ᠵᠢᠨᠢᠩ ᠲᠣᠭᠤᠷᠢᠭ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠪᠣᠯᠪᠠᠰᠤᠷᠠᠭᠤᠯᠤᠯ ᠤᠨ ᠬᠤᠷᠠᠯ ᠵᠢᠴᠢ ᠴᠠᠭ ᠤᠨ ᠪᠠᠶᠢᠳᠠᠯ ᠲᠥᠷᠥ ᠶᠢᠨ ᠪᠣᠳᠣᠯᠭ᠎ᠠ ᠶᠢᠨ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/29
705470.jpg
    4 ᠰᠠᠷ᠎ᠠ ᠶᠢᠨ 28᠎ ᠤ ᠡᠳᠦᠷ᠂ ᠵᠢᠨᠢᠩ ᠲᠣᠭᠤᠷᠢᠭ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠵᠢᠴᠢ ᠴᠠᠭ ᠤᠨ ᠪᠠᠶᠢᠳᠠᠯ ᠲᠦᠷᠦ ᠶᠢᠨ ᠪᠤᠳᠤᠯᠭ᠎ᠠ ᠶᠢᠨ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠶᠤᠤ ᠬᠠᠢ ᠮᠢᠩ ᠬᠤᠷᠠᠯ ᠢ ᠡᠷᠬᠢᠯᠡᠪᠡ᠃    ᠬᠤᠷᠠᠯ ᠳᠡᠭᠡᠷ᠎ᠡ᠂ ︽ᠳᠤᠮᠳᠠᠳᠤ ᠤᠯᠤᠰ ᠤᠨ ᠪᠠᠯᠠ ᠣᠷᠣᠭᠤᠯᠤᠯᠲᠠ ᠶᠢ ᠠᠬᠢᠭᠤᠯᠬᠤ︾ ᠰᠡᠳᠬᠦᠯ ᠤᠨ ᠭᠤᠤᠯ ᠨᠠᠶᠢᠷᠠᠭᠤᠯᠤᠭᠴᠢ᠂ ᠳᠤᠮᠳᠠ ᠥᠨᠳᠥᠷ ᠳᠡᠰ ᠤᠨ ᠡᠮ ᠡᠮᠨᠡᠯᠭᠡ ᠶᠢᠨ ᠦᠷ᠎ᠡ ᠪᠦᠲᠦᠭᠡᠯ ᠎ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ᠂ ᠪᠡᠭᠡᠵᠢᠩ ᠤᠨ ᠳ᠋ᠠ ᠼᠢ ᠴᠤᠤ ᠪᠠᠯᠠ ᠣᠷᠣᠭᠤᠯᠤᠯᠲᠠ ᠶᠢ ᠠᠬᠢᠭᠤᠯᠬᠤ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠯᠢᠨ ᠶᠤᠸᠠᠨ ᠹᠦ᠋ ᠫᠷᠤᠹᠧᠰᠰᠤᠷ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ᠂ ᠠᠵᠤ ᠦᠢᠯᠡᠰ ᠤᠨ ᠪᠠᠶᠢᠷᠢ ᠲᠣᠭᠲᠠᠭᠠᠯᠲᠠ᠂ ᠦᠢᠯᠡᠴᠢᠯᠡᠭᠡᠨ ᠤ ᠲᠥᠷᠥᠯ ᠢᠯᠭᠠᠯ᠂ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠬᠤ ᠵᠡᠷᠭᠡ ᠲᠠᠯ᠎ᠠ ᠪᠠᠷ᠂ ᠪᠠᠯᠠ ᠣᠷᠣᠭᠤᠯᠤᠯᠲᠠ ᠶᠢ ᠠᠬᠢᠭᠤᠯᠬᠤ ᠰᠢᠨ᠎ᠡ ᠶᠢ ᠡᠭᠦᠳᠬᠦ ᠪᠠ ᠬᠥᠭᠵᠢᠭᠦᠯᠬᠦ᠂ ᠣᠨᠣᠯ ᠪᠠ ᠪᠣᠳᠠᠲᠠᠶ ᠶᠢ ᠡᠷᠬᠢᠮᠯᠡᠬᠦ ᠶᠢ ᠲᠣᠳᠣᠷᠬᠠᠶᠢᠯᠠᠨ ᠥᠭᠦᠯᠡᠵᠦ᠂ ᠮᠠᠨ ᠤ ᠲᠣᠭᠤᠷᠢᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠣᠨᠣᠪᠴᠢᠲᠠᠶ ᠣᠶᠢᠯᠠᠭᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢ ᠠᠬᠢᠭᠤᠯᠬᠤ ᠳᠤ ᠵᠢᠯᠣᠭᠤᠳᠣᠯᠭ᠎ᠠ ᠬᠠᠩᠭᠠᠵᠤ᠂ ᠰᠡᠳᠬᠢᠮᠵᠢ ᠶᠢ ᠨᠡᠭᠡᠭᠡᠪᠡ᠃     ᠬᠤᠷᠠᠯ ᠠᠴᠠ ᠵᠢᠭᠠᠭᠰᠠᠨ ᠨᠢ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠪᠣᠯᠤᠨ ᠮᠠᠨ ᠤ  ᠲᠤᠭᠤᠷᠢᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠰᠡᠳᠬᠢᠴᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠯᠲᠠ ᠪᠠᠨ ᠲᠣᠳᠣᠷᠬᠠᠶᠢᠯᠠᠵᠤ᠂ ᠪᠥᠬᠦ  ᠲᠤᠭᠤᠷᠢᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠣᠯᠠᠨ ᠢᠶᠠᠷ ᠢᠶᠠᠨ ᠲᠣᠰ ᠤᠳᠠᠭᠠᠨ ᠤ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠪᠠᠯᠠ ᠣᠷᠣᠭᠤᠯᠤᠯᠲᠠ ᠶᠢ ᠠᠬᠢᠭᠤᠯᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢᠨ ᠲᠤᠬᠠᠶ ᠲᠠᠨᠢᠯᠲᠠ ᠪᠠ ᠣᠶᠢᠯᠠᠭᠠᠯᠲᠠ ᠪᠠᠨ ᠭᠦᠨᠵᠡᠭᠡᠶᠢᠷᠡᠭᠦᠯᠵᠦ᠂ ᠮᠠᠨ ᠤ ᠲᠤᠭᠤᠷᠢᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠰᠡᠳᠬᠢᠮᠵᠢ ᠠᠷᠭ᠎ᠠ ᠬᠡᠯᠪᠡᠷᠢ ᠪᠠᠨ ᠥᠷᠭᠡᠳᠬᠡᠨ᠂ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠬᠤᠳᠠᠯᠳᠤᠭᠠᠴᠢᠨ ᠤᠷᠢᠬᠤ ᠦᠷ᠎ᠡ ᠪᠦᠲᠦᠮᠵᠢ ᠪᠠᠨ ᠯᠠᠪᠳᠠᠭᠤᠨ ᠪᠠᠲᠤᠲᠠᠶ ᠳᠡᠭᠡᠭᠰᠢᠯᠡᠭᠦᠯᠵᠦ᠂ ᠵᠢᠨᠢᠩ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠥᠳᠡᠯᠭᠡᠬᠦ ᠬᠦᠴᠦᠨ ᠨᠡᠮᠡᠷᠢᠯᠡᠵᠦ᠂ ᠠᠮᠢᠵᠢᠷᠠᠯ ᠤᠨ ᠬᠦᠴᠦᠨ ᠢᠶᠠᠨ ᠨᠡᠮᠡᠭᠳᠡᠭᠦᠯᠬᠦ ᠶᠢ ᠬᠦᠰᠡᠵᠦ ᠪᠠᠶᠢᠨ᠎ᠠ ᠭᠡᠵᠡᠶ᠃    ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠲᠦᠩ ᠢ᠂ ᠲᠣᠭᠤᠷᠢᠭ ᠤᠨ ᠨᠠᠮ ᠤᠨ ᠬᠤᠷᠢᠶ᠎ᠠ ᠶᠢᠨ ᠡᠯ᠎ᠡ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠪᠠ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ︽ᠬᠤᠶᠠᠷ ᠳᠠᠷᠤᠭ᠎ᠠ︾ ᠵᠢᠴᠢ ᠪᠤᠰᠤᠳ ᠳᠡᠳ᠋ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂  ᠨᠢᠭᠡᠴᠢ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠵᠢᠴᠢ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃            ᠨᠠᠶᠢᠷᠠᠭᠤᠯᠤᠭᠴᠢ᠄ ᠸᠠᠩ ᠵᠢᠩ ᠵᠢᠩ᠂ ᠴᠢᠶᠤᠤ ᠮᠢᠨ ᠮᠢᠨ            ᠵᠢᠷᠤᠭ᠄ ᠸᠠᠩ ᠵᠢᠩ ᠵᠢᠩ᠂ ᠴᠢᠶᠤᠤ ᠮᠢᠨ ᠮᠢᠨ            ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2