ᠰᠢ ᠶᠢᠨ ᠫᠢᠩ ᠬᠠᠭᠤᠷᠠᠢ ᠵᠠᠮ ᠤᠨ ᠴᠡᠷᠢᠭ ᠤᠨ ᠡᠮᠴᠢ ᠶᠢᠨ ᠶᠡᠭᠡ ᠰᠤᠷᠭᠠᠭᠤᠯᠢ ᠳᠤ ᠠᠵᠢᠯ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ ᠲᠠᠶᠢᠨ ᠤ ᠲᠠᠯᠠᠪᠤᠷ ᠲᠤ ᠬᠠᠨᠳᠤᠵᠤ ᠴᠡᠷᠢᠭ ᠠᠩᠭᠢ ᠳᠤ ᠬᠠᠨᠳᠤᠵᠤ ᠢᠷᠡᠭᠡᠳᠦᠢ ᠳᠤ ᠬᠠᠨᠳᠤᠵᠤ ᠳᠡᠯᠡᠬᠡᠢ ᠶᠢᠨ ᠲᠡᠷᠢᠭᠦᠨ ᠵᠡᠷᠭᠡ ᠶᠢᠨ ᠴᠡᠷᠢᠭ ᠤᠨ ᠡᠮᠴᠢ ᠶᠢᠨ ᠶᠡᠭᠡ ᠰᠤᠷᠭᠠᠭᠤᠯᠢ ᠶᠢ ᠴᠢᠷᠮᠠᠶᠢᠨ ᠪᠠᠶᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/4/28
    ᠰᠢᠨᠬᠤᠸᠠ ᠬᠤᠷᠢᠶ᠎ᠠ ᠶᠢᠨ ᠴᠦᠩᠴᠢᠩ ᠤᠨ 4 ᠰᠠᠷ᠎ᠠ ᠶᠢᠨ 25᠎ ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 4 ᠰᠠᠷ᠎ᠠ ᠶᠢᠨ 23᠎ ᠤ ᠡᠳᠦᠷ ᠬᠠᠭᠤᠷᠠᠢ ᠵᠠᠮ ᠤᠨ ᠴᠡᠷᠢᠭ ᠤᠨ ᠡᠮᠴᠢ ᠶᠢᠨ ᠶᠡᠭᠡ ᠰᠤᠷᠭᠠᠭᠤᠯᠢ ᠳᠤ ᠠᠵᠢᠯ ᠪᠠᠶᠢᠴᠠᠭᠠᠵᠤ ᠂ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠲᠠᠶᠢᠨ ᠤ ᠲᠠᠯᠠᠪᠤᠷ ᠲᠤ ᠬᠠᠨᠳᠤᠵᠤ ᠂ ᠴᠡᠷᠢᠭ ᠠᠩᠭᠢ ᠳᠤ ᠬᠠᠨᠳᠤᠵᠤ ᠂ ᠢᠷᠡᠭᠡᠳᠦᠢ ᠳᠤ ᠬᠠᠨᠳᠤᠵᠤ ᠂ ᠰᠤᠷᠭᠠᠭᠤᠯᠢ ᠡᠷᠭᠢᠯᠡᠵᠤ ᠬᠥᠮᠥᠨ ᠢ ᠬᠥᠮᠥᠵᠢᠭᠦᠯᠬᠦ ᠲᠦᠪᠰᠢᠨ ᠪᠣᠯᠣᠨ ᠡᠷᠡᠭᠦᠯ ᠬᠠᠮᠠᠭᠠᠯᠠᠯ ᠤᠨ ᠠᠷᠤ ᠲᠠᠯ᠎ᠠ ᠶᠢᠨ ᠦᠢᠯᠡᠴᠢᠯᠡᠭᠡ ᠪᠠᠲᠤᠯᠠᠭ᠎ᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ ᠂ ᠳᠡᠯᠡᠬᠡᠢ ᠶᠢᠨ ᠲᠡᠷᠢᠭᠦᠨ ᠵᠡᠷᠭᠡ ᠶᠢᠨ ᠴᠡᠷᠢᠭ ᠤᠨ ᠡᠮᠴᠢ ᠶᠢᠨ ᠶᠡᠭᠡ ᠰᠤᠷᠭᠠᠭᠤᠯᠢ ᠶᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃
6384974494134486691997991.jpg
    4 ᠰᠠᠷ᠎ᠠ ᠶᠢᠨ 23᠎ ᠤ ᠡᠳᠦᠷ ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠠᠭᠤᠷᠠᠢ ᠵᠠᠮ ᠤᠨ ᠴᠡᠷᠢᠭ ᠤᠨ ᠡᠮᠴᠢ ᠶᠢᠨ ᠶᠡᠭᠡ ᠰᠤᠷᠭᠠᠭᠤᠯᠢ ᠳᠤ ᠠᠵᠢᠯ ᠪᠠᠶᠢᠴᠠᠭᠠᠪᠠ ᠃ ᠵᠢᠷᠤᠭ ᠪᠣᠯ ᠰᠢ ᠶᠢᠨ ᠫᠢᠩ ᠬᠠᠭᠤᠷᠠᠢ ᠵᠠᠮ ᠤᠨ ᠴᠡᠷᠢᠭ ᠤᠨ ᠡᠮᠴᠢ ᠶᠢᠨ ᠶᠡᠭᠡ ᠰᠤᠷᠭᠠᠭᠤᠯᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢᠳ ᠢ ᠳᠣᠲᠣᠨᠣ ᠪᠠᠷ ᠭᠥᠯᠢᠶᠡᠨ ᠠᠪᠴᠤ ᠠᠭᠤᠯᠵᠠᠵᠤ ᠪᠠᠶᠢᠭ᠎ᠠ ᠨᠢ ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠭᠠᠩ ᠰᠡᠭᠦᠳᠡᠷᠯᠡᠪᠡ    ᠦᠳᠡ ᠶᠢᠨ ᠡᠮᠦᠨᠡᠬᠢ 9 ᠴᠠᠭ 45 ᠮᠢᠨᠦ᠋ᠲ ᠤᠨ ᠦᠶ᠎ᠡ ᠪᠠᠷ ᠂ ᠰᠢ ᠶᠢᠨ ᠫᠢᠩ ᠬᠠᠭᠤᠷᠠᠢ ᠵᠠᠮ ᠤᠨ ᠴᠡᠷᠢᠭ ᠤᠨ ᠡᠮᠴᠢ ᠶᠢᠨ ᠶᠡᠭᠡ ᠰᠤᠷᠭᠠᠭᠤᠯᠢ ᠳᠤ ᠬᠦᠷᠴᠦ ᠂ ᠡᠩ ᠲᠡᠷᠢᠭᠦᠨ ᠳᠤ ᠶᠡᠭᠡ ᠰᠤᠷᠭᠠᠭᠤᠯᠢ ᠶᠢᠨ ᠦᠨᠳᠦᠰᠦᠨ ᠪᠠᠶᠢᠳᠠᠯ ᠪᠣᠯᠣᠨ ᠳᠠᠶᠢᠨ ᠤ ᠲᠠᠯᠠᠪᠤᠷ ᠤᠨ ᠡᠮᠴᠢᠯᠡᠭᠡᠨ ᠤ ᠠᠪᠤᠷᠠᠨ ᠵᠠᠰᠠᠬᠤ ᠭᠤᠣᠯᠳᠠᠯᠭ᠎ᠠ ᠲᠠᠢ ᠰᠢᠨᠵᠢᠯᠡᠭᠡᠨ ᠤ ᠰᠠᠯᠠᠭᠠᠨ ᠤ ᠪᠠᠶᠢᠳᠠᠯ ᠢ ᠣᠶᠢᠯᠠᠭᠠᠵᠤ ᠂ ᠲᠡᠶᠢᠨ ᠳᠤ ᠰᠢᠷᠬᠠᠲᠤᠭᠰᠠᠳ ᠢ ᠲᠦᠷᠭᠡᠨ ᠠᠪᠤᠷᠠᠬᠤ ᠪᠠᠭᠠᠵᠢ ᠬᠡᠷᠡᠭᠰᠡᠯ ᠪᠣᠯᠣᠨ ᠰᠤᠷᠤᠯᠭᠠᠲᠠᠳ ᠤᠨ ᠪᠣᠳᠠᠲᠤ ᠠᠵᠢᠯᠯᠠᠭᠠᠨ ᠤ ᠦᠵᠡᠭᠦᠯᠭᠡ ᠶᠢ ᠪᠠᠶᠢᠴᠠᠭᠠᠨ ᠦᠵᠡᠪᠡ ᠃ ᠬᠠᠭᠤᠷᠠᠢ ᠵᠠᠮ ᠤᠨ ᠴᠡᠷᠢᠭ ᠤᠨ ᠡᠮᠴᠢ ᠶᠢᠨ ᠶᠡᠭᠡ ᠰᠤᠷᠭᠠᠭᠤᠯᠢ ᠨᠢ ᠢᠷᠠᠭᠤ ᠠᠯᠳᠠᠷᠲᠤ ᠲᠡᠦᠬᠡ ᠶᠢᠨ ᠤᠯᠠᠮᠵᠢᠯᠠᠯ ᠲᠠᠢ ᠪᠠᠶᠢᠵᠤ ᠂ ᠣᠷᠳᠣ ᠬᠤᠭᠤᠴᠠᠭᠠᠨ ᠤ ᠰᠤᠷᠭᠠᠭᠤᠯᠢ ᠡᠷᠭᠢᠯᠡᠭᠦ ᠦᠢᠯᠡᠳᠦᠯᠭᠡ ᠳᠤᠮᠳᠠ ᠥᠨᠳᠦᠷᠯᠢᠭ ᠤᠨ ᠴᠡᠷᠢᠭ ᠤᠨ ᠶᠠᠪᠤᠳᠠᠯ ᠤᠨ ᠠᠨᠠᠭᠠᠬᠤ ᠤᠬᠠᠭᠠᠨ ᠂ ᠲᠡᠶᠢᠨ ᠳᠤ ᠰᠢᠷᠬᠠᠲᠤᠭᠰᠠᠳ ᠤᠨ ᠰᠢᠷᠬ᠎ᠠ ᠶᠢᠨ ᠠᠨᠠᠭᠠᠬᠤ ᠤᠬᠠᠭᠠᠨ ᠂ ᠲᠦᠯᠡᠭᠳᠡᠭᠰᠡᠨ ᠰᠢᠷᠬ᠎ᠠ ᠶᠢᠨ ᠠᠨᠠᠭᠠᠬᠤ ᠤᠬᠠᠭᠠᠨ ᠵᠡᠷᠭᠡ ᠢᠯᠡ ᠲᠣᠳᠣ ᠣᠨᠴᠠᠯᠢᠭ ᠪᠠ ᠳᠠᠪᠠᠭᠤᠯᠢᠭ ᠢ ᠪᠦᠷᠢᠯᠳᠦᠭᠦᠯᠵᠡᠢ ᠃ 2017 ᠣᠨ ᠳᠤ ᠲᠣᠬᠢᠷᠠᠭᠤᠯᠤᠯᠲᠠ ᠬᠢᠵᠦ ᠪᠠᠶᠢᠭᠤᠯᠤᠭᠰᠠᠨ ᠠᠴᠠ ᠨᠠᠭᠠᠰᠢ ᠂ ᠶᠡᠭᠡ ᠰᠤᠷᠭᠠᠭᠤᠯᠢ ᠨᠢ ᠴᠡᠷᠢᠭ ᠤᠨ ᠬᠢ ᠪᠠᠶᠢᠬᠤ ᠲᠠᠶᠢᠨ ᠤ ᠲᠥᠯᠥᠭᠡ ᠪᠠᠶᠢᠬᠤ ᠶᠢ ᠪᠠᠷᠢᠮᠲᠠᠯᠠᠵᠤ ᠂ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ ᠂ ᠴᠡᠷᠢᠭ ᠤᠨ ᠶᠠᠪᠤᠳᠠᠯ ᠤᠨ ᠲᠡᠮᠡᠴᠡᠯ ᠤᠨ ᠡᠷᠡᠭᠦᠯ ᠬᠠᠮᠠᠭᠠᠯᠠᠯ ᠤᠨ ᠠᠷᠤ ᠲᠠᠯ᠎ᠠ ᠶᠢᠨ ᠪᠠᠲᠤᠯᠠᠭ᠎ᠠ ᠶᠢᠨ ᠠᠵᠢᠯ ᠂ ᠰᠢᠨ᠎ᠡ ᠲᠢᠲᠢᠮᠯᠢᠭ ᠸᠢᠷᠦ᠋ᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠯᠢ ᠣᠯᠠᠨ ᠴᠢᠬᠤᠯᠠ ᠶᠡᠭᠡ ᠡᠭᠦᠷᠭᠡ ᠶᠢ ᠭᠠᠷᠮᠠᠭᠠᠢ ᠪᠡᠶᠡᠯᠡᠭᠦᠯᠪᠡ ᠃ ᠰᠢ ᠶᠢᠨ ᠫᠢᠩ ᠬᠠᠭᠤᠷᠠᠢ ᠵᠠᠮ ᠤᠨ ᠴᠡᠷᠢᠭ ᠤᠨ ᠡᠮᠴᠢ ᠶᠢᠨ ᠶᠡᠭᠡ ᠰᠤᠷᠭᠠᠭᠤᠯᠢ ᠶᠢᠨ ᠪᠠᠶᠢᠭᠤᠯᠤᠯᠲᠠ ᠪᠠ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠢ ᠨᠤᠲᠠᠯᠠᠪᠠ ᠃    ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ ᠂ ᠰᠢ ᠶᠢᠨ ᠫᠢᠩ ᠬᠠᠭᠤᠷᠠᠢ ᠵᠠᠮ ᠤᠨ ᠴᠡᠷᠢᠭ ᠤᠨ ᠡᠮᠴᠢ ᠶᠢᠨ ᠶᠡᠭᠡ ᠰᠤᠷᠭᠠᠭᠤᠯᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢᠳ ᠢ ᠳᠣᠲᠣᠨᠣ ᠪᠠᠷ ᠭᠥᠯᠢᠶᠡᠨ ᠠᠪᠴᠤ ᠠᠭᠤᠯᠵᠠᠭᠰᠠᠨ ᠪᠥᠭᠡᠳ ᠤᠯᠠᠨ ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ ᠃    ᠰᠢ ᠶᠢᠨ ᠫᠢᠩ᠂ ᠬᠠᠭᠤᠷᠠᠢ ᠵᠠᠮ ᠤᠨ ᠴᠡᠷᠢᠭ ᠤᠨ ᠡᠮᠴᠢ ᠶᠢᠨ ᠶᠡᠭᠡ ᠰᠤᠷᠭᠠᠭᠤᠯᠢ ᠪᠣᠯ ᠮᠠᠨ ᠤ ᠴᠡᠷᠢᠭ ᠤᠨ ᠠᠨᠠᠭᠠᠬᠤ ᠤᠬᠠᠭᠠᠨ ᠤ ᠲᠦᠷᠦᠯ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠶᠡᠭᠡ ᠳᠡᠭᠡᠳᠦ ᠰᠤᠷᠭᠠᠭᠤᠯᠢ ᠪᠠᠶᠢᠵᠤ ᠂ ᠪᠦᠭᠦ ᠴᠡᠷᠢᠭ ᠤᠨ ᠡᠷᠡᠭᠦᠯ ᠬᠠᠮᠠᠭᠠᠯᠠᠯ ᠤᠨ ᠠᠷᠤ ᠲᠠᠯ᠎ᠠ ᠶᠢᠨ ᠪᠠᠲᠤᠯᠠᠭ᠎ᠠ ᠶᠢᠨ ᠬᠦᠴᠦᠨ ᠤ ᠰᠢᠰᠲ᠋ᠧᠮ ᠤᠨ ᠴᠢᠬᠤᠯᠠ ᠪᠦᠷᠢᠯᠳᠦᠭᠦᠨ ᠬᠡᠰᠡᠭ ᠮᠥᠨ ᠃ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠂ ᠲᠠᠶᠢᠨ ᠳᠤ ᠪᠡᠯᠡᠳᠬᠡᠨ ᠬᠥᠮᠥᠨ ᠬᠥᠮᠥᠵᠢᠭᠦᠯᠬᠦ ᠶᠢ ᠪᠠᠷᠢᠮᠲᠠᠯᠠᠵᠤ ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠮᠣᠷᠠᠯ ᠴᠢᠳᠠᠪᠤᠷᠢ ᠬᠤᠣᠰᠯᠠᠭᠰᠠᠨ ᠰᠢᠨ᠎ᠡ ᠴᠠᠭ ᠦᠶ᠎ᠡ ᠶᠢᠨ ᠬᠤᠪᠢᠰᠬᠠᠯᠲᠤ ᠴᠡᠷᠢᠭ ᠤᠨ ᠡᠮᠴᠢ ᠶᠢ ᠬᠥᠮᠥᠵᠢᠭᠦᠯᠬᠦ ᠬᠡᠷᠡᠭᠲᠡᠢ ᠃ ᠣᠨᠴᠠᠯᠢᠭᠲᠤ ᠠᠨᠠᠭᠠᠬᠤ ᠤᠬᠠᠭᠠᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠵᠤ ᠂ ᠤᠯᠠᠮᠵᠢᠯᠠᠯᠲᠤ ᠳᠠᠪᠠᠭᠤᠯᠢᠭ ᠢᠶᠠᠨ ᠪᠠᠬᠢᠵᠢᠭᠦᠯᠦᠨ ᠂ ᠬᠥᠭᠵᠢᠯᠲᠡ ᠶᠢᠨ ᠡᠮᠦᠨ᠎ᠡ ᠨᠢ ᠬᠤᠰᠢᠭᠤᠷᠠᠵᠤ ᠂ ᠴᠡᠷᠢᠭ ᠤᠨ ᠶᠠᠪᠤᠳᠠᠯ ᠤᠨ ᠠᠨᠠᠭᠠᠬᠤ ᠤᠬᠠᠭᠠᠨ ᠤ ᠨᠣᠶᠠᠨ ᠤᠷᠭᠢᠯ ᠳᠤ ᠵᠣᠷᠢᠭᠲᠠᠢ ᠪᠠᠷ ᠠᠪᠠᠷᠢᠬᠤ ᠬᠡᠷᠡᠭᠲᠡᠢ ᠃ ᠡᠷᠡᠭᠦᠯ ᠬᠠᠮᠠᠭᠠᠯᠠᠯ ᠤᠨ ᠠᠷᠤ ᠲᠠᠯ᠎ᠠ ᠶᠢᠨ ᠪᠠᠲᠤᠯᠠᠭ᠎ᠠ ᠶᠢᠨ ᠡᠯ᠎ᠡ ᠵᠦᠢᠯ ᠤᠨ ᠪᠠᠶᠢᠭᠤᠯᠤᠯᠲᠠ ᠶᠢ ᠴᠢᠩᠭᠠᠳᠬᠠᠵᠤ ᠂ ᠴᠡᠷᠢᠭ ᠠᠩᠭᠢ ᠶᠢᠨ ᠳᠠᠶᠢᠴᠢᠨ ᠬᠦᠴᠦᠨ ᠳᠤ ᠬᠦᠴᠦᠲᠡᠢ ᠦᠢᠯᠡᠴᠢᠯᠡᠵᠦ ᠂ ᠳᠠᠷᠤᠭ᠎ᠠ ᠪᠠᠶᠢᠯᠳᠤᠭᠴᠢᠳ ᠤᠨ ᠪᠡᠶ᠎ᠡ ᠰᠡᠳᠬᠢᠴᠡ ᠶᠢᠨ ᠡᠷᠡᠭᠦᠯ ᠮᠡᠨᠳᠦ ᠳᠤ ᠦᠢᠯᠡᠴᠢᠯᠡᠬᠦ ᠬᠡᠷᠡᠭᠲᠡᠢ ᠭᠡᠵᠦ ᠴᠢᠬᠤᠯᠠᠴᠢᠯᠠᠪᠠ ᠃    ᠰᠢ ᠶᠢᠨ ᠫᠢᠩ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠂ ᠨᠠᠮ ᠤᠨ ᠰᠢᠨ᠎ᠡ ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠲᠦᠷᠦᠯ ᠤᠨ ᠴᠡᠭᠴᠡᠯᠡᠨ ᠵᠠᠰᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠶᠡᠭᠡ ᠰᠤᠷᠭᠠᠭᠤᠯᠢ ᠶᠢᠨ ᠳᠡᠭᠡᠳᠦ ᠬᠡᠮᠵᠢᠶᠡᠨ ᠤ ᠲᠥᠪᠯᠡᠷᠡᠩᠭᠦᠢ ᠨᠢᠭᠡᠳᠦᠯ ᠪᠠ ᠴᠢᠬᠡᠴᠢ ᠴᠡᠪᠡᠷ ᠪᠠᠲᠤ ᠪᠠᠬᠢ ᠪᠠᠶᠢᠬᠤ ᠶᠢ ᠪᠠᠲᠤᠯᠠᠬᠤ ᠬᠡᠷᠡᠭᠲᠡᠢ ᠃ ᠬᠠᠤᠯᠢ ᠶᠣᠰᠣᠭᠠᠷ ᠰᠤᠷᠭᠠᠭᠤᠯᠢ ᠶᠢ ᠵᠠᠰᠠᠬᠤ ᠂ ᠰᠤᠷᠭᠠᠭᠤᠯᠢ ᠶᠢ ᠴᠢᠩᠭ᠎ᠠ ᠵᠠᠰᠠᠬᠤ ᠶᠢ ᠴᠢᠩᠭ᠎ᠠ ᠠᠳᠬᠤᠵᠤ ᠂ ᠬᠥᠮᠦᠵᠢᠯ ᠬᠠᠮᠢᠶᠠᠷᠤᠯᠲᠠ ᠶᠢ ᠴᠢᠩᠳᠠᠯᠠᠵᠤ ᠂ ᠦᠨᠳᠦᠰᠦᠨ ᠱᠠᠲᠤ ᠶᠢ ᠠᠳᠬᠤᠵᠤ ᠰᠠᠭᠤᠷᠢ ᠲᠠᠯᠪᠢᠬᠤ ᠠᠵᠢᠯ ᠢ ᠰᠠᠶᠢᠲᠤᠷ ᠬᠢᠵᠦ ᠂ ᠪᠦᠭᠦ ᠰᠤᠷᠭᠠᠭᠤᠯᠢ ᠶᠢᠨ ᠪᠠᠭᠰᠢ ᠰᠤᠷᠤᠬᠴᠢ ᠠᠵᠢᠯᠲᠠᠨ ᠤ ᠠᠵᠢᠯ ᠬᠢᠵᠦ ᠦᠢᠯᠡᠰ ᠪᠣᠰᠬᠠᠬᠤ ᠢᠳᠡᠪᠬᠢᠵᠢᠯ ᠢ ᠬᠥᠭᠵᠢᠭᠡᠵᠦ ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠶᠡᠭᠡ ᠰᠤᠷᠭᠠᠭᠤᠯᠢ ᠶᠢᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠡᠭᠦᠳᠦᠨ ᠨᠡᠭᠡᠭᠡᠬᠦ ᠬᠡᠷᠡᠭᠲᠡᠢ ᠭᠡᠵᠦ ᠴᠢᠬᠤᠯᠠᠴᠢᠯᠠᠪᠠ ᠃ᠾᠧ ᠸᠧᠢ ᠳ᠋ᠦᠩ ᠨᠠᠷ ᠠᠵᠢᠯᠯᠠᠭ᠎ᠠ ᠳᠤ ᠣᠷᠣᠯᠴᠠᠵᠠᠢ ᠃ 
 
ᠢᠷᠡᠯᠲᠡ᠄ ᠦᠪᠦᠷ ᠮᠤᠡᠭᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2