ᠵᠢᠨᠢᠩ ᠲᠣᠭᠤᠷᠢᠭ ᠲᠤ ︽ᠳᠤᠮᠳᠠᠳᠤ ᠤᠯᠤᠰ ᠤᠨ ᠰᠤᠷᠭᠠᠭᠤᠯᠢ ᠶᠢᠨ ᠬᠦᠷᠢᠶᠡᠨ ᠤ ᠡᠷᠡᠭᠦᠯ ᠮᠡᠨᠳᠦ ᠶᠢᠨ ᠠᠵᠢᠯᠯᠠᠭ᠎ᠠ︾  ᠦᠷᠨᠢᠭᠦᠯᠪᠡ
ᠨᠡᠶᠢᠲᠡᠯᠡᠭᠰᠡᠨ ᠴᠠᠭ᠄
2024/4/26
       ᠵᠢᠨᠢᠩ ᠲᠣᠭᠤᠷᠢᠭ ᠲᠤ᠂ 4 ᠰᠠᠷ᠎ᠠ ᠶᠢᠨ 23᠎ ᠤ ᠡᠳᠦᠷ᠂ ︽ᠳᠤᠮᠳᠠᠳᠤ ᠤᠯᠤᠰ ᠤᠨ ᠰᠤᠷᠭᠠᠭᠤᠯᠢ ᠶᠢᠨ ᠬᠦᠷᠢᠶᠡᠨ ᠤ ᠡᠷᠡᠭᠦᠯ ᠮᠡᠨᠳᠦ ᠶᠢᠨ ᠠᠵᠢᠯᠯᠠᠭ᠎ᠠ︾ ᠶᠠᠪᠤᠭᠳᠠᠵᠤ᠂ ᠢ ᠯᠢ ᠳᠦᠡᠭ ᠹᠠᠨᠭ᠌ ᠰᠤᠷᠭᠠᠭᠤᠯᠢ ᠳᠤ ᠬᠠᠨᠳᠢᠪᠯᠠᠭᠰᠠᠨ ᠪᠠ ᠰᠡᠳᠬᠢᠴᠡ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠪᠡ᠃ ︽ᠳᠤᠮᠳᠠᠳᠤ ᠤᠯᠤᠰ ᠤᠨ ᠰᠤᠷᠭᠠᠭᠤᠯᠢ ᠶᠢᠨ ᠬᠦᠷᠢᠶᠡᠨ ᠤ ᠡᠷᠡᠭᠦᠯ ᠮᠡᠨᠳᠦ ᠶᠢᠨ ᠠᠵᠢᠯᠯᠠᠭ᠎ᠠ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠦᠶᠯᠡᠴᠢᠯᠡᠭᠡ ᠶᠢ ᠠᠬᠢᠭᠤᠯᠬᠤ ᠲᠥᠯᠥᠪᠯᠡᠭᠡ︾ ᠪᠣᠯ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠠᠯᠢ ᠣᠯᠠᠨ ᠦᠶᠯᠡᠴᠢᠯᠡᠭᠡ ᠶᠢ ᠥᠷᠨᠢᠭᠦᠯᠬᠦ ᠪᠠᠷ ᠳᠠᠮᠵᠢᠭᠤᠯᠤᠨ᠂ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠦᠶᠯᠡᠴᠢᠯᠡᠭᠡᠨ ᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠪᠥᠬᠦ ᠨᠡᠶᠢᠭᠡᠮ ᠢᠶᠠᠷ ᠢᠶᠠᠨ ᠬᠠᠮᠲᠤ ᠪᠠᠷ ᠪᠠᠶᠢᠭᠤᠯᠬᠤ ᠪᠠ ᠬᠠᠮᠲᠤ ᠪᠠᠷ ᠡᠳ᠋ᠯᠡᠬᠦ ᠶᠢ ᠬᠥᠲᠥᠯᠥᠨ ᠵᠢᠯᠣᠭᠤᠳᠴᠤ᠂ ᠶᠣᠰᠣ ᠰᠤᠷᠲᠠᠬᠤᠨ᠂ ᠣᠶᠤᠨ ᠤᠬᠠᠭᠠᠨ᠂ ᠪᠡᠶ᠎ᠡ ᠮᠠᠬᠠᠪᠣᠳ᠂  ᠭᠤᠸ᠎ᠠ ᠰᠠᠶᠢᠬᠠᠨ᠂ ᠬᠥᠳᠡᠯᠮᠦᠷᠢ ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠥᠲᠥᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠳᠤ ᠬᠦᠴᠦᠨ ᠨᠡᠮᠡᠷᠢᠯᠡᠨ᠎ᠡ᠃ ᠠᠵᠢᠯᠯᠠᠭ᠎ᠠ ᠳᠤᠮᠳᠠ᠂ ᠳᠤᠮᠳᠠᠳᠤ ᠤᠯᠤᠰ ᠤᠨ ᠰᠤᠷᠭᠠᠭᠤᠯᠢ ᠶᠢᠨ ᠬᠦᠷᠢᠶᠡᠨ ᠤ ᠡᠷᠡᠭᠦᠯ ᠮᠡᠨᠳᠦ ᠶᠢᠨ ᠠᠵᠢᠯᠯᠠᠭ᠎ᠠ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠬᠢᠭᠡᠳ ᠠᠮᠤᠷ ᠲᠦᠪᠰᠢᠨ ᠢᠶᠠᠷ ᠦᠰᠦᠨ ᠪᠤᠶᠢᠵᠢᠬᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠠᠯᠪᠠᠨ ᠬᠡᠷ᠂ ᠪᠡᠭᠡᠵᠢᠩ ᠤᠨ ᠼᠢ ᠹᠦ᠋ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠵᠢᠨᠢᠩ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠠᠮᠲᠤ ᠪᠠᠷ ︽ᠳᠤᠮᠳᠠᠳᠤ ᠤᠯᠤᠰ ᠤᠨ ᠰᠤᠷᠭᠠᠭᠤᠯᠢ ᠶᠢᠨ ᠬᠦᠷᠢᠶᠡᠨ ᠤ ᠡᠷᠡᠭᠦᠯ ᠮᠡᠨᠳᠦ ᠶᠢᠨ ᠠᠵᠢᠯᠯᠠᠭ᠎ᠠ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢ ᠠᠬᠢᠭᠤᠯᠬᠤ ᠲᠥᠯᠥᠪᠯᠡᠭᠡ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠠᠵᠢᠯᠯᠠᠭ᠎ᠠ ᠶᠢᠨ ᠵᠢᠯᠣᠭᠤᠳᠬᠤ ᠲᠥᠪ︾᠎ ᠤᠨ ᠫᠠᠶᠢᠰᠠ ᠶᠢ ᠰᠡᠬᠦᠪᠡ᠃ ᠴᠢᠩᠬᠤᠸᠠ ᠶᠡᠭᠡ ᠰᠤᠷᠭᠠᠭᠤᠯᠢ ᠶᠢᠨ ᠢᠳᠡᠪᠬᠢ ᠰᠡᠳᠬᠢᠴᠡ ᠵᠦᠶ ᠶᠢᠨ ᠰᠤᠳᠤᠯᠭᠠᠨ ᠤ ᠲᠥᠪ ᠤᠨ ᠰᠤᠳᠤᠯᠤᠭᠴᠢ᠂ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠦᠶᠯᠡᠴᠢᠯᠡᠭᠡ ᠶᠢ ᠠᠬᠢᠭᠤᠯᠬᠤ ᠲᠥᠯᠥᠪᠯᠡᠭᠡ ᠶᠢᠨ ᠠᠵᠢᠯᠯᠠᠭ᠎ᠠ ᠶᠢᠨ ᠲᠦᠷᠦᠭᠦᠦ ᠲᠤᠰᠬᠠᠶ ᠮᠡᠷᠭᠡᠵᠢᠯᠲᠡᠨ ᠸᠠᠩ ᠮᠢᠩ ᠬᠤᠤ ᠪᠣᠳᠠᠲᠠᠶ ᠬᠡᠷᠡᠭ ᠤᠨ ᠵᠢᠱᠢᠶ᠎ᠡ᠂ ᠲᠤᠭ᠎ᠠ ᠪᠠᠷᠢᠮᠲᠠ ᠶᠢᠨ ᠦᠵᠡᠭᠦᠯᠦᠯᠭᠡ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠳᠤ ᠰᠡᠳᠬᠢᠴᠡ ᠶᠢᠨ ᠡᠷᠡᠭᠦᠯ ᠮᠡᠨᠳᠦ ᠶᠢ ᠰᠢᠭᠰᠢᠨ ᠪᠠᠶᠢᠴᠠᠭᠠᠵᠤ ᠦᠨᠡᠯᠡᠬᠦ ᠦᠶᠯᠡᠴᠢᠯᠡᠭᠡᠨ ᠤ ᠬᠡᠷᠡᠭᠯᠡᠭᠡᠨ ᠤ ᠮᠡᠷᠭᠡᠵᠢᠯ ᠪᠠ ᠠᠵᠢᠯᠯᠠᠬᠤ ᠶᠠᠪᠤᠴᠠ ᠵᠡᠷᠭᠡ ᠶᠢ ᠨᠠᠷᠢᠨ ᠲᠠᠨᠢᠯᠴᠠᠭᠤᠯᠪᠠ᠃    ᠳᠠᠷᠠᠭᠠᠴᠢ ᠶᠢᠨ ᠠᠯᠬᠤᠮ ᠳᠤ᠂ ᠳᠤᠮᠳᠠᠳᠤ ᠤᠯᠤᠰ ᠤᠨ ᠬᠤᠶᠢᠴᠢ ᠦᠶ᠎ᠡ ᠶᠢᠨ ᠡᠷᠡᠭᠦᠯ ᠮᠡᠨᠳᠦ ᠶᠢ ᠬᠠᠯᠠᠮᠵᠢᠯᠠᠬᠤ ᠪᠡᠶ᠎ᠡ ᠶᠢᠨ ᠲᠠᠮᠢᠷ ᠤᠨ ᠰᠠᠭᠤᠷᠢ ᠮᠥᠩᠭᠦᠨ ᠤ ᠨᠡᠶᠢᠭᠡᠮᠯᠢᠭ ᠵᠢᠨᠢᠩ ᠲᠣᠭᠤᠷᠢᠭ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠰᠦᠢᠳᠬᠡᠯ ᠬᠤᠷᠢᠶᠠᠬᠤ ᠦᠭᠡᠢ ᠪᠠᠷ ᠰᠡᠳᠬᠢᠴᠡ ᠶᠢᠨ ᠡᠷᠡᠭᠦᠯ ᠮᠡᠨᠳᠦ ᠶᠢ ᠰᠢᠭᠰᠢᠨ ᠪᠠᠶᠢᠴᠠᠭᠠᠵᠤ ᠦᠨᠡᠯᠡᠬᠦ ᠦᠢᠯᠡᠴᠢᠯᠡᠭᠡ ᠬᠠᠩᠭᠠᠬᠤ ᠪᠣᠯᠤᠨ᠎ᠠ᠃               ᠰᠤᠷᠪᠤᠯᠵᠢᠯᠠᠭᠴᠢ᠄ ᠶᠦᠨ ᠨᠠ                ᠴᠢᠮᠡᠭᠡᠯᠡᠭᠴᠢ ᠄ ᠸᠠᠩ ᠶᠣᠣ                ᠤᠷᠴᠢᠭᠤᠯᠤᠭᠴᠢ᠄  ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ  ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2