| | | | | | | | | 4 ᠰᠠᠷ᠎ᠠ ᠶᠢᠨ 23 ᠤ ᠡᠳᠦᠷ ᠠᠴᠠ 24 ᠤ ᠡᠳᠦᠷ ᠪᠣᠯᠲᠠᠯ᠎ᠠ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠬᠢ ᠵᠢᠴᠢ ᠤᠨᠤᠯ ᠰᠤᠷᠤᠯᠴᠠᠬᠤ | ᠭᠤᠣᠯ ᠳᠤᠭᠤᠶᠢᠯᠠᠩ ᠤᠨ 2024 ᠣᠨ ᠤ 6 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢ ᠡᠷᠬᠢᠯᠡᠵᠦ᠂ | ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ | ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ | ᠰᠢᠳᠬᠡᠯ ᠥᠭᠬᠦ ᠲᠦᠷᠢᠮ︾ ᠢ ᠬᠢᠨᠠᠮᠠᠭᠠᠢ ᠰᠤᠷᠤᠯᠴᠠᠨ ᠣᠶᠢᠯᠠᠭᠠᠪᠠ᠃ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ᠂ ᠵᠢᠨᠢᠩ | ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠶ ᠷᠦᠢ᠂ | ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠰᠢᠤᠢ ᠯᠦᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠲᠦᠩ ᠢ ᠵᠢᠴᠢ | ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ | ᠵᠥᠪᠯᠡᠯᠭᠡᠨ ᠤ ᠤᠳᠤᠷᠢᠳᠬᠤ ᠨᠥᠬᠦᠳ ᠪᠣᠯᠤᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ︽ᠬᠤᠶᠠᠷ ᠳᠠᠷᠤᠭ᠎ᠠ | ︾ ᠣᠷᠣᠯᠴᠠᠵᠠᠶ᠃ | ᠨᠣᠮ ᠤᠩᠰᠢᠬᠤ ᠠᠩᠭᠢ ᠶᠢ ᠲᠤᠰᠬᠠᠶ ᠮᠡᠷᠭᠡᠵᠢᠯᠲᠡᠨ ᠢᠶᠠᠷ ᠵᠢᠯᠣᠭᠤᠳᠣᠭᠤᠯᠬᠤ᠂ ᠲᠥᠪᠯᠡᠷᠡᠭᠦᠯᠦᠨ ᠥᠪᠡᠰᠦᠪᠡᠨ | ᠰᠤᠷᠤᠯᠴᠠᠬᠤ ᠪᠠ ᠰᠤᠳᠤᠯᠤᠨ ᠶᠠᠷᠢᠯᠴᠠᠵᠤ ᠰᠠᠨᠠᠯ ᠰᠣᠯᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ | ᠶᠠᠪᠤᠭᠳᠠᠭᠤᠯᠪᠠ᠃ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠨᠠᠮ ᠤᠨ ᠲᠡᠦᠬᠡ ᠨᠠᠮ ᠤᠨ | ᠪᠠᠶᠢᠭᠤᠯᠤᠯᠲᠠ ᠶᠢᠨ ᠵᠢᠭᠠᠨ ᠰᠤᠳᠤᠯᠬᠤ ᠬᠡᠯᠲᠡᠰ ᠤᠨ ᠫᠷᠤᠹᠧᠰᠰᠤᠷ ᠵᠧᠨ ᠰᠢᠶᠤᠤ ᠶᠠᠨ ᠬᠤᠷᠠᠯ ᠳᠤ ᠣᠷᠣᠯᠴᠠᠭᠰᠠᠨ | ᠨᠥᠬᠦᠳ ᠲᠤ ᠲᠤᠰᠬᠠᠶ ᠰᠡᠳᠦᠪᠲᠦ ᠬᠠᠪᠰᠤᠷᠤᠨ ᠵᠢᠯᠣᠭᠤᠳᠣᠯᠭ᠎ᠠ ᠬᠢᠵᠦ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ | ︽ᠲᠦᠷᠢᠮ︾ ᠤᠨ ᠴᠢᠬᠤᠯᠠ ᠶᠡᠭᠡ ᠠᠴᠢ ᠬᠤᠯᠪᠣᠭᠳᠠᠯ᠂ ᠭᠤᠤᠯ ᠠᠭᠤᠯᠭ᠎ᠠ ᠪᠠ ᠦᠢᠯᠡᠳᠦᠯᠭᠡ ᠶᠢᠨ | ᠱᠠᠭᠠᠷᠳᠠᠯᠭ᠎ᠠ ᠶᠢ ᠭᠦᠨᠵᠡᠭᠡᠶ ᠲᠣᠳᠣᠷᠬᠠᠶᠢᠯᠠᠨ ᠥᠭᠦᠯᠡᠵᠦ᠂ ᠪᠥᠬᠦ ᠲᠤᠭᠤᠷᠢᠭ ᠤᠨ ᠤᠳᠤᠷᠢᠳᠬᠤ ᠺᠠᠳ᠋ᠷᠴᠤᠳ ᠤᠨ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠦᠷᠢᠮ︾ ᠢ ᠭᠦᠨᠵᠡᠭᠡᠶ ᠤᠶᠢᠯᠠᠭᠠᠨ ᠣᠨᠣᠪᠴᠢᠲᠠᠶ ᠡᠵᠡᠮᠰᠢᠬᠦ ᠳᠤ | ᠰᠡᠩᠬᠡᠷᠡᠭᠦᠯᠬᠦ ᠪᠠ ᠲᠣᠯᠢ ᠪᠣᠯᠭᠠᠬᠤ ᠦᠢᠯᠡᠳᠦᠯ ᠦᠵᠡᠭᠦᠯᠪᠡ᠃ ᠬᠤᠶᠠᠷ ᠡᠳᠦᠷ ᠤᠨ ᠲᠤᠷᠰᠢ᠂ ᠲᠤᠭᠤᠷᠢᠭ ᠤᠨ | ᠱᠠᠲᠤᠨ ᠤ ᠤᠳᠤᠷᠢᠳᠬᠤ ᠨᠥᠬᠦᠳ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ | ᠲᠥᠪᠯᠡᠷᠡᠭᠦᠯᠦᠨ ᠥᠪᠡᠰᠦᠪᠡᠨ ᠰᠤᠷᠤᠯᠴᠠᠵᠤ᠂ ︽ᠲᠦᠷᠢᠮ︾ ᠢ ᠲᠡᠷᠡ ᠬᠡᠪ ᠢᠶᠠᠷ ᠨᠢ ᠰᠤᠷᠤᠯᠴᠠᠵᠤ᠂ ᠲᠦᠷᠢᠮ | ᠲᠣᠭᠲᠠᠭᠠᠯ ᠢ ᠵᠤᠷᠪᠤᠰ ᠳᠠᠷᠠᠭᠠᠯᠠᠨ ᠰᠤᠷᠤᠯᠴᠠᠵᠤ᠂ ᠰᠤᠳᠤᠯᠤᠨ ᠶᠠᠷᠢᠯᠴᠠᠵᠤ ᠰᠣᠯᠢᠯᠴᠠᠬᠤ ᠠᠵᠢᠯ ᠢ ᠭᠦᠨᠵᠡᠭᠡᠶ | ᠥᠷᠨᠢᠭᠦᠯᠪᠡ᠃ ᠵᠠᠩ ᠶᠦᠩ ᠸᠧᠨ᠂ ᠺᠠᠩ ᠬᠠᠢ ᠷᠦᠢ᠂ ᠰᠢᠤᠢ ᠯᠦᠩ᠂ ᠲᠦᠩ ᠢ᠂ ᠵᠠᠩ ᠱᠧᠩ ᠵᠢᠶᠠᠩ᠂ ᠵᠠᠩ | ᠱᠦᠨ ᠯᠢ᠂ ᠯᠠᠨ ᠮᠢᠩ ᠹᠠᠩ᠂ ᠸᠠᠩ ᠯᠢ ᠰᠢᠨ᠂ ᠶᠠᠨ ᠮᠠᠨ ᠯᠢ ᠨᠡᠷ ᠰᠠᠨᠠᠯ ᠢᠶᠠᠨ ᠰᠣᠯᠢᠯᠴᠠᠬᠤ ᠦᠭᠡ ᠬᠡᠯᠡᠪᠡ᠃ | ᠲᠥᠪᠯᠡᠷᠡᠭᠦᠯᠦᠨ ᠰᠤᠷᠤᠯᠴᠠᠬᠤ ᠪᠠᠷ ᠳᠠᠮᠵᠢᠨ᠂ ᠤᠯᠠᠨ ᠢᠶᠠᠷ ᠢᠶᠠᠨ ︽ᠲᠦᠷᠢᠮ︾ ᠤᠨ ᠪᠠᠶᠠᠯᠢᠭ ᠠᠭᠤᠯᠤᠭᠳᠠᠬᠤᠨ | ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠨᠡᠩ ᠪᠦᠬᠦ ᠲᠠᠯ᠎ᠠ ᠶᠢᠨ᠂ ᠭᠦᠨᠵᠡᠭᠡᠢ ᠤᠶᠢᠯᠠᠭᠠᠨ ᠡᠵᠡᠮᠰᠢᠵᠦ᠂ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠠ ᠲᠥᠪ ᠴᠢᠩᠭ᠎ᠠ ᠨᠠᠮᠴᠢ ᠴᠢᠨᠠᠷ ᠤᠨ ᠳᠠᠪᠲᠠᠯᠲᠠ ᠶᠢ ᠨᠡᠶᠢᠳᠡᠮ | ᠣᠯᠵᠤ ᠮᠡᠳᠡᠪᠡ᠃ | ᠵᠠᠩ ᠶᠦᠩ ᠸᠧᠨ ᠤᠯᠠᠨ ᠲᠠᠢ ᠰᠤᠷᠤᠯᠴᠠᠭᠰᠠᠨ ᠣᠶᠢᠯᠠᠭᠠᠯᠲᠠ ᠪᠠᠨ ᠰᠣᠯᠢᠯᠴᠠᠪᠠ᠃ ᠲᠡᠷᠡ ᠬᠡᠯᠡᠭᠰᠡᠨ ᠨᠢ᠂ | ᠴᠠᠭ ᠬᠤᠭᠤᠴᠠᠭ᠎ᠠ ᠶᠢ ︽ᠰᠠᠬᠢᠯᠭ᠎ᠠ ᠪᠠᠲᠤ ᠶᠢ ᠰᠤᠷᠤᠯᠴᠠᠬᠤ︾ ᠳᠡᠭᠡᠷ᠎ᠡ ᠬᠡᠷᠡᠭᠯᠡᠬᠦ ᠶᠢ ᠪᠠᠷᠢᠮᠲᠠᠯᠠᠵᠤ᠂ ᠶᠡᠷᠦᠩᠬᠡᠢ | ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ | ᠥᠭᠦᠯᠡᠯᠲᠡ ᠪᠣᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ | ᠲᠦᠷᠢᠮ︾ ᠲᠠᠢ ᠨᠢᠭᠲᠠ ᠤᠶᠠᠯᠳᠤᠭᠤᠯᠤᠨ᠂ ᠲᠦᠷᠢᠮ ᠲᠣᠭᠲᠠᠭᠠᠯ ᠳᠠᠷᠠᠭᠠᠯᠠᠨ ᠰᠤᠷᠤᠯᠴᠠᠵᠤ᠂ ᠪᠣᠳᠠᠲᠠᠢ ᠲᠠᠢ | ᠤᠶᠠᠯᠳᠤᠭᠤᠯᠤᠨ ᠰᠤᠷᠤᠯᠴᠠᠵᠤ᠂ ᠲᠣᠳᠣᠷᠬᠠᠶᠢᠯᠠᠨ ᠥᠭᠦᠯᠡᠵᠦ᠂ ᠨᠡᠪᠲᠡᠷᠡᠲᠡᠯ᠎ᠡ ᠰᠤᠷᠤᠯᠴᠠᠵᠤ᠂ ︽ᠭᠦᠨᠵᠡᠭᠡᠢ | ᠰᠤᠷᠤᠯᠴᠠᠵᠤ ᠨᠠᠷᠢᠨ ᠣᠶᠢᠯᠠᠭᠠᠬᠤ︾ ᠳᠤᠮᠳᠠ ᠨᠠᠮᠴᠢ ᠴᠢᠨᠠᠷ ᠢᠶᠠᠨ ᠴᠢᠩᠭᠠᠳᠬᠠᠬᠤ ᠬᠡᠷᠡᠭᠲᠡᠢ᠃ ᠤᠶᠤᠨ | ᠴᠢᠳᠠᠯ ᠢᠶᠠᠨ ︽ᠰᠠᠬᠢᠯᠭ᠎ᠠ ᠪᠠᠲᠤ ᠶᠢ ᠣᠶᠢᠯᠠᠭᠠᠬᠤ︾ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠰᠠᠬᠢᠯᠭ᠎ᠠ ᠪᠠᠲᠤ ᠶᠢᠨ | ᠲᠣᠭᠲᠠᠭᠠᠯ ᠢ ᠰᠡᠳᠬᠢᠯ ᠳᠡᠭᠡᠨ ᠬᠠᠳᠠᠩᠰᠢᠭᠤᠯᠵᠤ᠂ ᠦᠢᠯᠡ ᠠᠵᠢᠯᠯᠠᠭ᠎ᠠ ᠳᠠᠭᠠᠨ ᠪᠠᠲᠤ ᠴᠡᠭᠡᠵᠢᠯᠡᠵᠦ᠂ ᠨᠠᠮ ᠤᠨ | ᠭᠡᠰᠢᠭᠦᠨ ᠤ ᠨᠠᠮ ᠤᠨ ᠰᠠᠬᠢᠯᠭ᠎ᠠ ᠪᠠᠲᠤ ᠶᠢ ᠮᠡᠳᠡᠷᠡᠬᠦ ᠰᠡᠳᠬᠢᠯᠭᠡ ᠪᠣᠯᠤᠨ ᠪᠢᠰᠢᠷᠡᠨ ᠵᠢᠷᠦᠬᠡᠰᠢᠶᠡᠬᠦ ᠰᠡᠳᠬᠢᠯᠭᠡ ᠶᠢ | ᠦᠨᠳᠦᠰᠦᠨ ᠠᠴᠠ ᠨᠢ ᠴᠢᠩᠭᠠᠳᠬᠠᠵᠤ᠂ ᠤᠶᠤᠨ ᠤᠬᠠᠭᠠᠨ ᠳᠤᠮᠳᠠ ᠰᠠᠬᠢᠯᠭ᠎ᠠ ᠪᠠᠲᠤ ᠶᠣᠰᠣ ᠲᠦᠷᠢᠮ ᠤᠨ ︽ | ᠴᠡᠭᠡᠷᠯᠡᠯ︾ ᠢ ᠪᠠᠶᠢᠭᠤᠯᠬᠤ ᠬᠡᠷᠡᠭᠲᠡᠢ᠃ ᠰᠡᠳᠬᠢᠯ ᠰᠠᠨᠠᠭ᠎ᠠ ᠪᠠᠨ ︽ᠰᠠᠬᠢᠯᠭ᠎ᠠ ᠪᠠᠲᠤ ᠶᠢ ᠲᠣᠳᠣᠷᠬᠠᠶᠢᠯᠠᠬᠤ︾ | ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠤᠬᠠᠮᠰᠠᠷ ᠠᠴᠠ ᠪᠠᠨ ︽ᠲᠦᠷᠢᠮ︾ ᠤᠨ ᠡᠯ᠎ᠡ ᠵᠦᠢᠯ ᠤᠨ ᠲᠣᠭᠲᠠᠭᠠᠯ ᠲᠠᠢ | ᠬᠠᠷᠢᠴᠠᠭᠤᠯᠵᠤ᠂ ᠥᠪᠡᠷ ᠢ ᠪᠠᠨ ᠣᠷᠣᠭᠤᠯᠵᠤ᠂ ᠡᠭᠦᠷᠭᠡ ᠬᠠᠷᠢᠭᠤᠴᠠᠯᠭ᠎ᠠ ᠪᠠᠨ ᠣᠷᠣᠭᠤᠯᠵᠤ᠂ ᠠᠵᠢᠯ ᠢᠶᠠᠨ | ᠣᠷᠣᠭᠤᠯᠵᠤ᠂ ᠰᠤᠷᠤᠯᠴᠠᠬᠤ ᠶᠢᠨ ᠳᠠᠭᠠᠤ ᠬᠠᠷᠭᠤᠭᠤᠯᠵᠤ᠂ ᠪᠠᠶᠢᠴᠠᠭᠠᠨ ᠰᠢᠨᠵᠢᠬᠦ ᠶᠢᠨ ᠳᠠᠭᠠᠤ ᠴᠡᠭᠴᠡᠯᠡᠨ | ᠰᠠᠶᠢᠵᠢᠷᠠᠭᠤᠯᠬᠤ ᠪᠠᠷ ᠳᠠᠮᠵᠢᠭᠤᠯᠤᠨ᠂ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢᠨ ᠲᠠᠯ᠎ᠠ ᠪᠠᠷ ᠣᠷᠣᠰᠢᠵᠤ | ᠪᠠᠶᠢᠭ᠎ᠠ ᠠᠰᠠᠭᠤᠳᠠᠯ ᠢ ᠨᠢᠭᠡ ᠴᠣᠭᠴᠠᠵᠢᠭᠤᠯᠤᠨ ᠪᠠᠶᠢᠴᠠᠭᠠᠨ ᠳᠡᠯᠭᠡᠵᠦ᠂ ᠨᠠᠮᠴᠢ ᠴᠢᠨᠠᠷ ᠵᠣᠷᠢᠯᠲᠠ ᠶᠢᠨ ᠲᠠᠯ᠎ᠠ ᠪᠠᠷ | ᠣᠷᠣᠰᠢᠵᠤ ᠪᠠᠶᠢᠭ᠎ᠠ ᠬᠦᠷᠦᠯᠴᠡᠬᠦ ᠥᠬᠡᠶ ᠲᠠᠯ᠎ᠠ ᠶᠢ ᠨᠢᠭᠡ ᠴᠣᠭᠴᠠᠵᠢᠭᠤᠯᠤᠨ ᠵᠠᠳᠠᠯᠬᠤ ᠬᠡᠷᠡᠭᠲᠡᠶ᠃ ᠦᠭᠡ ᠶᠠᠷᠢᠶ᠎ᠠ | ᠦᠢᠯᠡ ᠠᠵᠢᠯᠯᠠᠭ᠎ᠠ ᠪᠠᠨ ︽ᠰᠠᠬᠢᠯᠭ᠎ᠠ ᠪᠠᠲᠤ ᠶᠢ ᠰᠠᠬᠢᠬᠤ︾ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ | ᠤᠬᠠᠮᠰᠠᠷ ᠠᠴᠠ ᠪᠠᠨ ᠵᠥᠪ ᠡᠷᠬᠡ ᠶᠢᠨ ᠦᠵᠡᠯᠲᠡ᠂ ᠠᠵᠢᠯ ᠤᠨ ᠪᠦᠲᠦᠮᠵᠢ ᠶᠢᠨ ᠦᠵᠡᠯᠲᠡ᠂ ᠠᠵᠢᠯ ᠦᠢᠯᠡᠰ ᠤᠨ | ᠦᠵᠡᠯᠲᠡ ᠶᠢ ᠦᠢᠯᠡᠳᠦᠯᠭᠡᠵᠢᠭᠦᠯᠵᠦ᠂ ᠨᠢᠭᠡ ᠯᠡ ᠤᠳᠠᠭ᠎ᠠ ᠦᠵᠡᠵᠦ᠂ ᠨᠢᠭᠡ ᠦᠭᠡ ᠶᠠᠷᠢᠶ᠎ᠠ ᠦᠢᠯᠡ | ᠠᠵᠢᠯᠯᠠᠭ᠎ᠠ ᠶᠢ ᠪᠠᠶᠢᠴᠠᠭᠠᠨ ᠦᠵᠡᠵᠦ᠂ ᠠᠯᠪᠠᠨ ᠤ ᠪᠠ ᠬᠤᠪᠢ᠂ ᠵᠢᠷᠤᠮ ᠪᠠ ᠤᠨᠤᠯ ᠂ ᠵᠥᠪ ᠪᠠ ᠪᠤᠷᠤᠭᠤ ᠶᠢ | ᠰᠠᠶᠢᠲᠤᠷ ᠰᠢᠢᠳᠪᠦᠷᠢᠯᠡᠵᠦ᠂ ᠲᠥᠪ ᠭᠤᠣᠯᠴᠢ ᠪᠠᠷ ᠡᠷᠬᠡ ᠪᠠᠨ ᠬᠡᠷᠡᠭᠯᠡᠬᠦ᠂ ᠬᠠᠤᠯᠢ ᠶᠣᠰᠣᠭᠠᠷ ᠡᠷᠬᠡ ᠪᠠᠨ ᠬᠡᠷᠡᠭᠯᠡᠬᠦ᠂ | ᠠᠷᠠᠳ ᠤᠨ ᠲᠥᠯᠥᠭᠡ ᠡᠷᠬᠡ ᠪᠠᠨ ᠬᠡᠷᠡᠭᠯᠡᠬᠦ᠂ ᠠᠷᠢᠭᠤᠨ ᠴᠢᠬᠡᠴᠢ ᠪᠠᠷ ᠡᠷᠬᠡ ᠪᠠᠨ ᠬᠡᠷᠡᠭᠯᠡᠬᠦ ᠶᠢ ᠪᠡᠶᠡᠯᠡᠭᠦᠯᠬᠦ | ᠬᠡᠷᠡᠭᠲᠡᠢ᠃ | ᠨᠠᠶᠢᠷᠠᠭᠤᠯᠤᠭᠴᠢ᠄ ᠸᠠᠩ ᠵᠢᠩ ᠵᠢᠩ᠂ ᠴᠢᠶᠤᠤ ᠮᠢᠨ ᠮᠢᠨ | ᠵᠢᠷᠤᠭ᠄ ᠸᠠᠩ ᠵᠢᠩ ᠵᠢᠩ᠂ ᠴᠢᠶᠤᠤ ᠮᠢᠨ ᠮᠢᠨ | ᠤᠷᠴᠢᠭᠤᠯᠤᠭᠴᠢ᠄ ᠲᠤᠶᠠᠭ᠎ᠠ | |