ᠳᠤᠮᠳᠠᠳᠤ ᠪᠠᠭ᠎ᠠ ᠰᠤᠷᠭᠠᠭᠤᠯᠢ ᠶᠢᠨ ︽ᠰᠠᠭᠤᠷᠢ ᠠᠴᠠ ᠨᠢ ᠡᠬᠢᠯᠡᠬᠦ︾ ᠶᠡᠭᠡ ᠵᠢᠭᠰᠠᠭᠠᠨ ᠪᠠᠶᠢᠴᠠᠭᠠᠯᠲᠠ︕
ᠨᠡᠶᠢᠲᠡᠯᠡᠭᠰᠡᠨ ᠴᠠᠭ᠄
2024/4/28
    4 ᠰᠠᠷ᠎ᠠ ᠶᠢᠨ 26᠎ ᠤ ᠡᠳᠦᠷ᠂ ᠰᠤᠷᠭᠠᠨ ᠬᠥᠮᠦᠵᠢᠯ ᠤᠨ ᠶᠠᠮᠤᠨ ᠳᠣᠲᠣᠭᠠᠳᠤ ᠶᠢ ᠬᠠᠮᠠᠭᠠᠯᠠᠬᠤ ᠶᠠᠮᠤᠨ᠂ ᠤᠯᠤᠰ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠠᠮᠤᠷ ᠲᠦᠪᠰᠢᠨ ᠤ ᠠᠵᠢᠯ ᠤᠨ ᠸᠢᠳᠢᠣ᠋ ᠬᠤᠷᠠᠯ ᠬᠤᠷᠠᠯᠳᠤᠭᠤᠯᠪᠠ᠃ ᠬᠤᠷᠠᠯ ᠠᠴᠠ᠂ ᠡᠯ᠎ᠡ ᠭᠠᠵᠠᠷ ᠤᠨ ᠬᠢᠨ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠤ ᠠᠵᠢᠯ ᠤᠨ ᠭᠤᠣᠯᠳᠠᠯᠭ᠎ᠠ ᠲᠠᠢ ᠬᠦᠷᠢᠶᠡᠨ ᠤ ᠵᠠᠰᠠᠯᠲᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠄    ᠰᠡᠳᠬᠢᠴᠡ ᠶᠢᠨ ᠡᠷᠡᠭᠦᠯ ᠮᠡᠨᠳᠦ ᠶᠢᠨ ᠲᠤᠰᠬᠠᠢ ᠠᠵᠢᠯᠯᠠᠭ᠎ᠠ ᠶᠢ ᠭᠦᠨᠵᠡᠭᠡᠢ ᠦᠷᠨᠢᠭᠦᠯᠵᠦ ︽ᠲᠠᠪᠤᠨ ᠬᠥᠮᠦᠵᠢᠯ ᠢ ᠵᠡᠷᠭᠡᠪᠡᠷ ᠠᠳᠬᠤᠬᠤ︾᠎ ᠶᠢ ᠪᠠᠷᠢᠮᠲᠠᠯᠠᠵᠤ᠂ ︽ᠬᠤᠶᠠᠷ ᠢ ᠪᠠᠭᠠᠰᠬᠠᠬᠤ︾ ᠠᠵᠢᠯ ᠢ ᠪᠥᠬᠦ ᠲᠠᠯ᠎ᠠ ᠪᠠᠷ ᠠᠬᠢᠭᠤᠯᠤᠨ᠎ᠠ᠃ ᠰᠣᠷᠣᠠᠠᠴᠢᠳ ᠤᠨ ᠰᠡᠳᠬᠢᠴᠡ ᠶᠢᠨ ᠡᠷᠡᠬᠦᠯ ᠡᠩᠬᠡ ᠶᠢᠨ ᠬᠢᠨᠡᠨ ᠰᠢᠨᠵᠢᠬᠦ ᠪᠠ ᠣᠷᠢᠳᠴᠢᠯᠡᠨ ᠰᠡᠷᠡᠮᠵᠢᠯᠡᠬᠦᠯᠬᠦ ᠲᠣᠠᠠᠳᠡᠴᠠ ᠶᠢ ᠪᠦᠷᠢᠨᠰᠢᠬᠦᠯᠵᠦ᠂ ᠠᠨᠠᠭᠠᠬᠤ ᠣᠬᠠᠭᠠᠨ ᠪᠠ ᠰᠣᠷᠭᠠᠭᠤᠯᠢ ᠶᠢᠨ ᠬᠠᠮᠵᠢᠯᠴᠠᠭ᠎ᠠ ᠶᠢ ᠴᠢᠩᠭᠠᠳᠬᠠᠨ᠎ᠠ᠃ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠱᠠᠲᠤ ᠲᠥᠷᠥᠯ ᠬᠤᠪᠢᠶᠠᠨ ᠥᠷᠨᠢᠭᠦᠯᠵᠦ᠂ ᠤᠬᠠᠭᠤᠯᠭ᠎ᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ ᠠᠬᠢᠭᠤᠯᠤᠨ᠂ ︽ᠬᠥᠮᠦᠨ ᠪᠦᠬᠦᠨ ᠰᠡᠳᠬᠢᠴᠡ ᠶᠢ ᠠᠩᠬᠠᠷᠴᠤ᠂ ᠬᠥᠮᠦᠨ ᠪᠦᠬᠦᠨ ᠡᠷᠡᠭᠦᠯ ᠮᠡᠨᠳᠦ ᠶᠢ ᠴᠢᠬᠤᠯᠠᠴᠢᠯᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃    ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠲᠤᠰᠬᠠᠶ ᠵᠦᠢᠯ ᠤᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠬᠦ ᠬᠡᠷᠡᠭᠲᠡᠶ    ᠪᠣᠶ ᠪᠥᠬᠦᠶ ᠳᠤᠮᠳᠠᠳᠤ ᠪᠠᠭ᠎ᠠ ᠰᠤᠷᠭᠠᠭᠤᠯᠢ ᠳᠤ ᠨᠢᠭᠡ ᠤᠳᠠᠭᠠᠨ ᠤ ︽ᠰᠠᠭᠤᠷᠢ ᠠᠴᠠ ᠨᠢ ᠡᠬᠢᠯᠡᠬᠦ︾ ᠶᠡᠭᠡ ᠪᠠᠶᠢᠴᠠᠭᠠᠯᠲᠠ ᠶᠢ ᠥᠷᠨᠢᠭᠦᠯᠪᠡ᠃ ᠪᠠᠭᠰᠢ ᠰᠤᠷᠤᠭᠴᠢ᠂ ᠭᠡᠷ ᠤᠨ ᠠᠬᠠᠮᠠᠳ ᠲᠤ ᠬᠠᠨᠳᠤᠭᠤᠯᠤᠨ ᠲᠣᠭᠲᠠᠮᠠᠯ ᠬᠤᠭᠤᠴᠠᠭ᠎ᠠ ᠲᠠᠢ ᠪᠠᠷ ᠬᠠᠤᠯᠢ ᠪᠠᠷ ᠵᠠᠰᠠᠬᠤ ᠬᠥᠮᠦᠵᠢᠯ ᠢ ᠥᠷᠨᠢᠭᠦᠯᠵᠦ᠂ ᠰᠤᠷᠤᠭᠴᠢᠳ ᠤᠨ ᠳᠣᠷᠣᠮᠵᠢᠯᠠᠬᠤ ᠶᠢ ᠰᠡᠷᠭᠡᠶᠢᠯᠡᠨ ᠵᠠᠰᠠᠬᠤ ᠲᠤᠰᠬᠠᠶ ᠰᠡᠳᠦᠪᠲᠦ ᠬᠥᠮᠦᠵᠢᠯ ᠪᠣᠯᠪᠠᠰᠤᠷᠠᠯ ᠢ ᠥᠷᠨᠢᠭᠦᠯᠦᠨ᠎ᠡ᠃ ᠰᠤᠷᠭᠠᠨ ᠬᠥᠮᠦᠵᠢᠭᠦᠯᠵᠦ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠦᠷᠢᠨᠰᠢᠭᠦᠯᠦᠨ᠎ᠡ᠃    ᠠᠷᠠᠳ ᠤᠨ ᠴᠠᠭᠳᠠᠭ᠎ᠠ ᠰᠤᠷᠤᠭᠴᠢᠳ ᠲᠤ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠨ ᠭᠤᠲᠤᠭᠠᠬᠤ ᠶᠢ ᠰᠡᠷᠭᠡᠶᠢᠯᠡᠬᠦ ᠪᠠ ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠢ ᠰᠡᠷᠭᠡᠶᠢᠯᠡᠬᠦ ᠬᠠᠮᠢᠶ᠎ᠠ ᠪᠦᠬᠦᠢ ᠮᠡᠳᠡᠯᠭᠡ ᠶᠢ ᠲᠠᠶᠢᠯᠪᠤᠷᠢᠯᠠᠪᠠ᠃    ︽ᠰᠤᠷᠭᠠᠭᠤᠯᠢ ᠶᠢ ᠬᠠᠮᠠᠭᠠᠯᠠᠵᠤ ᠴᠡᠴᠡᠷᠯᠢᠭ ᠢ ᠠᠮᠤᠷᠵᠢᠭᠤᠯᠬᠤ︾ ᠲᠤᠰᠬᠠᠢ ᠠᠵᠢᠯᠯᠠᠭ᠎ᠠ ᠶᠢ ᠭᠦᠨᠵᠡᠭᠡᠢ ᠶᠠᠪᠤᠭᠳᠠᠭᠤᠯᠪᠠ    ᠬᠥᠳᠡᠭᠡ ᠲᠣᠰᠬᠤᠨ ᠤ ᠰᠤᠷᠭᠠᠭᠤᠯᠢ ᠪᠠ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠪᠠᠷ ᠭᠤᠣᠯᠳᠠᠯᠭ᠎ᠠ ᠪᠣᠯᠭᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠭᠠᠯ ᠤᠨᠲᠠᠷᠠᠭᠠᠬᠤ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ᠂ ᠰᠤᠷᠭᠠᠭᠤᠯᠢ ᠶᠢᠨ ᠪᠠᠶᠢᠷᠢ ᠶᠢᠨ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠬᠡᠷᠡᠭᠲᠡᠶ᠃ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ᠂ ︽ᠰᠤᠷᠤᠯᠭ᠎ᠠ ᠶᠢ ᠬᠠᠮᠠᠭᠠᠯᠠᠬᠤ ᠠᠵᠢᠯ ᠤᠨ ᠪᠠᠶᠢᠷᠢ︾᠎ ᠶᠢᠨ ᠲᠣᠭᠲᠠᠴᠠ ᠶᠢ ᠲᠡᠭᠦᠯᠳᠡᠷᠵᠢᠭᠦᠯᠵᠦ᠂ ︽ᠦᠶᠯᠡᠴᠢᠯᠡᠬᠦ︾ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠡᠵᠡᠩᠨᠡᠯᠲᠡ ᠶᠢᠨ ᠲᠠᠯᠠᠪᠤᠷ ᠭᠠᠵᠠᠷ ᠢ ᠵᠢᠷᠤᠮᠵᠢᠭᠤᠯᠤᠨ ᠴᠡᠭᠴᠡᠯᠡᠨ ᠵᠠᠰᠠᠬᠤ ᠶᠢ ᠴᠢᠩᠭᠠᠳᠬᠠᠵᠤ᠂ ᠰᠤᠷᠭᠠᠭᠤᠯᠢ ᠳᠤ ᠬᠤᠯᠪᠣᠭᠳᠠᠭᠰᠠᠨ ᠰᠤᠷᠤᠭᠴᠢ ᠳᠤ ᠬᠤᠯᠪᠣᠭᠳᠠᠭᠰᠠᠨ ᠵᠥᠷᠢᠴᠡᠯ ᠵᠢᠭᠤᠷᠠᠯᠳᠤᠭᠠᠨ ᠢ ᠬᠠᠮᠵᠢᠯᠴᠠᠨ ᠰᠢᠶᠳᠪᠦᠷᠢᠯᠡᠵᠦ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠵᠠᠰᠠᠯᠲᠠ ᠶᠢ ᠪᠥᠬᠦ ᠲᠠᠯ᠎ᠠ ᠪᠠᠷ ᠴᠢᠩᠭᠠᠳᠬᠠᠪᠠ᠃    ᠤᠰᠤᠨ ᠳᠤ ᠵᠢᠪᠬᠦ ᠶᠢ ᠰᠡᠷᠭᠡᠶᠢᠯᠡᠬᠦ ᠲᠤᠰᠬᠠᠢ ᠠᠵᠢᠯᠯᠠᠭ᠎ᠠ ᠶᠢ ᠭᠦᠨᠵᠡᠭᠡᠢ ᠶᠠᠪᠤᠭᠳᠠᠭᠤᠯᠤᠨ᠎ᠠ    ᠡᠯ᠎ᠡ ᠲᠥᠷᠥᠯ ᠤᠨ ᠵᠠᠭᠤᠴᠢᠯᠠᠭᠤᠷ ᠤᠨ ᠡᠬᠢ ᠪᠠᠶᠠᠯᠢᠭ ᠢ ᠭᠦᠢᠴᠡᠳ ᠠᠰᠢᠭᠯᠠᠨ᠂ ᠥᠨᠳᠥᠷ ᠤᠳᠠᠭ᠎ᠠ᠂ ᠪᠦᠷᠢᠨ ᠪᠥᠷᠬᠦᠭᠦᠯᠵᠦ ᠪᠠᠶᠢᠭᠠᠳ ᠤᠰᠤᠨ ᠳᠤ ᠵᠢᠪᠬᠦ ᠶᠢ ᠰᠡᠷᠭᠡᠶᠢᠯᠡᠬᠦ ᠬᠥᠮᠦᠵᠢᠯ ᠢ ᠥᠷᠨᠢᠭᠦᠯᠦᠨ᠎ᠡ᠃ ᠤᠰᠤᠨ ᠳᠤ ᠵᠢᠪᠬᠦ ᠶᠢ ᠰᠡᠷᠭᠡᠶᠢᠯᠡᠬᠦ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠪᠣᠯᠤᠨ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠰᠤᠨ ᠣᠷᠣᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠨᠥᠬᠦᠴᠡᠯ ᠲᠠᠢ ᠭᠠᠵᠠᠷ ᠣᠷᠣᠨ ᠢ ᠵᠣᠷᠢᠭᠵᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠠᠨᠳᠤᠭᠤᠯᠤᠨ ᠤᠮᠪᠠᠯᠲᠠ ᠶᠢᠨ ᠬᠥᠮᠦᠵᠢᠯ ᠪᠠ ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠭᠡᠨ ᠢᠶᠠᠷ ᠥᠷᠨᠢᠭᠦᠯᠵᠦ᠂ ᠠᠮᠤᠷ ᠲᠦᠪᠰᠢᠨ᠂ ᠳᠥᠭᠦᠮ ᠳᠥᠲᠡ ᠂ ᠵᠢᠷᠤᠮᠵᠢᠯ ᠲᠠᠢ  ᠣᠷᠴᠢᠨ ᠲᠣᠭᠤᠷᠢᠨ ᠢ ᠬᠠᠩᠭᠠᠨ᠎ᠠ᠃    ᠵᠠᠮ ᠬᠠᠷᠢᠯᠴᠠᠭᠠᠨ ᠤ ᠠᠮᠤᠷ ᠲᠦᠪᠰᠢᠨ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ    ᠵᠠᠮ ᠬᠠᠷᠢᠯᠴᠠᠭᠠᠨ ᠤ ᠠᠮᠤᠷ ᠲᠦᠪᠰᠢᠨ ᠤ ᠬᠥᠮᠦᠵᠢᠯ ᠢ ᠥᠷᠭᠡᠨ ᠳᠡᠯᠭᠡᠷ ᠥᠷᠨᠢᠭᠦᠯᠵᠦ᠂ ᠪᠠᠭᠰᠢ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠵᠠᠮ ᠬᠠᠷᠢᠯᠴᠠᠭᠠᠨ ᠤ ᠳᠦᠷᠢᠮ ᠢ ᠤᠬᠠᠮᠰᠠᠷ ᠠᠴᠠ ᠨᠢ ᠵᠢᠷᠤᠮᠯᠠᠭᠤᠯᠬᠤ ᠬᠡᠷᠡᠭᠲᠡᠶ᠃ ᠲᠤᠰᠬᠠᠶ ᠬᠡᠷᠡᠭᠯᠡᠭᠡᠨ ᠤ ᠰᠤᠷᠤᠭᠴᠢ ᠵᠥᠭᠡᠭᠡᠪᠦᠷᠢᠯᠡᠬᠦ ᠲᠡᠷᠭᠡ ᠶᠢ ᠵᠢᠷᠤᠮᠵᠢᠭᠤᠯᠤᠨ ᠬᠥᠭᠵᠢᠭᠦᠯᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠤᠷᠤᠭᠴᠢᠳ ᠤᠨ ᠨᠡᠶᠢᠲᠡ ᠶᠢᠨ ᠵᠠᠮ ᠬᠠᠷᠢᠯᠴᠠᠭ᠎ᠠ ᠶᠢ ᠬᠥᠭᠵᠢᠭᠦᠯᠵᠦ᠂ ᠰᠤᠷᠤᠭᠴᠢ ᠵᠥᠭᠡᠭᠡᠪᠦᠷᠢᠯᠡᠬᠦ ᠲᠡᠷᠭᠡ ᠪᠣᠯᠤᠨ ᠰᠤᠷᠤᠭᠴᠢᠳ ᠢ ᠲᠤᠰᠴᠤ ᠬᠦᠷᠭᠡᠬᠦ ᠲᠡᠷᠭᠡ ᠬᠥᠰᠬᠡ ᠶᠢ ᠵᠠᠰᠠᠬᠤ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠰᠤᠷᠭᠠᠭᠤᠯᠢ ᠶᠢᠨ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠪᠡᠯᠡᠳᠬᠡᠮᠵᠢ ᠪᠠ ᠬᠠᠮᠢᠶᠠᠷᠤᠯᠲᠠ ᠶᠢᠨ ᠪᠡᠯᠡᠳᠬᠡᠮᠵᠢ ᠶᠢ ᠪᠥᠬᠦ ᠲᠠᠯ᠎ᠠ ᠪᠠᠷ ᠲᠡᠭᠦᠯᠳᠡᠷᠵᠢᠭᠦᠯᠵᠦ᠂ ᠰᠤᠷᠭᠠᠭᠤᠯᠢ ᠶᠢᠨ ᠡᠭᠦᠳᠡ ᠵᠢᠴᠢ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠲᠤᠪᠠᠷ ᠰᠠᠶᠢᠲᠤᠷ ᠬᠠᠮᠠᠭᠠᠯᠠᠨ᠎ᠠ᠃             ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2