| | | | ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 2 ᠤᠨ ᠴᠠᠭᠢᠯᠭᠠᠨ ᠮᠡᠳᠡᠭᠡ 4 ᠰᠠᠷ᠎ᠠ ᠶᠢᠨ 2 ᠤᠨ ᠣᠷᠣᠢ ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠵᠤᠭ᠎ᠠ ᠪᠠᠷ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ ᠤᠲᠠᠰᠤ ᠪᠠᠷ | ᠶᠠᠷᠢᠯᠴᠠᠪᠠ ᠃ ᠬᠤᠶᠠᠷ ᠤᠯᠤᠰ ᠤᠨ ᠲᠡᠷᠢᠭᠦᠨ ᠳᠤᠮᠳᠠᠳᠤ ᠠᠮᠧᠷᠢᠺᠠ ᠶᠢᠨ ᠬᠠᠷᠢᠯᠴᠠᠭ᠎ᠠ ᠵᠢᠴᠢ ᠬᠤᠶᠠᠷ ᠲᠠᠯ᠎ᠠ ᠶᠢᠨ | ᠬᠠᠮᠲᠤ ᠪᠠᠷ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠢ ᠰᠠᠨᠠᠯ ᠢᠶᠠᠨ ᠦᠨᠡᠨᠴᠢ ᠪᠠᠷ ᠭᠦᠨᠵᠡᠭᠡᠢ ᠰᠣᠯᠢᠯᠴᠠᠪᠠ ᠃ | ᠰᠢ ᠶᠢᠨ ᠫᠢᠩ᠂ ᠨᠢᠳᠤᠨᠤᠨ ᠤ 11 ᠰᠠᠷ᠎ᠠ ᠳᠤ ᠪᠢ ᠶᠡᠷᠦᠩᠬᠡᠶᠢᠯᠡᠭᠴᠢ ᠠᠪᠤᠭᠠᠢ ᠲᠠᠢ ᠰᠠᠨ ᠹᠷᠠᠨᠰᠢᠰᠺᠦ ᠳᠤ ᠠᠭᠤᠯᠵᠠᠵᠤ ᠂ | ᠢᠷᠡᠭᠡᠳᠦᠢ ᠳᠤ ᠬᠠᠨᠳᠤᠭᠰᠠᠨ ︽ ᠰᠠᠨ ᠹᠷᠠᠨᠰᠢᠰᠺᠦ ᠶᠢᠨ ᠬᠦᠰᠡᠯ ᠪᠠᠷᠠᠯᠠᠯ ︾ ᠢ ᠡᠬᠢᠯᠡᠭᠦᠯᠪᠡ ᠃ ᠡᠨᠡ ᠬᠡᠳᠦᠨ ᠰᠠᠷ᠎ᠠ ᠳᠤ | ᠬᠤᠶᠠᠷ ᠲᠠᠯ᠎ᠠ ᠶᠢᠨ ᠪᠦᠯᠭᠦᠮ ᠪᠢᠳᠠᠨ ᠤ ᠲᠣᠬᠢᠷᠠᠯᠴᠠᠭᠰᠠᠨ ᠬᠠᠮᠲᠤ ᠶᠢᠨ ᠲᠠᠨᠢᠯᠲᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠤ ᠲᠣᠭᠲᠠᠭᠤᠨ ᠪᠠᠶᠢᠳᠠᠯ ᠢᠯᠡᠷᠡᠵᠦ ᠂ ᠬᠤᠶᠠᠷ | ᠤᠯᠤᠰ ᠤᠨ ᠡᠯ᠎ᠡ ᠡᠲᠡᠭᠡᠳ ᠪᠣᠯᠣᠨ ᠳᠡᠯᠡᠬᠡᠢ ᠨᠡᠶᠢᠭᠡᠮ ᠤᠨ ᠬᠦᠷᠢᠶᠡᠯᠡᠯ ᠢ ᠣᠯᠪᠠ ᠃ ᠨᠦᠭᠦᠭᠡ ᠲᠠᠯ᠎ᠠ ᠪᠠᠷ ᠂ ᠬᠤᠶᠠᠷ | ᠤᠯᠤᠰ ᠤᠨ ᠬᠠᠷᠢᠯᠴᠠᠭᠠᠨ ᠳᠠᠬᠢ ᠨᠠᠵᠠᠭᠠᠢ ᠬᠦᠴᠦᠨ ᠵᠦᠢᠯ ᠴᠦ ᠡᠳᠦᠢ ᠲᠡᠳᠦᠢ ᠨᠡᠮᠡᠭᠳᠡᠵᠦ ᠪᠠᠶᠢᠨ᠎ᠠ ᠂ ᠬᠤᠶᠠᠷ | ᠲᠠᠯ᠎ᠠ ᠪᠠᠷ ᠢᠶᠠᠨ ᠴᠢᠬᠤᠯᠠᠴᠢᠯᠠᠨ ᠦᠵᠡᠬᠦ ᠬᠡᠷᠡᠭᠲᠡᠢ ᠭᠡᠵᠦ ᠵᠢᠭᠠᠵᠤ ᠭᠠᠷᠭᠠᠵᠠᠢ ᠃ | ᠰᠢ ᠶᠢᠨ ᠫᠢᠩ᠂ ᠪᠠᠶᠢᠯᠳᠤᠬᠤ ᠪᠣᠳᠣᠯᠭ᠎ᠠ ᠶᠢᠨ ᠲᠠᠨᠢᠯᠲᠠ ᠶᠢᠨ ᠠᠰᠠᠭᠤᠳᠠᠯ ᠪᠣᠯ ᠢᠮᠠᠭᠲᠠ ᠳᠤᠮᠳᠠᠳᠤ ᠠᠮᠧᠷᠢᠺᠠ ᠶᠢᠨ | ᠬᠠᠷᠢᠯᠴᠠᠭ᠎ᠠ ᠶᠢᠨ ᠡᠷᠬᠡᠪᠰᠢ ᠰᠠᠶᠢᠲᠤᠷ ᠴᠢᠬᠤᠯᠠᠴᠢᠯᠠᠬᠤ ︽ ᠠᠩᠬᠠᠨ ᠤ ᠠᠯᠬᠤᠮ ︾ ᠪᠣᠯᠣᠨ᠎ᠠ ᠃ ᠳᠤᠮᠳᠠᠳᠤ ᠠᠮᠧᠷᠢᠺᠠ | ᠡᠶᠢᠮᠦ ᠬᠤᠶᠠᠷ ᠲᠣᠮᠣ ᠤᠯᠤᠰ ᠶᠠᠪᠤᠯᠴᠠᠬᠤ ᠦᠭᠡᠢ ᠂ ᠬᠠᠷᠢᠯᠴᠠᠬᠤ ᠦᠭᠡᠢ ᠪᠠᠶᠢᠵᠤ ᠪᠤᠯᠬᠤ ᠦᠭᠡᠢ ᠂ ᠨᠡᠩ ᠴᠤ | ᠮᠥᠷᠭᠦᠯᠳᠦᠨ ᠡᠰᠡᠷᠭᠦᠴᠡᠯᠳᠦᠵᠦ ᠪᠤᠯᠬᠤ ᠦᠭᠡᠢ ᠂ ᠬᠠᠷᠢᠯᠴᠠᠨ ᠭᠦᠨᠳᠦᠳᠭᠡᠵᠦ ᠂ ᠨᠠᠶᠢᠷᠠᠮᠳᠠᠯ ᠢᠶᠠᠷ ᠵᠡᠷᠭᠡᠴᠡᠨ ᠣᠷᠣᠰᠢᠵᠤ ᠂ | ᠬᠠᠮᠲᠤᠷᠠᠯᠴᠠᠨ ᠬᠠᠮᠲᠤ ᠪᠠᠷ ᠠᠰᠢᠭ ᠬᠦᠷᠲᠡᠵᠦ ᠂ ᠦᠷᠭᠦᠯᠵᠢᠯᠡᠨ ᠲᠣᠭᠲᠠᠭᠤᠨ ᠂ ᠡᠷᠡᠭᠦᠯ ᠂ ᠦᠷᠭᠦᠯᠵᠢᠯᠡᠬᠦ ᠵᠠᠮ ᠢᠶᠠᠷ | ᠤᠷᠤᠭᠰᠢᠯᠠᠪᠠᠯ ᠵᠣᠬᠢᠨ᠎ᠠ ᠂ ᠬᠠᠷᠢᠨ ᠥᠩᠭᠡᠷᠡᠭᠰᠡᠨ ᠤ ᠵᠠᠮ ᠢᠶᠠᠷ ᠢᠶᠠᠨ ᠵᠠᠮᠨᠠᠵᠤ ᠪᠤᠯᠬᠤ ᠦᠭᠡᠢ ᠭᠡᠵᠦ ᠴᠢᠬᠤᠯᠠᠴᠢᠯᠠᠪᠠ ᠃ | ᠰᠢ ᠶᠢᠨ ᠫᠢᠩ᠂ ᠡᠨᠡ ᠵᠢᠯ ᠳᠤᠮᠳᠠᠳᠤ ᠠᠮᠧᠷᠢᠺᠠ ᠶᠢᠨ ᠬᠠᠷᠢᠯᠴᠠᠭ᠎ᠠ ᠬᠡᠳᠦᠨ ᠶᠡᠭᠡ ᠵᠠᠷᠴᠢᠮ ᠢ ᠪᠠᠷᠢᠮᠲᠠᠯᠠᠬᠤ ᠬᠡᠷᠡᠭᠲᠡᠢ ᠃ | ᠨᠢᠭᠡ ᠳᠤ ᠂ ᠨᠠᠶᠢᠷᠠᠮᠳᠠᠯ ᠢ ᠡᠷᠬᠢᠮᠯᠡᠵᠦ ᠂ ᠮᠥᠷᠭᠦᠯᠳᠦᠬᠦ ᠦᠭᠡᠢ ᠡᠰᠡᠷᠭᠦᠴᠡᠯᠳᠦᠬᠦ ᠦᠭᠡᠢ ᠪᠠᠶᠢᠬᠤ ᠬᠤᠷᠢᠭ᠎ᠠ ᠱᠤᠭᠤᠮ ᠢ | ᠪᠠᠲᠤ ᠰᠠᠬᠢᠵᠤ ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠠᠬᠢ ᠵᠥᠪ ᠲᠠᠯ᠎ᠠ ᠶᠢᠨ ᠵᠢᠱᠢᠯᠲᠡ ᠶᠢ ᠲᠠᠰᠤᠷᠠᠯᠲᠠ ᠦᠭᠡᠢ | ᠳᠡᠭᠡᠭᠰᠢᠯᠡᠭᠦᠯᠦᠶ᠎ᠡ ᠃ ᠬᠤᠶᠠᠷ ᠲᠤ ᠂ ᠲᠣᠭᠲᠠᠭᠤᠨ ᠪᠠᠶᠢᠬᠤ ᠶᠢ ᠴᠢᠬᠤᠯᠠᠴᠢᠯᠠᠵᠤ ᠂ ᠳᠡᠩᠰᠡᠯᠭᠡᠬᠦ ᠦᠭᠡᠢ ᠂ ᠬᠡᠷᠡᠭ ᠥᠳᠥᠭᠡᠬᠦ | ᠦᠭᠡᠢ ᠂ ᠬᠠᠷᠢᠯᠴᠠᠨ ᠭᠠᠷ ᠲᠦᠷᠦᠭᠦ ᠦᠭᠡᠢ ᠪᠠᠶᠢᠵᠤ ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠶᠡᠷᠦᠩᠬᠡᠢ ᠳᠡᠭᠡᠨ | ᠲᠣᠭᠲᠠᠭᠤᠨ ᠪᠠᠶᠢᠬᠤ ᠶᠢ ᠪᠠᠲᠤᠯᠠᠶ᠎ᠠ ᠃ ᠭᠤᠷᠪᠠ ᠳᠤ ᠂ ᠦᠨᠡᠨᠴᠢ ᠢᠲᠡᠭᠡᠮᠵᠢ ᠪᠠᠷ ᠦᠨᠳᠦᠰᠦ ᠪᠤᠯᠭᠠᠵᠤ ᠂ ᠪᠣᠳᠠᠲᠤ | ᠠᠵᠢᠯᠯᠠᠭ᠎ᠠ ᠪᠠᠷ ᠢᠶᠠᠨ ᠲᠤᠰ ᠲᠤᠰ ᠤᠨ ᠠᠮᠠᠯᠠᠯᠲᠠ ᠪᠠᠨ ᠪᠡᠶᠡᠯᠡᠭᠦᠯᠵᠦ ᠂ ︽ ᠰᠠᠨ ᠹᠷᠠᠨᠰᠢᠰᠺᠤ ᠶᠢᠨ ᠬᠦᠰᠡᠯ ᠪᠠᠷᠠᠯᠠᠯ ︾ ᠢ ︽ | ᠪᠣᠳᠠᠲᠤ ᠠᠬᠤᠢ ᠪᠠᠶᠢᠳᠠᠯ ︾ ᠪᠣᠯᠭᠠᠨ ᠬᠤᠪᠢᠷᠠᠭᠤᠯᠤᠶ᠎ᠠ ᠃ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ ᠭᠡᠯᠪᠡᠷᠢ ᠪᠠᠷ | ᠶᠠᠷᠢᠯᠴᠠᠭ᠎ᠠ ᠪᠠᠨ ᠴᠢᠩᠭᠠᠳᠬᠠᠵᠤ ᠂ ᠵᠥᠷᠢᠴᠡᠯ ᠢᠶᠠᠨ ᠪᠣᠯᠭᠤᠮᠵᠢᠲᠠᠢ ᠣᠪᠣᠷ ᠢᠶᠠᠷ ᠬᠠᠮᠢᠶᠠᠷᠤᠨ ᠡᠵᠡᠮᠳᠡᠵᠦ ᠂ ᠬᠠᠷᠢᠯᠴᠠᠨ | ᠠᠰᠢᠭᠲᠠᠢ ᠪᠠᠶᠢᠬᠤ ᠵᠣᠷᠢᠭ ᠰᠠᠨᠠᠭ᠎ᠠ ᠪᠠᠷ ᠬᠠᠮᠲᠤᠷᠠᠯᠴᠠᠭ᠎ᠠ ᠪᠠᠨ ᠠᠬᠢᠭᠤᠯᠵᠤ ᠂ ᠬᠠᠷᠢᠭᠤᠴᠠᠯᠭ᠎ᠠ ᠡᠭᠦᠷᠭᠡᠯᠡᠯ ᠢᠶᠠᠷ ᠤᠯᠠᠨ | ᠤᠯᠤᠰ ᠤᠨ ᠵᠣᠬᠢᠴᠠᠭᠤᠯᠭ᠎ᠠ ᠶᠢ ᠴᠢᠩᠭᠠᠳᠬᠠᠶ᠎ᠠ ᠭᠡᠵᠦ ᠵᠢᠭᠠᠵᠤ ᠭᠠᠷᠭᠠᠵᠠᠢ ᠃ | ᠰᠢ ᠶᠢᠨ ᠫᠢᠩ᠂ ᠲᠠᠶᠢᠸᠠᠨ ᠤ ᠠᠰᠠᠭᠤᠳᠠᠯ ᠪᠣᠯ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠡᠩ ᠲᠦᠷᠦᠭᠦᠨ ᠤ | ᠳᠠᠪᠠᠵᠤ ᠪᠣᠯᠣᠰᠢ ᠦᠭᠡᠢ ᠤᠯᠠᠭᠠᠨ ᠱᠤᠭᠤᠮ ᠮᠥᠨ ᠃ ︽ ᠲᠠᠶᠢᠸᠠᠨ ᠢ ᠲᠤᠰᠠᠭᠠᠷ ᠲᠣᠭᠲᠠᠨᠢᠭᠤᠯᠬᠤ ︾ ᠬᠦᠴᠦᠨ ᠤ | ᠬᠠᠭᠠᠴᠠᠭᠤᠯᠬᠤ ᠠᠵᠢᠯᠯᠠᠭ᠎ᠠ ᠪᠠ ᠭᠠᠳᠠᠭᠠᠳᠤ ᠶᠢᠨ ᠳᠤᠷ᠎ᠠ ᠪᠠᠷ ᠨᠢ ᠲᠠᠯᠪᠢᠵᠤ ᠬᠠᠪᠰᠤᠷᠤᠨ ᠳᠡᠮᠵᠢᠬᠦ ᠠᠵᠢᠯᠯᠠᠭ᠎ᠠ ᠶᠢ ᠪᠢᠳᠡ | ᠰᠣᠨᠣᠰᠤᠭᠠᠳ ᠯᠡ ᠥᠩᠭᠡᠷᠡᠭᠦᠯᠬᠦ ᠪᠢᠰᠢ ᠶᠤᠮ ᠃ ᠠᠮᠧᠷᠢᠺᠠ ᠶᠢᠨ ᠬᠢᠨ ᠶᠡᠷᠦᠩᠬᠡᠶᠢᠯᠡᠭᠴᠢ ᠠᠪᠤᠭᠠᠢ ᠶᠢᠨ ︽ ᠲᠠᠶᠢᠸᠠᠨ ᠤ | ᠲᠤᠰᠠᠭᠠᠷ ᠲᠣᠭᠲᠠᠨᠢᠬᠤ ︾ ᠶᠢ ᠦᠯᠦ ᠳᠡᠮᠵᠢᠬᠦ ᠢᠳᠡᠪᠬᠢᠲᠡᠢ ᠣᠪᠣᠷ ᠢ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠶᠢ | ᠬᠦᠰᠡᠵᠦ ᠪᠠᠶᠢᠨ᠎ᠠ ᠃ ᠠᠮᠧᠷᠢᠺᠠ ᠶᠢᠨ ᠳᠤᠮᠳᠠᠳᠤ ᠤᠯᠤᠰ ᠤᠨ ᠠᠵᠤ ᠠᠬᠤᠢ ᠠᠷᠠᠯᠵᠢᠶ᠎ᠠ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠳᠤ ᠴᠢᠭᠯᠡᠭᠦᠯᠦᠭᠰᠡᠨ ᠳᠠᠷᠤᠯᠲᠠ ᠦᠵᠡᠭᠦᠯᠭᠦ ᠠᠷᠭ᠎ᠠ ᠬᠡᠮᠵᠢᠶ᠎ᠡ ᠲᠠᠰᠤᠷᠠᠯᠲᠠ ᠦᠭᠡᠢ ᠭᠠᠷᠴᠤ ᠢᠷᠡᠵᠤ ᠂ ᠳᠤᠮᠳᠠᠳᠤ | ᠤᠯᠤᠰ ᠤᠨ ᠠᠵᠤ ᠠᠬᠤᠶᠢᠯᠠᠯ ᠢ ᠵᠠᠯᠬᠠᠭᠠᠬᠤ ᠳᠠᠩᠰᠠ ᠶᠠᠪᠤᠬᠤ ᠲᠤᠲᠤᠮ ᠨᠡᠮᠡᠭᠳᠡᠵᠦ ᠪᠠᠶᠢᠨ᠎ᠠ ᠃ ᠡᠨᠡ ᠨᠢ ︽ | ᠲᠦᠭᠰᠢᠭᠦᠷᠢ ᠶᠢ ᠠᠷᠢᠯᠭᠠᠬᠤ ︾ ᠶᠠᠪᠤᠳᠠᠯ ᠪᠢᠰᠢ ᠂ ᠬᠠᠷᠢᠨ ᠲᠦᠭᠰᠢᠭᠦᠷᠢ ᠶᠢ ᠪᠤᠢ ᠪᠤᠯᠭᠠᠬᠤ ᠶᠠᠪᠤᠳᠠᠯ ᠪᠣᠯᠣᠨ᠎ᠠ ᠃ ᠬᠡᠷᠪᠡ | ᠠᠮᠧᠷᠢᠺᠠ ᠶᠢᠨ ᠲᠠᠯ᠎ᠠ ᠶᠢᠨ ᠬᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠨᠢᠭᠦᠯᠵᠦ ᠂ ᠳᠤᠮᠳᠠᠳᠤ ᠤᠯᠤᠰ ᠤᠨ | ᠬᠥᠭᠵᠢᠯᠲᠡ ᠶᠢᠨ ᠠᠰᠢᠭ ᠲᠤᠰᠠ ᠶᠢ ᠬᠠᠮᠲᠤ ᠪᠠᠷ ᠡᠳ᠋ᠯᠡᠬᠦ ᠳᠤᠷᠠᠲᠠᠢ ᠪᠣᠯ ᠂ ᠳᠤᠮᠳᠠᠳᠤ ᠶᠢᠨ ᠲᠠᠯ᠎ᠠ ᠶᠢᠨ ᠬᠢᠨ ᠬᠡᠵᠢᠶᠡᠳᠡ | ᠡᠭᠦᠳᠡ ᠪᠠᠨ ᠨᠡᠭᠡᠭᠡᠵᠦ ᠤᠬᠳᠤᠨ᠎ᠠ ; ᠬᠡᠷᠪᠡ ᠠᠮᠧᠷᠢᠺᠠ ᠶᠢᠨ ᠲᠠᠯ᠎ᠠ ᠶᠢᠨ ᠬᠢᠨ ᠮᠤᠵᠢᠭᠤᠳᠠ ᠪᠠᠷ ᠳᠤᠮᠳᠠᠳᠤ ᠤᠯᠤᠰ ᠤᠨ | ᠳᠡᠭᠡᠳᠦ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠥᠭᠵᠢᠯᠲᠡ ᠶᠢ ᠳᠠᠷᠤᠵᠤ ᠂ ᠳᠤᠮᠳᠠᠳᠤ ᠤᠯᠤᠰ ᠤᠨ ᠵᠦᠢ ᠶᠣᠰᠣᠨ ᠤ | ᠬᠥᠭᠵᠢᠯᠲᠡ ᠶᠢᠨ ᠡᠷᠬᠡ ᠶᠢ ᠦᠭᠡᠶᠢᠰᠭᠡᠭᠦ ᠳᠤ ᠭᠦᠷᠪᠡᠯ ᠪᠢᠳᠡ ᠪᠠᠰᠠ ᠬᠠᠮᠢᠶᠠᠷᠬᠤ ᠦᠭᠡᠢ ᠰᠠᠭᠤᠬᠤ ᠪᠢᠰᠢ ᠭᠡᠵᠦ | ᠴᠢᠬᠤᠯᠠᠴᠢᠯᠠᠪᠠ ᠃ | ᠰᠢ ᠶᠢᠨ ᠫᠢᠩ ᠰᠢᠶᠠᠩᠭᠠᠩ ᠂ ᠬᠥᠮᠥᠨ ᠤ ᠡᠷᠬᠡ ᠂ ᠡᠮᠦᠨᠡᠲᠦ ᠲᠠᠩᠭᠢᠰ ᠵᠡᠷᠭᠡ ᠳᠤ ᠬᠤᠯᠪᠣᠭᠳᠠᠭᠰᠠᠨ ᠠᠰᠠᠭᠤᠳᠠᠯ ᠤᠨ | ᠲᠠᠯ᠎ᠠ ᠪᠠᠷ ᠬᠢ ᠳᠤᠮᠳᠠᠳᠤ ᠤᠯᠤᠰ ᠤᠨ ᠵᠣᠭᠰᠣᠯᠲᠠ ᠶᠢ ᠲᠣᠳᠣᠷᠬᠠᠶᠢᠯᠠᠨ ᠥᠭᠦᠯᠡᠪᠡ ᠃ | ᠪᠠᠶᠢᠳᠧᠨ ᠂ ᠠᠮᠧᠷᠢᠺᠠ ᠳᠤᠮᠳᠠᠳᠤ ᠶᠢᠨ ᠬᠠᠷᠢᠯᠴᠠᠭ᠎ᠠ ᠪᠣᠯ ᠳᠡᠯᠡᠬᠡᠢ ᠳᠡᠭᠡᠷᠡᠬᠢ ᠬᠠᠮᠤᠭ ᠤᠨ ᠭᠦᠨ ᠭᠦᠨᠵᠡᠭᠡᠢ | ᠨᠥᠯᠥᠭᠡ ᠲᠠᠢ ᠬᠤᠶᠠᠷ ᠲᠠᠯ᠎ᠠ ᠶᠢᠨ ᠬᠠᠷᠢᠯᠴᠠᠭ᠎ᠠ ᠪᠣᠯᠣᠨ᠎ᠠ ᠃ ᠰᠠᠨ ᠹᠷᠠᠨᠰᠢᠰᠺᠤ ᠶᠢᠨ ᠠᠭᠤᠯᠵᠠᠯᠲᠠ ᠠᠴᠠ ᠨᠠᠭᠠᠰᠢᠬᠢ | ᠠᠮᠧᠷᠢᠺᠠ ᠳᠤᠮᠳᠠᠳᠤ ᠶᠢᠨ ᠬᠠᠷᠢᠯᠴᠠᠭᠠᠨ ᠤ ᠣᠯᠣᠭᠰᠠᠨ ᠠᠬᠢᠴᠠ ᠨᠢ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ | ᠢᠳᠡᠪᠬᠢᠲᠡᠢ ᠪᠠᠷ ᠠᠬᠢᠭᠤᠯᠬᠤ ᠶᠢᠨ ᠬᠠᠮᠲᠤ ᠬᠠᠷᠢᠭᠤᠴᠠᠬᠤ ᠣᠪᠣᠷ ᠢᠶᠠᠷ ᠵᠥᠷᠢᠯᠳᠦᠭᠡᠨ ᠢᠶᠠᠨ ᠬᠠᠮᠢᠶᠠᠷᠴᠤ ᠪᠤᠯᠬᠤ ᠶᠢ | ᠬᠠᠷᠠᠭᠤᠯᠪᠠ ᠃ ᠠᠮᠧᠷᠢᠺᠠ ᠶᠢᠨ ᠲᠠᠯ᠎ᠠ ᠶᠢᠨ ᠬᠢᠨ ︽ ᠰᠢᠨ᠎ᠡ ᠬᠦᠢᠲᠡᠨ ᠳᠠᠶᠢᠨ ︾ ᠢ ᠡᠷᠢᠯᠬᠢᠯᠡᠬᠦ ᠦᠭᠡᠢ ᠂ ᠳᠤᠮᠳᠠᠳᠤ | ᠤᠯᠤᠰ ᠤᠨ ᠪᠠᠶᠢᠭᠤᠯᠤᠯ ᠢ ᠥᠭᠡᠷᠡᠴᠢᠯᠡᠬᠦ ᠶᠢ ᠡᠷᠢᠯᠬᠢᠯᠡᠬᠦ ᠦᠭᠡᠢ ᠂ ᠬᠤᠯᠪᠣᠭᠠᠨ ᠤ ᠬᠠᠷᠢᠯᠴᠠᠭ᠎ᠠ ᠪᠠᠨ ᠴᠢᠩᠭᠠᠳᠬᠠᠬᠤ ᠪᠠᠷ | ᠳᠠᠮᠵᠢᠭᠤᠯᠤᠨ ᠳᠤᠮᠳᠠᠳᠤ ᠤᠯᠤᠰ ᠢ ᠡᠰᠡᠷᠭᠦᠴᠡᠬᠦ ᠶᠢ ᠡᠷᠢᠯᠬᠢᠯᠡᠬᠦ ᠦᠭᠡᠢ ᠂ ︽ ᠲᠠᠶᠢᠸᠠᠨ ᠤ ᠲᠤᠰᠠᠭᠠᠷ ᠲᠣᠭᠲᠠᠨᠢᠬᠤ ︾ ᠶᠢ | ᠳᠡᠮᠵᠢᠬᠦ ᠦᠭᠡᠢ ᠂ ᠳᠤᠮᠳᠠᠳᠤ ᠤᠯᠤᠰ ᠲᠠᠢ ᠮᠥᠷᠭᠦᠯᠳᠦᠭᠡᠨ ᠡᠭᠦᠰᠬᠦ ᠪᠤᠳᠤᠯ ᠦᠭᠡᠢ ᠭᠡᠵᠦ ᠪᠢ ᠳᠠᠪᠲᠠᠨ ᠢᠯᠡᠷᠬᠡᠶᠢᠯᠡᠶ᠎ᠡ ᠃ | ᠠᠮᠧᠷᠢᠺᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠪᠠᠷᠢᠮᠲᠠᠯᠠᠨ᠎ᠠ ᠃ ᠳᠤᠮᠳᠠᠳᠤ ᠤᠯᠤᠰ ᠤᠨ | ᠬᠥᠭᠵᠢᠯᠲᠡ ᠳᠡᠯᠡᠬᠡᠢ ᠳ᠋ᠠᠬᠢᠨ ᠳᠤ ᠠᠰᠢᠭᠲᠠᠢ ᠂ ᠠᠮᠧᠷᠢᠺᠠ ᠳᠤᠮᠳᠠᠳᠤ ᠤᠯᠤᠰ ᠤᠨ ᠬᠥᠭᠵᠢᠯᠲᠡ ᠶᠢ ᠬᠤᠷᠢᠭᠯᠠᠬᠤ ᠶᠢ | ᠡᠷᠢᠯᠬᠢᠯᠡᠬᠦ ᠦᠭᠡᠢ ᠂ ᠳᠤᠮᠳᠠᠳᠤ ᠤᠯᠤᠰ ᠲᠠᠢ ︽ ᠬᠠᠷᠢᠯᠴᠠᠭ᠎ᠠ ᠪᠠᠨ ᠲᠠᠰᠤᠯᠬᠤ ︾ ᠶᠢ ᠡᠷᠢᠯᠬᠢᠯᠡᠬᠦ ᠦᠭᠡᠢ ᠃ ᠳᠤᠷᠠᠲᠠᠶ᠎ᠠ | ᠡᠳ᠋ ᠤᠨ ᠵᠠᠰᠠᠭ ᠤᠨ ᠶᠠᠮᠤᠨ ᠤ ᠰᠠᠶᠢᠳ ᠶᠧᠯᠤᠨ ᠂ ᠲᠦᠷᠦ ᠶᠢᠨ ᠶᠠᠪᠤᠳᠠᠯ ᠤᠨ ᠰᠠᠶᠢᠳ ᠪᠦᠯᠢᠨᠺᠧᠨ ᠢ ᠣᠶᠢᠷ᠎ᠠ ᠶᠢᠨ | ᠬᠤᠭᠤᠴᠠᠭᠠᠨ ᠳᠤ ᠳᠤᠮᠳᠠᠳᠤ ᠤᠯᠤᠰ ᠲᠤ ᠠᠶᠢᠯᠴᠢᠯᠠᠬᠤ ᠪᠠᠷ ᠲᠣᠬᠢᠷᠠᠭᠤᠯᠵᠤ ᠂ ᠳᠤᠮᠳᠠᠳᠤ ᠤᠯᠤᠰ ᠯᠤᠭ᠎ᠠ ᠶᠠᠷᠢᠯᠴᠠᠭ᠎ᠠ | ᠣᠯᠣᠯᠴᠠᠭ᠎ᠠ ᠪᠠᠨ ᠴᠢᠩᠭᠠᠳᠬᠠᠵᠤ ᠂ ᠪᠤᠷᠤᠭᠤ ᠮᠠᠭᠠᠳᠯᠠᠬᠤ ᠠᠴᠠ ᠵᠠᠶᠢᠯᠠᠰᠬᠢᠵᠦ ᠂ ᠬᠠᠮᠲᠤᠷᠠᠯᠴᠠᠭ᠎ᠠ ᠪᠠᠨ ᠠᠬᠢᠭᠤᠯᠵᠤ ᠂ | ᠬᠤᠶᠠᠷ ᠤᠯᠤᠰ ᠤᠨ ᠬᠠᠷᠢᠯᠴᠠᠭ᠎ᠠ ᠶᠢᠨ ᠲᠣᠭᠲᠠᠭᠤᠨ ᠬᠥᠭᠵᠢᠯᠲᠡ ᠶᠢ ᠠᠬᠢᠭᠤᠯᠵᠤ ᠂ ᠪᠦᠭᠦ ᠪᠥᠮᠪᠥᠷᠴᠡᠭ ᠤᠨ ᠴᠢᠨᠠᠷᠲᠠᠢ | ᠥᠷᠢᠰᠦᠯᠳᠦᠭᠡᠨ ᠢ ᠬᠠᠮᠲᠤ ᠪᠠᠷ ᠠᠷᠭᠠᠴᠠᠭᠠᠨ᠎ᠠ ᠭᠡᠵᠦ ᠢᠯᠡᠳᠬᠡᠪᠡ ᠃ | ᠬᠤᠶᠠᠷ ᠤᠯᠤᠰ ᠤᠨ ᠲᠡᠷᠢᠭᠦᠨ ᠪᠠᠰᠠ ᠦᠺᠷᠠᠶᠢᠨ ᠤ ᠬᠢᠮᠤᠷᠠᠯ ᠂ ᠰᠣᠯᠣᠩᠭᠤᠰ ᠬᠤᠶᠢᠭ ᠤᠨ ᠪᠠᠶᠢᠳᠠᠯ ᠵᠡᠷᠭᠡ ᠶᠢᠨ | ᠲᠤᠬᠠᠢ ᠰᠠᠨᠠᠯ ᠢᠶᠠᠨ ᠰᠣᠯᠢᠯᠴᠠᠪᠠ ᠃ | ᠬᠤᠶᠠᠷ ᠤᠯᠤᠰ ᠤᠨ ᠲᠡᠷᠢᠭᠦᠨ ᠂ ᠡᠨᠡ ᠤᠳᠠᠭ᠎ᠠ ᠶᠢᠨ ᠤᠲᠠᠰᠤ ᠪᠠᠷ ᠶᠠᠷᠢᠯᠴᠠᠭᠰᠠᠨ ᠨᠢ ᠦᠨᠡᠨᠴᠢ ᠪᠥᠭᠡᠳ ᠪᠦᠲᠦᠭᠡᠯᠴᠢ | ᠴᠢᠨᠠᠷᠲᠠᠢ ᠭᠡᠵᠦ ᠦᠵᠡᠪᠡ ᠃ ᠬᠤᠶᠠᠷ ᠲᠠᠯ᠎ᠠ ᠪᠠᠷ ᠢᠶᠠᠨ ᠣᠯᠣᠯᠴᠠᠭ᠎ᠠ ᠪᠠᠨ ᠦᠷᠭᠦᠯᠵᠢᠯᠡᠨ ᠪᠠᠲᠤᠯᠠᠵᠤ ᠂ ᠬᠤᠶᠠᠷ ᠲᠠᠯ᠎ᠠ ᠶᠢᠨ | ᠠᠵᠢᠯᠯᠠᠬᠤ ᠳᠤᠭᠤᠶᠢᠯᠠᠩ ᠢᠶᠠᠷ ︽ ᠰᠠᠨ ᠹᠷᠠᠨᠰᠢᠰᠺᠤ ᠶᠢᠨ ᠬᠦᠰᠡᠯ ᠪᠠᠷᠠᠯᠠᠯ ︾ ᠢ ᠰᠠᠶᠢᠲᠤᠷ ᠨᠠᠶᠢᠳᠠᠪᠤᠷᠢᠵᠢᠭᠤᠯᠬᠤ ᠶᠢ | ᠬᠠᠷᠢᠭᠤᠴᠠᠭᠤᠯᠵᠤ ᠂ ᠭᠠᠳᠠᠭᠠᠳᠤ ᠬᠠᠷᠢᠯᠴᠠᠭ᠎ᠠ ᠂ ᠠᠵᠤ ᠠᠬᠤᠢ ᠂ ᠮᠥᠩᠭᠦᠨ ᠭᠦᠢᠯᠭᠡᠭᠡᠨ ᠂ ᠬᠤᠳᠠᠯᠳᠤᠭᠠᠨ ᠤ ᠶᠠᠪᠤᠳᠠᠯ | ᠵᠡᠷᠭᠡ ᠬᠦᠷᠢᠶ᠎ᠡ ᠴᠠᠷᠠᠭ᠎ᠠ ᠳᠠᠬᠢ ᠵᠥᠪᠳᠡᠯᠴᠡᠬᠦ ᠲᠣᠭᠲᠠᠴᠠ ᠵᠢᠴᠢ ᠬᠤᠶᠠᠷ ᠤᠯᠤᠰ ᠤᠨ ᠴᠡᠷᠢᠭ ᠤᠨ ᠣᠯᠣᠯᠴᠠᠭ᠎ᠠ ᠶᠢ | ᠠᠬᠢᠭᠤᠯᠵᠤ ᠂ ᠬᠤᠣᠷ ᠴᠠᠭᠠᠵᠠᠯᠠᠬᠤ ᠂ ᠵᠣᠬᠢᠶᠠᠮᠠᠯ ᠤᠶᠤᠨ ᠴᠢᠳᠠᠪᠤᠷᠢ ᠂ ᠠᠭᠤᠷ ᠠᠮᠢᠰᠬᠤᠯ ᠤᠨ ᠬᠤᠪᠢᠷᠠᠯᠲᠠ ᠶᠢ | ᠠᠷᠭᠠᠴᠠᠭᠠᠬᠤ ᠵᠡᠷᠭᠡ ᠬᠦᠷᠢᠶ᠎ᠡ ᠴᠠᠷᠠᠭ᠎ᠠ ᠳᠤ ᠶᠠᠷᠢᠯᠴᠠᠭ᠎ᠠ ᠬᠠᠮᠲᠤᠷᠠᠯᠴᠠᠭ᠎ᠠ ᠥᠷᠨᠢᠭᠦᠯᠵᠦ ᠂ ᠴᠢᠨᠠᠭᠰᠢᠳᠠ ᠠᠷᠭ᠎ᠠ ᠬᠡᠮᠵᠢᠶ᠎ᠡ | ᠠᠪᠴᠤ ᠬᠤᠶᠠᠷ ᠤᠯᠤᠰ ᠤᠨ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠥᠷᠭᠡᠳᠬᠡᠵᠦ ᠂ ᠳᠡᠯᠡᠬᠡᠢ ᠶᠢᠨ ᠪᠠ ᠭᠠᠵᠠᠷ | ᠣᠷᠣᠨ ᠤ ᠠᠰᠠᠭᠤᠳᠠᠯ ᠤᠨ ᠲᠤᠬᠠᠢ ᠣᠯᠣᠯᠴᠠᠭ᠎ᠠ ᠪᠠᠨ ᠴᠢᠩᠭᠠᠳᠬᠠᠬᠤ ᠶᠢ ᠵᠥᠪᠰᠢᠶᠡᠷᠡᠪᠡ ᠃ ᠳᠤᠮᠳᠠᠳᠤ ᠤᠯᠤᠰ ᠡᠳ᠋ ᠤᠨ | ᠵᠠᠰᠠᠭ ᠤᠨ ᠶᠠᠮᠤᠨ ᠤ ᠰᠠᠶᠢᠳ ᠶᠧᠯᠤᠨ ᠂ ᠲᠦᠷᠦ ᠶᠢᠨ ᠶᠠᠪᠤᠳᠠᠯ ᠤᠨ ᠰᠠᠶᠢᠳ ᠪᠦᠯᠢᠨᠺᠧᠨ ᠤ ᠣᠶᠢᠷ᠎ᠠ ᠶᠢᠨ | ᠬᠤᠭᠤᠴᠠᠭᠠᠨ ᠳᠤ ᠳᠤᠮᠳᠠᠳᠤ ᠤᠯᠤᠰ ᠲᠤ ᠠᠶᠢᠯᠴᠢᠯᠠᠬᠤ ᠶᠢ ᠪᠠᠶᠠᠷᠯᠠᠨ ᠤᠭᠲᠤᠵᠤ ᠪᠠᠶᠢᠨ᠎ᠠ ᠃ | |