ᠵᠢᠨᠢᠩ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ︽ᠰᠠᠶᠢᠨ ᠮᠠᠭᠤ ᠶᠢᠨ ᠦᠨᠡᠯᠡᠯᠲᠡ︾᠎ ᠪᠠᠷ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠪᠥᠬᠦ ᠲᠠᠯ᠎ᠠ ᠪᠠᠷ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠭᠡᠳᠡᠷᠭᠦ ᠰᠢᠬᠠᠮᠳᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/4/25
      ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠵᠢᠨᠢᠩ ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠵᠢᠨᠢᠩ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ︽ᠰᠠᠶᠢᠨ ᠮᠠᠭᠤ ᠶᠢ ᠦᠨᠡᠯᠡᠬᠦ︾ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠠᠵᠤ ᠠᠬᠤᠶᠢᠯᠠᠯ ᠤᠨ ᠣᠯᠠᠨ ᠲᠦᠮᠡᠨ ᠤ ᠰᠡᠳᠬᠢᠯ ᠤᠨ ᠳᠠᠭᠤᠨ ᠢ ᠥᠷᠭᠡᠨ ᠢᠶᠠᠷ ᠰᠣᠨᠣᠰᠴᠤ᠂ ᠦᠨᠡᠯᠡᠬᠦ ᠪᠠᠷ ᠥᠭᠡᠷᠡᠴᠢᠯᠡᠬᠦ ᠶᠢ ᠠᠬᠢᠭᠤᠯᠤᠨ᠂ ᠦᠨᠡᠯᠡᠬᠦ ᠪᠠᠷ ᠰᠢᠯᠢᠳᠡᠭ ᠢ ᠠᠬᠢᠭᠤᠯᠵᠤ᠂ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠶᠢᠨ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃      ᠵᠢᠨᠢᠩ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠠᠷᠢᠮᠵᠢᠶ᠎ᠠ ᠶᠢ ︽ᠵᠠᠰᠠᠭ ᠤᠨ ᠣᠷᠳᠣᠨ ᠬᠢᠵᠦ︾ ᠪᠠᠶᠢᠭᠰᠠᠨ ᠠᠴᠠ ︽ᠣᠯᠠᠨ ᠲᠦᠮᠡᠨ ᠬᠠᠨᠤᠮᠵᠢᠲᠠᠶ︾ ᠪᠣᠯᠭᠠᠨ ᠬᠤᠪᠢᠷᠠᠭᠤᠯᠬᠤ ᠶᠢ ᠠᠬᠢᠭᠤᠯᠪᠠ᠃ ︽ᠰᠠᠶᠢᠨ ᠮᠠᠭᠤ ᠶᠢ ᠦᠨᠡᠯᠡᠬᠦ︾᠎ ᠶᠢ ᠦᠨᠡᠯᠡᠬᠦ ᠰᠢᠰᠲ᠋ᠧᠮ ᠢ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠬᠦ ᠶᠢᠨ ᠬᠠᠮᠲᠤ ᠬᠢᠨᠠᠨ ᠵᠥᠪᠰᠢᠶᠡᠷᠡᠬᠦ ᠵᠦᠢᠯᠡᠰ ᠤᠨ ᠬᠢᠨᠠᠨ ᠵᠥᠪᠰᠢᠶᠡᠷᠡᠬᠦ ᠭᠤᠭᠴᠤᠭ᠎ᠠ ᠨᠢᠭᠡᠪᠦᠷᠢ ᠳᠤ ᠣᠷᠣᠭᠤᠯᠵᠤ᠂ ︽ᠦᠨᠡᠯᠡᠪᠡᠰᠦ ᠵᠣᠬᠢᠬᠤ ᠶᠢ ᠨᠢ ᠴᠥᠮ ᠦᠨᠡᠯᠡᠬᠦ︾᠎ ᠶᠢ ᠪᠡᠶᠡᠯᠡᠭᠦᠯᠦᠨ᠎ᠡ᠃ ᠣᠳᠣᠬᠠᠨ ᠳᠤ ᠲᠣᠭᠤᠷᠢᠭ ᠤᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠨᠢᠭᠡᠨᠲᠡ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠰᠠᠶᠢᠨ ᠮᠠᠭᠤ ᠶᠢ ᠦᠨᠡᠯᠡᠬᠦ︾ ᠦᠨᠡᠯᠡᠯᠲᠡ ᠶᠢᠨ ᠲᠥᠬᠦᠭᠡᠷᠦᠮᠵᠢ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠰᠠᠶᠢᠨ ᠮᠠᠭᠤ ᠶᠢ ᠦᠨᠡᠯᠡᠬᠦ︾ ᠰᠢᠰᠲ᠋ᠧᠮ ᠳᠤ ᠵᠠᠯᠭᠠᠵᠤ ᠣᠷᠣᠭᠤᠯᠤᠭᠰᠠᠨ ᠬᠡᠷᠡᠭ ᠡᠷᠭᠢᠯᠡᠬᠦ ᠲᠢᠩᠬᠢᠮ ᠲᠦᠷ ᠪᠠᠶᠢᠬᠤ ᠥᠬᠡᠶ᠂ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠲᠥᠪ ︵ᠥᠷᠲᠡᠭᠡ︶᠎ ᠨᠢ ᠴᠠᠭᠠᠰᠤ ᠪᠠᠷ ᠦᠨᠡᠯᠡᠬᠦ ᠠᠷᠭ᠎ᠠ ᠮᠠᠶ᠋ᠢᠭ ᠢᠶᠠᠷ ᠰᠦᠯᠵᠢᠶᠡᠨ ᠠᠴᠠ ᠭᠠᠳᠠᠭᠤᠷᠬᠢ ᠦᠨᠡᠯᠡᠯᠲᠡ ᠶᠢ ᠥᠷᠨᠢᠭᠦᠯᠦᠨ᠎ᠡ᠃ ᠪᠦᠷᠢᠳᠬᠡᠯ ᠢ ᠦᠨᠳᠦᠰᠦᠯᠡᠪᠡᠯ᠂ 2024 ᠣᠨ ᠤ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ︽ᠰᠠᠶᠢᠨ ᠮᠠᠭᠤ ᠶᠢᠨ ᠦᠨᠡᠯᠡᠯᠲᠡ︾᠎ ᠶᠢᠨ ᠦᠨᠡᠯᠡᠯᠲᠡ ᠶᠢᠨ ᠲᠤᠭ᠎ᠠ ᠪᠠᠷᠢᠮᠲᠠ ᠶᠢ 1430 ᠵᠤᠷᠪᠤᠰ ᠴᠤᠭᠯᠠᠭᠤᠯᠵᠤ᠂ ᠡᠭᠦᠨ ᠳᠤ ︽ᠮᠠᠰᠢ ᠬᠠᠨᠤᠮᠵᠢᠲᠠᠶ︾ 1426 ᠵᠤᠷᠪᠤᠰ᠂ ︽ᠬᠠᠨᠤᠮᠵᠢᠲᠠᠶ︾ 4 ᠵᠤᠷᠪᠤᠰ᠂ ︽ᠦᠨᠳᠦᠰᠦᠨ ᠳᠡᠭᠡᠨ ᠬᠠᠨᠤᠮᠵᠢᠲᠠᠶ︾ 0 ᠵᠤᠷᠪᠤᠰ᠂ ︽ᠬᠠᠨᠤᠮᠵᠢ ᠥᠬᠡᠶ︾ 0 ᠵᠤᠷᠪᠤᠰ᠂ ︽ᠮᠠᠰᠢ ᠬᠠᠨᠤᠮᠵᠢ ᠥᠬᠡᠶ︾ 0 ᠵᠤᠷᠪᠤᠰ ᠪᠠᠶᠢᠵᠤ᠂ ᠰᠠᠶᠢᠨ ᠦᠨᠡᠯᠡᠯᠲᠡ ᠶᠢᠨ ᠨᠣᠷᠮ᠎ᠠ 100%᠎ ᠳᠤ ᠬᠥᠷᠪᠡ᠃       ᠲᠠᠷᠠᠭᠠᠴᠢ ᠶᠢᠨ ᠠᠯᠬᠤᠮ ᠳᠤ᠂ ᠵᠢᠨᠢᠩ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠰᠠᠶᠢᠨ ᠮᠠᠭᠤ ᠶᠢ ᠦᠨᠡᠯᠡᠬᠦ︾ ᠲᠦᠷᠢᠮ ᠤᠨ ᠰᠢᠰᠲ᠋ᠧᠮ ᠢ ᠠᠯᠬᠤᠮ ᠠᠯᠬᠤᠮ ᠢᠶᠠᠷ ᠪᠦᠷᠢᠨᠰᠢᠬᠦᠯᠦᠨ ᠲᠡᠭᠦᠯᠳᠡᠷᠵᠢᠭᠦᠯᠵᠦ᠂ ︽ᠰᠠᠶᠢᠨ ᠮᠠᠭᠤ ᠶᠢ ᠦᠨᠡᠯᠡᠬᠦ︾ ᠵᠥᠭᠡᠯᠡᠨ ᠬᠠᠲᠠᠭᠤ ᠲᠣᠨᠤᠭ ᠤᠨ ᠲᠥᠬᠦᠭᠡᠷᠦᠮᠵᠢ ᠶᠢᠨ ᠪᠠᠲᠤᠯᠠᠭ᠎ᠠ ᠶᠢ ᠴᠢᠩᠭᠠᠳᠬᠠᠨ᠎ᠠ᠃ ᠦᠨᠡᠯᠡᠬᠦ ᠠᠷᠭ᠎ᠠ ᠵᠠᠮ ᠢ ᠣᠯᠠᠨ ᠲᠠᠯ᠎ᠠ ᠠᠴᠠ᠂ ᠪᠥᠬᠦ ᠲᠠᠯ᠎ᠠ ᠪᠠᠷ ᠥᠷᠭᠡᠳᠬᠡᠵᠦ᠂ ᠰᠦᠯᠵᠢᠶᠡᠨ ᠠᠴᠠ ᠭᠠᠳᠠᠭᠤᠷᠬᠢ ᠴᠣᠩᠬᠤ ᠪᠠᠷ ︽ᠰᠠᠶᠢᠨ ᠮᠠᠭᠤ ᠶᠢ ᠦᠨᠡᠯᠡᠬᠦ︾ ᠦᠨᠡᠯᠡᠭᠦᠷ ᠢ ᠳᠣᠭᠢᠷᠠᠭᠤᠯᠬᠤ᠂ ᠰᠦᠯᠵᠢᠶᠡᠨ ᠳᠡᠭᠡᠷ᠎ᠡ ᠣᠬᠤᠷ ᠮᠡᠳᠡᠭᠡ ᠶᠢ ᠦᠨᠡᠯᠡᠬᠦ᠂ ︽ᠬᠤᠶᠠᠷ ᠬᠡᠮᠵᠢᠯᠳᠦ ᠲᠡᠮᠳᠡᠭ︾᠎ ᠢ ᠦᠨᠡᠯᠡᠬᠦ ᠵᠡᠷᠭᠡ ᠬᠠᠷᠢᠯᠴᠠᠨ ᠠᠭᠤᠰᠤᠯᠴᠠᠭᠰᠠᠨ ᠦᠨᠡᠯᠡᠬᠦ ᠠᠷᠭ᠎ᠠ ᠮᠠᠶ᠋ᠢᠭ ᠢᠶᠠᠷ ᠠᠵᠢᠯ ᠶᠠᠪᠤᠳᠠᠯ ᠭᠦᠶᠴᠡᠳᠬᠡᠬᠦ ᠣᠯᠠᠨ ᠲᠦᠮᠡᠨ ᠳᠤ ᠪᠣᠬᠢᠷᠲᠤᠯ ᠥᠬᠡᠶ ᠳᠥᠭᠦᠮ ᠳᠥᠲᠡ ᠦᠨᠡᠯᠡᠬᠦ ᠠᠷᠭ᠎ᠠ ᠵᠠᠮ ᠢ ᠬᠠᠩᠭᠠᠨ᠎ᠠ᠃ ︽ᠰᠠᠶᠢᠨ ᠮᠠᠭᠤ ᠶᠢᠨ ᠦᠨᠡᠯᠡᠯᠲᠡ︾᠎ ᠶᠢ ᠦᠨᠡᠯᠡᠵᠦ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠣᠯᠠᠨ ᠲᠦᠮᠡᠨ ᠤ ᠬᠠᠷᠢᠭᠤ ᠲᠤᠰᠬᠠᠭᠰᠠᠨ ᠬᠡᠷᠡᠭ ᠶᠠᠪᠤᠳᠠᠯ ᠰᠢᠶᠳᠪᠦᠷᠢᠯᠡᠬᠦ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠳᠤ᠂ ᠬᠠᠮᠤᠭ ᠤᠨ ᠲᠡᠷᠢᠭᠦᠨ ᠳᠤ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠷᠢᠯᠴᠠᠵᠤ ᠴᠡᠭᠴᠡᠯᠡᠨ ᠰᠠᠶᠢᠵᠢᠷᠠᠭᠤᠯᠵᠤ᠂ ᠡᠭᠦᠨ ᠤ ᠬᠠᠮᠲᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠳ᠋ᠦᠩ ᠢ ᠤᠯᠠᠨ ᠲᠦᠮᠡᠨ ᠳᠤ ᠬᠠᠷᠢᠭᠤ ᠲᠤᠰᠬᠠᠵᠤ᠂ ᠴᠠᠭ ᠲᠤᠬᠠᠢ ᠳᠤᠨᠢ ᠬᠠᠷᠢᠭᠤ ᠰᠤᠷᠪᠤᠯᠵᠢᠯᠠᠭ᠎ᠠ ᠬᠢᠵᠦ᠂ ᠦᠨᠡᠯᠡᠬᠦ᠂ ᠴᠡᠭᠴᠡᠯᠡᠨ ᠰᠠᠶᠢᠵᠢᠷᠠᠭᠤᠯᠬᠤ᠂ ᠬᠠᠷᠢᠭᠤ ᠲᠤᠰᠬᠠᠬᠤ᠂ ᠬᠠᠷᠢᠭᠤ ᠰᠤᠷᠪᠤᠯᠵᠢᠯᠠᠬᠤ ᠪᠦᠬᠦ ᠪᠢᠲᠡᠭᠦᠦ ᠴᠠᠭᠠᠷᠢᠭ ᠤᠨ ᠦᠨᠡᠯᠡᠯᠲᠡ ᠶᠢᠨ ᠲᠣᠭᠲᠠᠴᠠ ᠶᠢ ᠪᠦᠷᠢᠯᠳᠦᠭᠦᠯᠵᠦ᠂ ︽ᠰᠠᠶᠢᠨ ᠮᠠᠭᠤ ᠶᠢ ᠦᠨᠡᠯᠡᠬᠦ︾᠎ ᠶᠢ ᠬᠡᠯᠪᠡᠷᠢ ᠶᠢᠨ ᠲᠡᠳᠦᠢ ᠪᠣᠯᠭᠠᠬᠤ ᠠᠴᠠ ᠵᠠᠶᠢᠯᠠᠰᠬᠢᠵᠦ᠂ ᠤᠯᠠᠨ ᠲᠦᠮᠡᠨ ᠤ ᠠᠰᠢᠭ ᠲᠤᠰᠠ ᠳᠤ ᠬᠤᠯᠪᠣᠭᠳᠠᠬᠤ ᠪᠠᠭ᠎ᠠ ᠶᠠᠪᠤᠳᠠᠯ ᠪᠦᠬᠦᠨ ᠢ ᠵᠣᠬᠢᠰᠲᠠᠢ ᠰᠢᠢᠳᠪᠦᠷᠢᠯᠡᠬᠦ ᠶᠢ ᠦᠨᠡᠨᠬᠦ ᠪᠠᠲᠤᠯᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︽ᠰᠠᠶᠢᠨ‌ᠮᠠᠭᠤ ᠶᠢ ᠦᠨᠡᠯᠡᠬᠦ︾᠎ ᠪᠠᠷ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠭᠡᠳᠡᠷᠬᠦ ᠰᠢᠬᠠᠮᠳᠠᠭᠤᠯᠵᠤ ᠪᠠᠶᠢᠭᠠᠳ ᠰᠢᠨ᠎ᠡ ᠳᠡᠭᠲᠡᠷ ᠲᠤ ᠭᠠᠷᠭᠠᠬᠤ ᠬᠡᠷᠡᠭᠲᠡᠢ᠃            ᠣᠷᠴᠢᠭᠤᠯᠤᠭᠴᠢ᠄ ᠳ᠋ᠥᠩ ᠾᠦᠢ 
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2