ᠵᠢᠨᠢᠩ ᠲᠣᠭᠤᠷᠢᠭ ᠤᠨ ᠨᠠᠮ ᠤᠨ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠬᠢ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ 6 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠡᠷᠬᠢᠯᠡᠪᠡ
ᠨᠡᠶᠢᠲᠡᠯᠡᠭᠰᠡᠨ ᠴᠠᠭ᠄
2024/4/28
    4 ᠰᠠᠷ᠎ᠠ ᠶᠢᠨ 23᠎ ᠤ ᠡᠳᠦᠷ ᠠᠴᠠ 24᠎ ᠤ ᠡᠳᠦᠷ ᠪᠣᠯᠲᠠᠯ᠎ᠠ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠬᠢ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 6 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢ ᠡᠷᠬᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾᠎ ᠢ ᠬᠢᠨᠠᠮᠠᠭᠠᠢ ᠰᠤᠷᠤᠯᠴᠠᠨ ᠣᠶᠢᠯᠠᠭᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠶ ᠷᠦᠢ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠢᠤᠢ ᠯᠦᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠲᠦᠩ ᠢ ᠵᠢᠴᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠪᠣᠯᠤᠨ ᠰᠢᠭᠦᠬᠦ ᠬᠤᠷᠢᠶ᠎ᠠ ᠪᠠᠶᠢᠴᠠᠭᠠᠬᠤ  ᠬᠤᠷᠢᠶ᠎ᠠ ᠶᠢᠨ ︽ᠬᠤᠶᠠᠷ ᠳᠠᠷᠤᠭ᠎ᠠ ︾ ᠣᠷᠣᠯᠴᠠᠵᠠᠶ᠃    ᠨᠣᠮ ᠤᠩᠰᠢᠬᠤ ᠠᠩᠭᠢ ᠶᠢ ᠲᠤᠰᠬᠠᠶ ᠮᠡᠷᠭᠡᠵᠢᠯᠲᠡᠨ ᠢᠶᠠᠷ ᠵᠢᠯᠣᠭᠤᠳᠣᠭᠤᠯᠬᠤ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ ᠪᠠ ᠰᠤᠳᠤᠯᠤᠨ ᠶᠠᠷᠢᠯᠴᠠᠵᠤ  ᠰᠠᠨᠠᠯ ᠰᠣᠯᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠪᠠ᠃ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠨᠠᠮ ᠤᠨ ᠲᠡᠦᠬᠡ ᠨᠠᠮ ᠤᠨ ᠪᠠᠶᠢᠭᠤᠯᠤᠯᠲᠠ ᠶᠢᠨ ᠵᠢᠭᠠᠨ ᠰᠤᠳᠤᠯᠬᠤ ᠬᠡᠯᠲᠡᠰ ᠤᠨ ᠫᠷᠤᠹᠧᠰᠰᠤᠷ ᠵᠧᠨ ᠰᠢᠶᠤᠤ ᠶᠠᠨ ᠬᠤᠷᠠᠯ ᠳᠤ ᠣᠷᠣᠯᠴᠠᠭᠰᠠᠨ ᠨᠥᠬᠦᠳ ᠲᠤ ᠲᠤᠰᠬᠠᠶ ᠰᠡᠳᠦᠪᠲᠦ ᠬᠠᠪᠰᠤᠷᠤᠨ ᠵᠢᠯᠣᠭᠤᠳᠣᠯᠭ᠎ᠠ ᠬᠢᠵᠦ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠦᠷᠢᠮ︾᠎ ᠤᠨ ᠴᠢᠬᠤᠯᠠ ᠶᠡᠭᠡ ᠠᠴᠢ ᠬᠤᠯᠪᠣᠭᠳᠠᠯ᠂ ᠭᠤᠤᠯ ᠠᠭᠤᠯᠭ᠎ᠠ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠶ ᠲᠣᠳᠣᠷᠬᠠᠶᠢᠯᠠᠨ ᠥᠭᠦᠯᠡᠵᠦ᠂ ᠪᠥᠬᠦ  ᠲᠤᠭᠤᠷᠢᠭ ᠤᠨ ᠤᠳᠤᠷᠢᠳᠬᠤ ᠺᠠᠳ᠋ᠷᠴᠤᠳ ᠤᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠦᠷᠢᠮ︾᠎ ᠢ ᠭᠦᠨᠵᠡᠭᠡᠶ ᠤᠶᠢᠯᠠᠭᠠᠨ ᠣᠨᠣᠪᠴᠢᠲᠠᠶ ᠡᠵᠡᠮᠰᠢᠬᠦ ᠳᠤ ᠰᠡᠩᠬᠡᠷᠡᠭᠦᠯᠬᠦ ᠪᠠ ᠲᠣᠯᠢ ᠪᠣᠯᠭᠠᠬᠤ ᠦᠢᠯᠡᠳᠦᠯ ᠦᠵᠡᠭᠦᠯᠪᠡ᠃ ᠬᠤᠶᠠᠷ ᠡᠳᠦᠷ ᠤᠨ ᠲᠤᠷᠰᠢ᠂ ᠲᠤᠭᠤᠷᠢᠭ ᠤᠨ ᠱᠠᠲᠤᠨ ᠤ ᠤᠳᠤᠷᠢᠳᠬᠤ ᠨᠥᠬᠦᠳ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠲᠥᠪᠯᠡᠷᠡᠭᠦᠯᠦᠨ ᠥᠪᠡᠰᠦᠪᠡᠨ ᠰᠤᠷᠤᠯᠴᠠᠵᠤ᠂ ︽ᠲᠦᠷᠢᠮ︾᠎ ᠢ ᠲᠡᠷᠡ ᠬᠡᠪ ᠢᠶᠠᠷ ᠨᠢ ᠰᠤᠷᠤᠯᠴᠠᠵᠤ᠂ ᠲᠦᠷᠢᠮ ᠲᠣᠭᠲᠠᠭᠠᠯ ᠢ ᠵᠤᠷᠪᠤᠰ ᠳᠠᠷᠠᠭᠠᠯᠠᠨ ᠰᠤᠷᠤᠯᠴᠠᠵᠤ᠂ ᠰᠤᠳᠤᠯᠤᠨ ᠶᠠᠷᠢᠯᠴᠠᠵᠤ ᠰᠣᠯᠢᠯᠴᠠᠬᠤ ᠠᠵᠢᠯ ᠢ ᠭᠦᠨᠵᠡᠭᠡᠶ ᠥᠷᠨᠢᠭᠦᠯᠪᠡ᠃ ᠵᠠᠩ ᠶᠦᠩ ᠸᠧᠨ᠂ ᠺᠠᠩ ᠬᠠᠢ ᠷᠦᠢ᠂ ᠰᠢᠤᠢ ᠯᠦᠩ᠂ ᠲᠦᠩ ᠢ᠂ ᠵᠠᠩ ᠱᠧᠩ ᠵᠢᠶᠠᠩ᠂ ᠵᠠᠩ ᠱᠦᠨ ᠯᠢ᠂ ᠯᠠᠨ ᠮᠢᠩ ᠹᠠᠩ᠂ ᠸᠠᠩ ᠯᠢ ᠰᠢᠨ᠂ ᠶᠠᠨ ᠮᠠᠨ ᠯᠢ ᠨᠡᠷ ᠰᠠᠨᠠᠯ ᠢᠶᠠᠨ ᠰᠣᠯᠢᠯᠴᠠᠬᠤ ᠦᠭᠡ ᠬᠡᠯᠡᠪᠡ᠃ ᠲᠥᠪᠯᠡᠷᠡᠭᠦᠯᠦᠨ ᠰᠤᠷᠤᠯᠴᠠᠬᠤ ᠪᠠᠷ ᠳᠠᠮᠵᠢᠨ᠂ ᠤᠯᠠᠨ ᠢᠶᠠᠷ ᠢᠶᠠᠨ ︽ᠲᠦᠷᠢᠮ︾᠎ ᠤᠨ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠨᠡᠩ ᠪᠦᠬᠦ ᠲᠠᠯ᠎ᠠ ᠶᠢᠨ᠂ ᠭᠦᠨᠵᠡᠭᠡᠢ ᠤᠶᠢᠯᠠᠭᠠᠨ ᠡᠵᠡᠮᠰᠢᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠠ ᠲᠥᠪ ᠴᠢᠩᠭ᠎ᠠ ᠨᠠᠮᠴᠢ ᠴᠢᠨᠠᠷ ᠤᠨ ᠳᠠᠪᠲᠠᠯᠲᠠ ᠶᠢ ᠨᠡᠶᠢᠳᠡᠮ ᠣᠯᠵᠤ ᠮᠡᠳᠡᠪᠡ᠃    ᠵᠠᠩ ᠶᠦᠩ ᠸᠧᠨ ᠤᠯᠠᠨ ᠲᠠᠢ ᠰᠤᠷᠤᠯᠴᠠᠭᠰᠠᠨ ᠣᠶᠢᠯᠠᠭᠠᠯᠲᠠ ᠪᠠᠨ ᠰᠣᠯᠢᠯᠴᠠᠪᠠ᠃ ᠲᠡᠷᠡ ᠬᠡᠯᠡᠭᠰᠡᠨ ᠨᠢ᠂ ᠴᠠᠭ ᠬᠤᠭᠤᠴᠠᠭ᠎ᠠ ᠶᠢ ︽ᠰᠠᠬᠢᠯᠭ᠎ᠠ ᠪᠠᠲᠤ ᠶᠢ ᠰᠤᠷᠤᠯᠴᠠᠬᠤ︾ ᠳᠡᠭᠡᠷ᠎ᠡ ᠬᠡᠷᠡᠭᠯᠡᠬᠦ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠣᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾᠎ ᠲᠠᠢ ᠨᠢᠭᠲᠠ ᠤᠶᠠᠯᠳᠤᠭᠤᠯᠤᠨ᠂ ᠲᠦᠷᠢᠮ ᠲᠣᠭᠲᠠᠭᠠᠯ ᠳᠠᠷᠠᠭᠠᠯᠠᠨ ᠰᠤᠷᠤᠯᠴᠠᠵᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠵᠤ᠂ ᠲᠣᠳᠣᠷᠬᠠᠶᠢᠯᠠᠨ ᠥᠭᠦᠯᠡᠵᠦ᠂ ᠨᠡᠪᠲᠡᠷᠡᠲᠡᠯ᠎ᠡ ᠰᠤᠷᠤᠯᠴᠠᠵᠤ᠂ ︽ᠭᠦᠨᠵᠡᠭᠡᠢ ᠰᠤᠷᠤᠯᠴᠠᠵᠤ ᠨᠠᠷᠢᠨ ᠣᠶᠢᠯᠠᠭᠠᠬᠤ︾ ᠳᠤᠮᠳᠠ ᠨᠠᠮᠴᠢ ᠴᠢᠨᠠᠷ ᠢᠶᠠᠨ ᠴᠢᠩᠭᠠᠳᠬᠠᠬᠤ ᠬᠡᠷᠡᠭᠲᠡᠢ᠃ ᠤᠶᠤᠨ ᠴᠢᠳᠠᠯ ᠢᠶᠠᠨ ︽ᠰᠠᠬᠢᠯᠭ᠎ᠠ ᠪᠠᠲᠤ ᠶᠢ ᠣᠶᠢᠯᠠᠭᠠᠬᠤ︾ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠰᠠᠬᠢᠯᠭ᠎ᠠ ᠪᠠᠲᠤ ᠶᠢᠨ ᠲᠣᠭᠲᠠᠭᠠᠯ ᠢ ᠰᠡᠳᠬᠢᠯ ᠳᠡᠭᠡᠨ ᠬᠠᠳᠠᠩᠰᠢᠭᠤᠯᠵᠤ᠂ ᠦᠢᠯᠡ ᠠᠵᠢᠯᠯᠠᠭ᠎ᠠ ᠳᠠᠭᠠᠨ ᠪᠠᠲᠤ ᠴᠡᠭᠡᠵᠢᠯᠡᠵᠦ᠂ ᠨᠠᠮ ᠤᠨ ᠭᠡᠰᠢᠭᠦᠨ ᠤ ᠨᠠᠮ ᠤᠨ ᠰᠠᠬᠢᠯᠭ᠎ᠠ ᠪᠠᠲᠤ ᠶᠢ ᠮᠡᠳᠡᠷᠡᠬᠦ ᠰᠡᠳᠬᠢᠯᠭᠡ ᠪᠣᠯᠤᠨ ᠪᠢᠰᠢᠷᠡᠨ ᠵᠢᠷᠦᠬᠡᠰᠢᠶᠡᠬᠦ ᠰᠡᠳᠬᠢᠯᠭᠡ ᠶᠢ ᠦᠨᠳᠦᠰᠦᠨ ᠠᠴᠠ ᠨᠢ ᠴᠢᠩᠭᠠᠳᠬᠠᠵᠤ᠂ ᠤᠶᠤᠨ ᠤᠬᠠᠭᠠᠨ ᠳᠤᠮᠳᠠ ᠰᠠᠬᠢᠯᠭ᠎ᠠ ᠪᠠᠲᠤ ᠶᠣᠰᠣ ᠲᠦᠷᠢᠮ ᠤᠨ ︽ᠴᠡᠭᠡᠷᠯᠡᠯ︾᠎ ᠢ ᠪᠠᠶᠢᠭᠤᠯᠬᠤ ᠬᠡᠷᠡᠭᠲᠡᠢ᠃ ᠰᠡᠳᠬᠢᠯ ᠰᠠᠨᠠᠭ᠎ᠠ ᠪᠠᠨ ︽ᠰᠠᠬᠢᠯᠭ᠎ᠠ ᠪᠠᠲᠤ ᠶᠢ ᠲᠣᠳᠣᠷᠬᠠᠶᠢᠯᠠᠬᠤ︾ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠤᠬᠠᠮᠰᠠᠷ ᠠᠴᠠ ᠪᠠᠨ ︽ᠲᠦᠷᠢᠮ︾᠎ ᠤᠨ ᠡᠯ᠎ᠡ ᠵᠦᠢᠯ ᠤᠨ ᠲᠣᠭᠲᠠᠭᠠᠯ ᠲᠠᠢ ᠬᠠᠷᠢᠴᠠᠭᠤᠯᠵᠤ᠂ ᠥᠪᠡᠷ ᠢ ᠪᠠᠨ ᠣᠷᠣᠭᠤᠯᠵᠤ᠂ ᠡᠭᠦᠷᠭᠡ ᠬᠠᠷᠢᠭᠤᠴᠠᠯᠭ᠎ᠠ ᠪᠠᠨ ᠣᠷᠣᠭᠤᠯᠵᠤ᠂ ᠠᠵᠢᠯ ᠢᠶᠠᠨ ᠣᠷᠣᠭᠤᠯᠵᠤ᠂ ᠰᠤᠷᠤᠯᠴᠠᠬᠤ ᠶᠢᠨ ᠳᠠᠭᠠᠤ ᠬᠠᠷᠭᠤᠭᠤᠯᠵᠤ᠂ ᠪᠠᠶᠢᠴᠠᠭᠠᠨ ᠰᠢᠨᠵᠢᠬᠦ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ ᠪᠠᠷ ᠳᠠᠮᠵᠢᠭᠤᠯᠤᠨ᠂ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾᠎ ᠶᠢᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠨᠢᠭᠡ ᠴᠣᠭᠴᠠᠵᠢᠭᠤᠯᠤᠨ ᠪᠠᠶᠢᠴᠠᠭᠠᠨ ᠳᠡᠯᠭᠡᠵᠦ᠂ ᠨᠠᠮᠴᠢ ᠴᠢᠨᠠᠷ ᠵᠣᠷᠢᠯᠲᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠬᠦᠷᠦᠯᠴᠡᠬᠦ ᠥᠬᠡᠶ ᠲᠠᠯ᠎ᠠ ᠶᠢ ᠨᠢᠭᠡ ᠴᠣᠭᠴᠠᠵᠢᠭᠤᠯᠤᠨ ᠵᠠᠳᠠᠯᠬᠤ ᠬᠡᠷᠡᠭᠲᠡᠶ᠃ ᠦᠭᠡ ᠶᠠᠷᠢᠶ᠎ᠠ ᠦᠢᠯᠡ ᠠᠵᠢᠯᠯᠠᠭ᠎ᠠ ᠪᠠᠨ ︽ᠰᠠᠬᠢᠯᠭ᠎ᠠ ᠪᠠᠲᠤ ᠶᠢ ᠰᠠᠬᠢᠬᠤ︾ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠤᠬᠠᠮᠰᠠᠷ ᠠᠴᠠ ᠪᠠᠨ ᠵᠥᠪ ᠡᠷᠬᠡ ᠶᠢᠨ ᠦᠵᠡᠯᠲᠡ᠂ ᠠᠵᠢᠯ ᠤᠨ ᠪᠦᠲᠦᠮᠵᠢ ᠶᠢᠨ ᠦᠵᠡᠯᠲᠡ᠂ ᠠᠵᠢᠯ ᠦᠢᠯᠡᠰ ᠤᠨ ᠦᠵᠡᠯᠲᠡ ᠶᠢ ᠦᠢᠯᠡᠳᠦᠯᠭᠡᠵᠢᠭᠦᠯᠵᠦ᠂ ᠨᠢᠭᠡ ᠯᠡ ᠤᠳᠠᠭ᠎ᠠ ᠦᠵᠡᠵᠦ᠂ ᠨᠢᠭᠡ ᠦᠭᠡ ᠶᠠᠷᠢᠶ᠎ᠠ ᠦᠢᠯᠡ ᠠᠵᠢᠯᠯᠠᠭ᠎ᠠ ᠶᠢ ᠪᠠᠶᠢᠴᠠᠭᠠᠨ ᠦᠵᠡᠵᠦ᠂ ᠠᠯᠪᠠᠨ ᠤ ᠪᠠ ᠬᠤᠪᠢ᠂ ᠵᠢᠷᠤᠮ ᠪᠠ  ᠤᠨᠤᠯ ᠂ ᠵᠥᠪ  ᠪᠠ  ᠪᠤᠷᠤᠭᠤ ᠶᠢ ᠰᠠᠶᠢᠲᠤᠷ ᠰᠢᠢᠳᠪᠦᠷᠢᠯᠡᠵᠦ᠂ ᠲᠥᠪ ᠭᠤᠣᠯᠴᠢ ᠪᠠᠷ ᠡᠷᠬᠡ ᠪᠠᠨ ᠬᠡᠷᠡᠭᠯᠡᠬᠦ᠂ ᠬᠠᠤᠯᠢ ᠶᠣᠰᠣᠭᠠᠷ ᠡᠷᠬᠡ ᠪᠠᠨ ᠬᠡᠷᠡᠭᠯᠡᠬᠦ᠂ ᠠᠷᠠᠳ ᠤᠨ ᠲᠥᠯᠥᠭᠡ ᠡᠷᠬᠡ ᠪᠠᠨ ᠬᠡᠷᠡᠭᠯᠡᠬᠦ᠂ ᠠᠷᠢᠭᠤᠨ ᠴᠢᠬᠡᠴᠢ ᠪᠠᠷ ᠡᠷᠬᠡ ᠪᠠᠨ ᠬᠡᠷᠡᠭᠯᠡᠬᠦ ᠶᠢ ᠪᠡᠶᠡᠯᠡᠭᠦᠯᠬᠦ ᠬᠡᠷᠡᠭᠲᠡᠢ᠃        ᠨᠠᠶᠢᠷᠠᠭᠤᠯᠤᠭᠴᠢ᠄ ᠸᠠᠩ ᠵᠢᠩ ᠵᠢᠩ᠂ ᠴᠢᠶᠤᠤ ᠮᠢᠨ ᠮᠢᠨ         ᠵᠢᠷᠤᠭ᠄ ᠸᠠᠩ ᠵᠢᠩ ᠵᠢᠩ᠂ ᠴᠢᠶᠤᠤ ᠮᠢᠨ ᠮᠢᠨ        ᠤᠷᠴᠢᠭᠤᠯᠤᠭᠴᠢ᠄  ᠲᠤᠶᠠᠭ᠎ᠠ    
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2