠠᠶᠢᠴᠠᠭᠠᠯᠲᠠ ᠬᠢᠪᠡ᠃ ᠢᠯᠠᠩᠭᠤᠶ᠎ᠠ ᠢ ᠦ᠋ ᠲᠠᠩ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠶᠢᠨ ᠡᠷᠬᠢᠨ ᠲᠣᠭᠤᠷᠢᠨ ᠤ ᠬᠡᠰᠡᠭ ᠬᠤᠳᠳᠤᠭ ᠤᠨ ᠪᠦᠷᠬᠦᠭᠡᠰᠦ ᠳᠤᠲᠠᠭᠳᠠᠬᠤ᠂ ᠵᠠᠩ ᠭᠠᠢ ᠶᠢᠩ ᠤᠨ ᠰᠢᠶᠠ ᠶᠤᠸᠠᠨ ᠰᠠᠭᠤᠭᠠᠯᠢ ᠲᠣᠭᠤᠷᠢᠭ ᠤᠨ ᠠᠰᠠᠷ ᠤᠨ ᠳᠤᠯᠠᠭᠠᠨ ᠢ ᠬᠠᠮᠠᠭᠠᠯᠠᠬᠤ ᠳᠠᠪᠬᠤᠷᠭ᠎ᠠ ᠤᠨᠠᠭᠰᠠᠨ ᠵᠡᠷᠭᠡ ᠠᠰᠠᠭᠤᠳᠠᠯ ᠳᠤ ᠴᠢᠭᠯᠡᠭᠦᠯᠦᠨ ᠴᠡᠭᠴᠡᠯᠡᠨ ᠵᠠᠰᠠᠬᠤ ᠶᠢᠨ ᠬᠠᠮᠲᠤ ᠡᠯ᠎ᠡ ᠲᠦᠷᠦᠯ ᠵᠦᠢᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢ ᠬᠠᠷᠢᠭᠤᠴᠠᠯᠭ᠎ᠠ ᠪᠠᠨ ᠪᠠᠲᠤᠳᠬᠠᠵᠤ᠂ ᠥᠪᠡᠷ ᠤᠨ ᠪᠡᠶ᠎ᠡ ᠶᠢᠨ ᠪᠠᠶᠢᠴᠠᠭᠠᠯᠲᠠ ᠶᠢ ᠴᠢᠩᠭ᠎ᠠ ᠬᠡᠷᠡᠭᠵᠢᠭᠦᠯᠵᠦ ᠠᠮᠤᠷ ᠲᠦᠪᠰᠢᠨ ᠤ ᠬᠡᠮ ᠰᠣᠭᠤᠭ ᠢ ᠠᠷᠢᠯᠭᠠᠬᠤ ᠬᠡᠷᠡᠭᠲᠡᠢ ᠭᠡᠵᠦ ᠱᠠᠭᠠᠷᠳᠠᠪᠠ᠃      ᠲᠣᠰ ᠤᠳᠠᠭᠠᠨ ᠤ ᠠᠶᠤᠯᠭᠦᠶ ᠦᠶᠯᠡᠳᠪᠦᠷᠢᠯᠡᠯ ᠤᠨ ᠶᠡᠭᠡ ᠪᠠᠶᠢᠴᠠᠭᠠᠯᠲᠠ ᠪᠠᠷ ᠳᠡᠮᠵᠢᠨ᠂ ᠺᠣᠮᠫᠠᠨᠢ ᠶᠢᠨ ᠦᠶᠯᠡᠳᠪᠦᠷᠢᠯᠡᠯ ᠡᠵᠡᠩᠨᠡᠯᠲᠡ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠡᠯ᠎ᠡ ᠲᠥᠷᠥᠯ ᠵᠦᠶᠯ ᠤᠨ ᠬᠠᠷᠢᠭᠤᠴᠠᠯᠭᠠᠲᠠᠨ ᠤ ᠠᠮᠤᠷ ᠲᠦᠪᠰᠢᠨ ᠤ ᠬᠥᠪᠴᠢ ᠶᠢ ᠴᠠᠭ ᠢᠮᠠᠭᠲᠠ ᠴᠢᠩᠭᠠᠷᠠᠭᠤᠯᠤᠨ᠂ ︽ᠠᠮᠤᠷ ᠲᠦᠪᠰᠢᠨ ᠳᠤ ᠪᠠᠭ᠎ᠠ ᠶᠠᠪᠤᠳᠠᠯ ᠥᠬᠡᠶ︾ ᠭᠡᠬᠦ ᠤᠬᠠᠮᠰᠠᠷ ᠢ ᠴᠢᠩᠭᠠᠷᠠᠭᠤᠯᠵᠤ᠂ ᠡᠯ᠎ᠡ ᠲᠥᠷᠥᠯ ᠤᠨ ᠬᠡᠮ ᠰᠣᠭᠤᠭ ᠢ ᠪᠦᠲᠦᠮᠵᠢᠲᠡᠶ ᠰᠡᠷᠭᠡᠶᠢᠯᠡᠬᠦ ᠳᠤ ᠢᠳᠡᠪᠬᠢᠲᠡᠶ ᠦᠶᠯᠡᠳᠦᠯ ᠦᠵᠡᠭᠦᠯᠪᠡ᠃ ᠲᠠᠷᠠᠭᠠᠴᠢ ᠶᠢᠨ ᠠᠯᠬᠤᠮ ᠳᠤ᠂ ᠮᠠᠨ ᠤ ᠺᠣᠮᠫᠠᠨᠢ ︽ᠠᠮᠤᠷ ᠲᠦᠪᠰᠢᠨ ᠢ ᠲᠡᠷᠢᠭᠦᠨ ᠳᠤ ᠲᠠᠯᠪᠢᠵᠤ᠂ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ︾ ᠵᠠᠷᠴᠢᠮ ᠢ ᠦᠷᠭᠦᠯᠵᠢᠯᠡᠨ ᠪᠠᠷᠢᠮᠲᠠᠯᠠᠵᠤ᠂ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠵᠦ᠂ ᠪᠣᠶ ᠪᠥᠬᠦᠶ ᠲᠥᠷᠥᠯ ᠵᠦᠶᠯ ᠢ ᠲᠣᠭᠲᠠᠭᠤᠨ ᠪᠥᠭᠡᠳ ᠡᠮᠬᠢ ᠵᠢᠷᠤᠮ ᠲᠠᠢ ᠳᠥᠯᠭᠢᠨ ᠠᠬᠢᠭᠤᠯᠤᠨ᠎ᠠ᠃              ᠣᠷᠴᠢᠭᠤᠯᠤᠭᠴᠢ᠄ ᠳ᠋ᠥᠩ ᠾᠦᠢ 
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2