| ᠯᠢ ᠴᠢᠶᠠᠩ ᠵᠤᠤ ᠯᠧ ᠵᠢᠢ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠨᠠᠷ | ᠣᠷᠣᠯᠴᠠᠪᠠ | ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 3 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ 3 ᠤ ᠦᠳᠡ ᠶᠢᠨ ᠡᠮᠦᠨ᠎ᠡ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ | ᠣᠷᠤᠯᠴᠠᠬᠤ ᠳᠠᠭᠠᠨ᠂ ᠬᠠᠩᠰᠢ ᠶᠢᠨ ᠡᠳᠦᠷ ᠤᠨ ᠤᠷᠢᠳ ᠬᠤᠵᠢᠳ ᠢᠶᠠᠷ ᠳᠤᠮᠳᠠᠳᠤ ᠶᠢᠨ ᠡᠬᠡ ᠭᠠᠵᠠᠷ ᠲᠤ ᠠᠮᠢᠵᠢᠷᠠᠯ ᠤᠨ | ᠬᠦᠴᠦᠨ ᠢᠶᠠᠷ ᠪᠢᠯᠬᠠᠵᠤ᠂ ᠶᠠᠭ ᠮᠣᠳᠣ ᠲᠠᠷᠢᠬᠤ ᠰᠠᠶᠢᠬᠠᠨ ᠴᠠᠭ ᠪᠣᠯᠣᠨ᠎ᠠ᠃ ᠡᠨᠡ ᠡᠳᠦᠷ ᠪᠢᠳᠡ ᠬᠠᠮᠲᠤ ᠪᠠᠷ ᠮᠣᠳᠣ | ᠲᠠᠷᠢᠬᠤ ᠨᠢ ᠳᠠᠷᠤᠢ ᠤᠯᠠᠨ ᠢᠶᠠᠷ ᠢᠶᠠᠨ ᠬᠥᠳᠡᠯᠦᠯᠴᠡᠵᠦ᠂ ᠮᠣᠳᠣ ᠲᠠᠷᠢᠵᠤ ᠣᠶᠢᠵᠢᠭᠤᠯᠬᠤ ᠳᠤ ᠢᠳᠡᠪᠬᠢᠲᠡᠢ ᠣᠷᠣᠯᠴᠠᠵᠤ᠂ | ᠬᠥᠮᠥᠨ ᠪᠦᠭᠦᠨ ᠨᠣᠭᠤᠭᠠᠨ ᠥᠩᠭᠡ ᠶᠢᠨ ᠡᠯᠴᠢᠨ᠂ ᠠᠮᠢ ᠠᠬᠤᠢ ᠶᠢᠨ ᠬᠤᠰᠢᠭᠤᠴᠢ ᠪᠤᠯᠬᠤ ᠪᠠᠷ ᠴᠢᠷᠮᠠᠶᠢᠵᠤ᠂ | ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠨᠣᠭᠤᠭᠠᠨ ᠥᠩᠭᠡ ᠨᠡᠮᠡᠷᠢᠯᠡᠵᠦ᠂ ᠬᠥᠮᠥᠨ | ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ | ᠬᠠᠭᠤᠳᠠᠰᠤ ᠶᠢ ᠬᠠᠮᠲᠤ ᠪᠠᠷ ᠪᠢᠴᠢᠭᠯᠡᠬᠦ ᠶᠢ ᠤᠷᠢᠶᠠᠯᠠᠵᠤ ᠪᠠᠶᠢᠨ᠎ᠠ ᠭᠡᠵᠦ ᠴᠢᠬᠤᠯᠠᠴᠢᠯᠠᠪᠠ᠃ | ᠪᠡᠭᠡᠵᠢᠩ ᠤᠨ ᠬᠤᠳᠠ ᠶᠢᠨ ᠲᠡᠭᠦᠷᠭᠡ ᠳᠤ ᠬᠠᠪᠤᠷ ᠤᠨ ᠠᠭᠤᠷ ᠠᠮᠢᠰᠬᠤᠯ ᠢᠶᠠᠷ ᠪᠢᠯᠬᠠᠵᠤ ᠪᠠᠶᠢᠯ᠎ᠠ᠃ ᠦᠳᠡ ᠶᠢᠨ | ᠡᠮᠦᠨᠡᠬᠢ 10 ᠴᠠᠭ 40 ᠮᠢᠨᠦ᠋ᠲ ᠤᠨ ᠦᠶ᠎ᠡ ᠪᠠᠷ ᠨᠠᠮ ᠪᠠ ᠲᠥᠷᠥ ᠶᠢᠨ ᠤᠳᠤᠷᠢᠳᠬᠤ ᠬᠥᠮᠥᠨ ᠰᠢ ᠶᠢᠨ ᠫᠢᠩ᠂ ᠯᠢ | ᠴᠢᠶᠠᠩ᠂ ᠵᠣᠣ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ | ᠬᠠᠮᠲᠤ ᠪᠠᠷ ᠮᠠᠰᠢᠨ ᠲᠡᠷᠭᠡᠨ ᠳᠤ ᠰᠠᠭᠤᠵᠤ ᠪᠡᠭᠡᠵᠢᠩ ᠬᠤᠲᠠ ᠶᠢᠨ ᠲᠦᠩᠵᠸᠦ ᠲᠣᠭᠤᠷᠢᠭ ᠤᠨ ᠯᠦᠴᠧᠩ ᠪᠠᠯᠭᠠᠰᠤᠨ ᠳᠤ | ᠬᠦᠷᠴᠦ᠂ ᠨᠡᠶᠢᠰᠯᠡᠯ ᠤᠨ ᠣᠯᠠᠨ ᠲᠦᠮᠡᠨ ᠲᠠᠢ ᠬᠠᠮᠲᠤ ᠪᠠᠷ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ | ᠣᠷᠣᠯᠴᠠᠪᠠ᠃ | ᠮᠣᠳᠣ ᠲᠠᠷᠢᠬᠤ ᠭᠠᠵᠠᠷ ᠨᠢ ᠪᠡᠭᠡᠵᠢᠩ ᠬᠤᠳᠠ ᠶᠢᠨ ᠲᠦᠩᠵᠸᠤ ᠲᠣᠭᠤᠷᠢᠭ ᠪᠣᠯᠣᠨ ᠾᠧᠪᠧᠢ ᠮᠤᠵᠢ ᠶᠢᠨ ᠯᠠᠩᠹᠠᠩ | ᠬᠤᠳᠠ ᠶᠢᠨ ᠬᠤᠶᠢᠲᠤ ᠭᠤᠷᠪᠠᠨ ᠰᠢᠶᠠᠨ ᠤ ᠠᠭᠤᠯᠵᠠᠷ ᠲᠠᠬᠢ ᠴᠤᠤ ᠪᠠᠢ ᠾᠧ ᠭᠤᠣᠯ ᠤᠨ ᠬᠥᠪᠡᠭᠡᠨ ᠳᠠᠬᠢ ᠪᠡᠭᠡᠵᠢᠩ | ᠾᠧᠪᠧᠢ ᠶᠢᠨ ᠠᠩᠬᠠᠳᠠᠭᠴᠢ ᠬᠢᠯᠢ ᠠᠯᠤᠰᠯᠠᠨ ᠬᠠᠮᠲᠤ ᠪᠠᠷ ᠪᠠᠶᠢᠭᠤᠯᠤᠭᠰᠠᠨ ᠤᠢ ᠰᠢᠭᠤᠢ ᠶᠢᠨ ᠴᠡᠴᠡᠷᠯᠢᠭ ᠲᠤ ᠪᠠᠶᠢᠷᠢᠯᠠᠵᠤ | ᠂ ᠤᠰᠤ ᠶᠢ ᠬᠠᠪᠢᠳᠠᠭᠰᠠᠨ ᠮᠠᠰᠢ ᠰᠠᠶᠢᠨ ᠠᠮᠢ ᠠᠬᠤᠢ ᠶᠢᠨ ᠨᠥᠬᠦᠴᠡᠯ ᠲᠠᠢ ᠶᠤᠮ᠃ | ᠶᠡᠷᠦᠩᠬᠡᠢ ᠱᠦᠵᠢ ᠢᠷᠡᠭᠰᠡᠨ ᠢ ᠦᠵᠡᠭᠡᠳ ᠮᠣᠳᠣ ᠲᠠᠷᠢᠵᠤ ᠪᠠᠶᠢᠭᠰᠠᠨ ᠺᠠᠳ᠋ᠷ ᠤᠯᠠᠨ ᠲᠦᠮᠡᠨ ᠶᠡᠷᠦᠩᠬᠡᠢ ᠱᠦᠵᠢ ᠲᠠᠢ | ᠬᠠᠯᠠᠭᠤᠮᠰᠤᠭ ᠢᠶᠠᠷ ᠮᠡᠨᠳᠦᠴᠢᠯᠡᠪᠡ᠃ ᠰᠢ ᠶᠢᠨ ᠫᠢᠩ ᠤᠯᠠᠨ ᠤ ᠵᠦᠭ ᠭᠠᠷ ᠳᠠᠯᠠᠯᠤᠨ ᠮᠡᠨᠳᠦᠴᠢᠯᠡᠵᠦ᠂ ᠬᠦᠷᠵᠡ ᠪᠠᠷᠢᠨ | ᠮᠣᠳᠣ ᠲᠠᠷᠢᠬᠤ ᠭᠠᠵᠠᠷ ᠲᠤ ᠬᠦᠷᠴᠦ᠂ ᠪᠡᠭᠡᠵᠢᠩ ᠬᠤᠳᠠ᠂ ᠤᠯᠤᠰ ᠤᠨ ᠤᠢ ᠰᠢᠭᠤᠢ ᠪᠠ ᠲᠠᠯ᠎ᠠ ᠨᠤᠲᠤᠭ ᠤᠨ | ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠵᠢᠴᠢ ᠨᠡᠶᠢᠰᠯᠡᠯ ᠤᠨ ᠺᠠᠳ᠋ᠷ ᠤᠯᠠᠨ ᠲᠦᠮᠡᠨ᠂ ᠪᠠᠭᠠᠴᠤᠳ ᠤᠨ ᠬᠤᠰᠢᠭᠤᠴᠢ | ᠠᠩᠭᠢ ᠶᠢᠨ ᠭᠡᠰᠢᠭᠦᠳ ᠲᠠᠢ ᠬᠠᠮᠲᠤ ᠶᠠᠭᠠᠷᠠᠯᠳᠤᠵᠤ ᠡᠬᠢᠯᠡᠪᠡ᠃ | ᠬᠦᠷᠵᠡ ᠪᠠᠷᠢᠨ ᠨᠦᠬᠡ ᠮᠠᠯᠲᠠᠵᠤ᠂ ᠬᠦᠷᠢᠶᠡᠯᠡᠨ ᠬᠠᠰᠢᠵᠤ᠂ ᠰᠠᠭᠤᠯᠠᠭ᠎ᠠ ᠳᠡᠭᠦᠵᠢᠯᠡᠨ ᠤᠰᠤ ᠵᠥᠭᠡᠭᠡᠨ᠎ᠡ ᠁ | ᠰᠢ ᠶᠢᠨ ᠫᠢᠩ ᠨᠠᠷᠠᠰᠤᠨ ᠮᠣᠳᠣ᠂ ᠰᠢᠷ᠎ᠠ ᠴᠠᠶᠢᠷ ᠮᠣᠳᠣ᠂ ᠬᠠᠲᠠᠭᠤ ᠴᠠᠭᠠᠨ᠂ ᠢᠩᠲᠣᠣᠷ᠂ ᠤᠯᠠᠭᠠᠨ ᠨᠠᠪᠴᠢᠲᠤ ᠪᠢᠨᠳᠡᠷ | ᠴᠡᠴᠡᠭ᠂ ᠬᠠᠪᠲᠠᠭᠠᠢ ᠠᠷᠴᠠ ᠵᠡᠷᠭᠡ ᠤᠯᠠᠨ ᠴᠢᠬᠢ ᠮᠣᠳᠣ ᠶᠢ ᠵᠠᠯᠭᠠᠭ᠎ᠠ ᠪᠠᠷ ᠲᠠᠷᠢᠪᠠ᠃ ᠰᠢ ᠶᠢᠨ ᠫᠢᠩ ᠮᠣᠳᠣ | ᠳᠠᠷᠢᠬᠤ ᠶᠢᠨ ᠳᠠᠭᠠᠤ ᠬᠡᠦᠬᠡᠳ ᠤᠨ ᠰᠤᠷᠤᠯᠭ᠎ᠠ ᠠᠮᠢᠳᠤᠷᠠᠯ᠂ ᠬᠥᠳᠡᠯᠮᠦᠷᠢᠯᠡᠵᠦ ᠳᠠᠪᠲᠠᠨ ᠪᠣᠯᠪᠠᠰᠤᠷᠠᠵᠤ ᠪᠠᠶᠢᠭ᠎ᠠ ᠪᠠᠶᠢᠳᠠᠯ ᠢ | ᠠᠰᠠᠭᠤᠪᠠ᠃ ᠲᠡᠷᠡ᠂ ᠥᠷᠭᠡᠨ ᠣᠯᠠᠨ ᠵᠠᠯᠠᠭᠤᠴᠤᠳ ᠪᠠᠭᠠᠴᠤᠳ ᠪᠣᠯ ᠡᠬᠡ ᠤᠯᠤᠰ ᠤᠨ ᠢᠷᠡᠭᠡᠳᠦᠢ ᠮᠥᠨ᠂ ᠬᠠᠷᠠᠬᠠᠨ | ᠪᠠᠭ᠎ᠠ ᠠᠴᠠ ᠪᠠᠨ ᠭᠦᠳᠡᠯᠮᠦᠷᠢ ᠳᠤ ᠢᠳᠡᠪᠬᠢᠲᠡᠢ ᠣᠷᠣᠯᠴᠠᠵᠤ᠂ ᠮᠣᠳᠣ ᠳᠠᠷᠢᠵᠤ ᠣᠶᠢᠵᠢᠭᠤᠯᠤᠨ᠂ ᠨᠣᠭᠤᠭᠠᠨ ᠦᠷ᠎ᠡ ᠶᠢ | ᠰᠡᠳᠬᠢᠯ ᠳᠡᠭᠡᠨ ᠲᠠᠷᠢᠵᠤ᠂ ᠪᠠᠶᠢᠭᠠᠯᠢ ᠶᠢ ᠬᠦᠨᠳᠦᠳᠬᠡᠬᠦ᠂ ᠪᠠᠶᠢᠭᠠᠯᠢ ᠶᠢ ᠬᠠᠶᠢᠷᠠᠯᠠᠬᠤ ᠤᠬᠠᠮᠰᠠᠷ ᠲᠠᠢ ᠪᠣᠯᠵᠤ᠂ ᠰᠢᠷᠭᠠᠭᠤ | ᠰᠤᠷᠤᠯᠴᠠᠵᠤ᠂ ᠪᠡᠶ᠎ᠡ ᠮᠠᠬᠠᠪᠤᠳ ᠢᠶᠠᠨ ᠳᠠᠪᠲᠠᠨ ᠪᠤᠯᠪᠠᠰᠤᠷᠠᠭᠤᠯᠵᠤ᠂ ᠢᠳᠡᠷᠡᠭᠦᠨ ᠢᠶᠠᠷ ᠦᠰᠦᠨ ᠪᠤᠶᠢᠵᠢᠵᠤ᠂ ᠶᠣᠰᠣ | ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠵᠡᠷᠭᠡ ᠪᠦᠭᠦ ᠲᠠᠯ᠎ᠠ ᠪᠠᠷ ᠬᠥᠭᠵᠢᠵᠦ᠂ | ᠤᠯᠤᠰ ᠤᠨ ᠨᠢᠷᠤᠭᠤ ᠲᠤᠯᠭᠠᠭᠤᠷᠢ ᠪᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠵᠠᠢ᠃ ᠮᠣᠳᠣ ᠲᠠᠷᠢᠬᠤ | ᠲᠤᠬᠠᠢ ᠶᠢᠨ ᠲᠠᠯᠠᠪᠠᠢ ᠳᠤ ᠣᠷᠭᠢᠯᠤᠮ᠎ᠠ ᠬᠠᠯᠠᠭᠤᠨ ᠰᠡᠳᠬᠢᠯᠭᠡ ᠪᠠᠷ ᠢᠳᠡ ᠭᠦᠭ ᠲᠠᠢ ᠬᠥᠳᠡᠯᠮᠦᠷᠢᠯᠡᠵᠡᠭᠡᠵᠦ᠂ ᠤᠳᠤᠷᠢᠳᠬᠤ | ᠨᠥᠬᠦᠳ ᠤᠯᠠᠨ ᠲᠠᠢ ᠬᠠᠮᠲᠤ ᠰᠢᠷᠣᠢ ᠨᠡᠮᠡᠨ ᠤᠰᠤ ᠬᠢᠵᠦ᠂ ᠭᠦᠷ ᠬᠥᠭᠵᠢᠶᠡᠨ ᠲᠠᠢ ᠠᠵᠢᠯᠯᠠᠨ᠎ᠠ᠃ | ᠮᠣᠳᠣ ᠲᠠᠷᠢᠬᠤ ᠬᠤᠭᠤᠴᠠᠭᠠᠨ ᠳᠤ ᠰᠢ ᠶᠢᠨ ᠫᠢᠩ ᠲᠤᠬᠠᠢ ᠶᠢᠨ ᠲᠠᠯᠠᠪᠠᠢ ᠳᠤ ᠪᠠᠶᠢᠭᠰᠠᠨ ᠺᠠᠳ᠋ᠷ ᠤᠯᠠᠨ ᠲᠦᠮᠡᠨ ᠲᠠᠢ | ᠳᠣᠲᠣᠨᠣ ᠪᠠᠷ ᠶᠠᠷᠢᠯᠴᠠᠪᠠ᠃ ᠲᠡᠷᠡ᠂ ᠲᠥᠪ ᠬᠤᠷᠢᠶ᠎ᠠ ᠳᠤ ᠢᠷᠡᠵᠦ ᠠᠵᠢᠯᠯᠠᠭᠰᠠᠨ ᠤ ᠲᠠᠷᠠᠭ᠎ᠠ ᠨᠢᠭᠡᠨᠲᠡ 17 ᠵᠢᠯ | ᠳᠠᠷᠠᠭᠠᠯᠠᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠵᠤ ᠪᠠᠶᠢᠨ᠎ᠠ ᠭᠡᠪᠡ᠃ ᠲᠡᠷᠡ᠂ | ᠡᠨᠡ ᠵᠢᠯ ᠪᠣᠯ ᠰᠢᠨ᠎ᠡ ᠳᠤᠮᠳᠠᠳᠤ ᠤᠯᠤᠰ ᠤᠨ ᠮᠣᠳᠣ ᠲᠠᠷᠢᠬᠤ ᠡᠳᠦᠷ ᠢ ᠲᠣᠭᠲᠠᠭᠠᠭᠰᠠᠨ 45 ᠵᠢᠯ ᠤᠨ ᠤᠢ ᠪᠣᠯᠣᠨ᠎ᠠ᠃ | ᠪᠦᠭᠦ ᠤᠯᠤᠰ ᠤᠨ ᠠᠷᠠᠳ ᠲᠦᠮᠡᠨ ᠮᠣᠳᠣ ᠲᠠᠷᠢᠵᠤ ᠣᠶᠢᠵᠢᠭᠤᠯᠬᠤ ᠶᠢ ᠪᠠᠷᠢᠮᠲᠠᠯᠠᠵᠤ᠂ ᠬᠤᠪᠠᠭ᠋ᠠᠢ ᠠᠭᠤᠯᠠ ᠦᠵᠡᠰᠭᠦᠯᠡᠩ | ᠰᠠᠶᠢᠬᠠᠨ ᠪᠣᠯᠵᠤ᠂ ᠡᠯᠡᠰᠦ ᠮᠠᠩᠬ᠎ᠠ ᠨᠣᠭᠤᠭᠠᠨ ᠪᠦᠷᠢᠳᠦ ᠪᠣᠯᠵᠤ᠂ ᠣᠯᠣᠭᠰᠠᠨ ᠠᠮᠵᠢᠯᠲᠠ ᠪᠦᠲᠦᠭᠡᠯ ᠳᠡᠯᠡᠬᠡᠢ ᠳ᠋ᠠᠬᠢᠨ ᠤ | ᠠᠩᠬᠠᠷᠤᠯ ᠢ ᠲᠠᠲᠠᠵᠠᠢ᠃ ᠡᠭᠦᠨ ᠤ ᠬᠠᠮᠲᠤ ᠮᠠᠨ ᠤ ᠤᠯᠤᠰ ᠤᠨ ᠣᠶ ᠰᠢᠭᠤᠢ ᠶᠢᠨ ᠨᠣᠭᠤᠭᠠᠷᠠᠭᠤᠯᠤᠯᠲᠠ ᠲᠤᠲᠠᠭᠳᠠᠵᠤ | ᠪᠠᠶᠢᠭ᠎ᠠ ᠠᠰᠠᠭᠤᠳᠠᠯ ᠮᠥᠨ ᠬᠦ ᠲᠣᠪᠤᠶᠢᠮ᠎ᠠ ᠪᠠᠶᠢᠵᠤ᠂ ᠣᠶ ᠰᠢᠭᠤᠢ ᠶᠢᠨ ︽ᠡᠷᠳᠡᠨᠢ ᠶᠢᠨ ᠬᠥᠮᠥᠷᠭᠡ︾ ᠶᠢᠨ ᠦᠢᠯᠡᠳᠦᠯ ᠢ | ᠭᠦᠢᠴᠡᠳ ᠪᠠᠳᠠᠷᠠᠭᠤᠯᠤᠭᠠᠳᠤᠢ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠨᠣᠭᠤᠭᠠᠷᠠᠭᠤᠯᠬᠤ ᠪᠣᠯ ᠳᠠᠷᠤᠢ ᠳᠠᠪᠠᠭᠤᠯᠢᠭ ᠢᠶᠠᠨ | ᠨᠡᠮᠡᠭᠳᠡᠭᠦᠯᠵᠦ ᠪᠠᠶᠢᠭ᠎ᠠ ᠶᠠᠪᠤᠳᠠᠯ ᠮᠥᠨ᠂ ᠮᠣᠳᠣ ᠳᠠᠷᠢᠬᠤ ᠪᠣᠯ ᠢᠷᠡᠭᠡᠳᠦᠢ ᠶᠢ ᠳᠠᠷᠢᠵᠤ ᠪᠠᠶᠢᠭ᠎ᠠ ᠶᠠᠪᠤᠳᠠᠯ ᠮᠥᠨ᠃ ᠨᠢᠭᠡ | ᠨᠢᠭᠡ ᠡᠭᠡᠯᠵᠢ ᠪᠠᠷ ᠲᠠᠷᠢᠵᠤ᠂ ᠦᠶ᠎ᠡ ᠶᠢᠨ ᠦᠶ᠎ᠡ ᠵᠠᠯᠭᠠᠮᠵᠢᠯᠠᠨ ᠠᠵᠢᠯᠯᠠᠵᠤ᠂ ᠮᠠᠨ ᠤ ︽ᠨᠣᠮᠢᠨ ᠨᠣᠭᠤᠭᠠᠨ ᠬᠥᠷᠥᠩᠭᠡ︾ | ᠪᠠᠨ ᠲᠠᠰᠤᠷᠠᠯᠳᠠ ᠦᠭᠡᠢ ᠵᠤᠵᠠᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ᠂ ᠡᠬᠡ ᠤᠯᠤᠰ ᠢᠶᠠᠨ ᠨᠣᠭᠤᠭᠠᠷᠠᠭᠤᠯᠬᠤ ᠳᠤ ᠨᠣᠭᠤᠭᠠᠷᠠᠭᠤᠯᠤᠯᠲᠠ ᠶᠢ ᠥᠷᠭᠡᠳᠬᠡᠵᠦ᠂ | ᠨᠣᠭᠤᠭᠠᠷᠠᠭᠤᠯᠤᠯᠲᠠ ᠶᠢ ᠬᠥᠭᠵᠢᠭᠦᠯᠵᠦ᠂ ᠨᠣᠭᠤᠭᠠᠷᠠᠭᠤᠯᠤᠯᠲᠠ ᠶᠢ ᠬᠠᠮᠠᠭᠠᠯᠠᠬᠤ ᠶᠢ ᠵᠡᠷᠭᠡ ᠪᠠᠷ ᠴᠢᠬᠤᠯᠠᠴᠢᠯᠠᠬᠤ ᠬᠡᠷᠡᠭᠲᠡᠢ᠃ | ᠨᠣᠭᠤᠭᠠᠷᠠᠭᠤᠯᠤᠯᠲᠠ ᠶᠢ ᠥᠷᠭᠡᠳᠬᠡᠬᠦ ᠳᠤ ᠳᠠᠷᠤᠢ ᠶᠡᠭᠡ ᠬᠡᠪᠴᠢᠶᠡᠨ ᠤ ᠤᠯᠤᠰ ᠤᠨ ᠨᠤᠲᠤᠭ ᠳᠡᠪᠢᠰᠬᠡᠷ ᠤᠨ | ᠨᠣᠭᠤᠭᠠᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠲᠣᠬᠢᠷᠠᠮᠵᠢᠲᠠᠢ ᠭᠠᠵᠠᠷ ᠲᠤ ᠲᠣᠬᠢᠷᠠᠮᠵᠢᠲᠠᠢ ᠮᠣᠳᠣ ᠶᠢ | ᠳᠠᠷᠢᠵᠤ᠂ ᠲᠣᠬᠢᠷᠠᠮᠵᠢᠲᠠᠢ ᠴᠠᠭ ᠲᠤ ᠲᠣᠬᠢᠷᠠᠮᠵᠢᠲᠠᠢ ᠠᠷᠭ᠎ᠠ ᠠᠪᠴᠤ᠂ ᠨᠢᠭᠡ ᠰᠠᠭᠤᠷᠢ ᠳᠠᠷᠢᠪᠠᠯ ᠨᠢᠭᠡ ᠰᠠᠭᠤᠷᠢ ᠶᠢ | ᠡᠳᠡᠭᠡᠭᠡᠵᠦ᠂ ᠨᠢᠭᠡ ᠬᠡᠰᠡᠭ ᠣᠶᠢᠵᠢᠭᠤᠯᠪᠠᠯ ᠨᠢᠭᠡ ᠬᠡᠰᠡᠭ ᠢ ᠨᠣᠭᠤᠭᠠᠷᠠᠭᠤᠯᠬᠤ ᠬᠡᠷᠡᠭᠲᠡᠢ᠃ ᠨᠣᠭᠤᠭᠠᠷᠠᠭᠤᠯᠤᠯᠲᠠ ᠶᠢ | ᠬᠥᠭᠵᠢᠭᠦᠯᠬᠦ ᠳᠤ ᠳᠠᠷᠤᠢ ᠶᠠᠰᠤ ᠴᠢᠨᠠᠷ ᠦᠷ᠎ᠡ ᠠᠰᠢᠭ ᠢ ᠴᠢᠬᠤᠯᠠᠴᠢᠯᠠᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ | ᠠᠯᠳᠠ ᠮᠥᠩᠭᠦᠨ ᠠᠭᠤᠯᠠ ᠪᠤᠯᠭᠠᠬᠤ ᠠᠷᠭ᠎ᠠ ᠵᠠᠮ ᠢ ᠥᠷᠭᠡᠳᠬᠡᠵᠦ᠂ ᠤᠢ ᠰᠢᠭᠤᠢ ︽ᠤᠰᠤᠨ ᠴᠥᠭᠦᠷᠥᠮ᠂ ᠵᠣᠭᠤᠰᠤᠨ | ᠬᠥᠮᠥᠷᠭᠡ᠂ ᠠᠮᠤ ᠪᠤᠳᠠᠭᠠᠨ ᠤ ᠬᠥᠮᠥᠷᠭᠡ᠂ ᠨᠡᠭᠦᠷᠡᠰᠦᠲᠥ᠋ᠷᠥᠭᠴᠢ ᠶᠢᠨ ᠬᠥᠮᠥᠷᠭᠡ︾ ᠶᠢᠨ ᠨᠡᠩ ᠰᠠᠶᠢᠲᠤᠷ ᠬᠤᠯᠪᠤᠭᠠᠯᠠᠨ | ᠬᠥᠳᠡᠯᠦᠯᠴᠡᠬᠦ ᠶᠢ ᠠᠬᠢᠭᠤᠯᠵᠤ᠂ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ | ᠦᠷ᠎ᠡ ᠠᠰᠢᠭ ᠤᠨ ᠨᠢᠭᠡᠳᠦᠯ ᠢ ᠪᠡᠶᠡᠯᠡᠭᠦᠯᠬᠦ ᠬᠡᠷᠡᠭᠲᠡᠢ᠃ ᠨᠣᠭᠤᠭᠠᠷᠠᠭᠤᠯᠤᠯᠲᠠ ᠶᠢ ᠬᠠᠮᠠᠭᠠᠯᠠᠬᠤ ᠳᠤ ᠳᠠᠷᠤᠢ ᠤᠢ ᠰᠢᠭᠤᠢ | ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠲᠦᠢᠮᠡᠷ ᠢ ᠰᠡᠷᠭᠡᠶᠢᠯᠡᠨ ᠤᠨᠲᠠᠷᠠᠭᠠᠬᠤ | ᠠᠵᠢᠯ ᠢ ᠰᠠᠶᠢᠲᠤᠷ ᠬᠢᠵᠦ ᠬᠦᠨᠳᠦ ᠶᠡᠭᠡ ᠭᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠢ ᠥᠷᠨᠢᠭᠦᠯᠵᠦ᠂ | ᠭᠢᠯᠪᠠᠷ ᠪᠤᠰᠤ ᠪᠠᠷ ᠣᠯᠣᠭᠰᠠᠨ ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ | ᠤᠮᠠᠷᠠᠲᠤ ᠶᠢᠨ ᠭᠤᠷᠪᠠᠨ ᠣᠷᠣᠨ ᠪᠣᠯ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢᠨ ᠭᠤᠣᠯ ᠲᠡᠶᠢᠨ ᠤ | ᠲᠠᠯᠠᠪᠤᠷ ᠮᠥᠨ᠂ ᠨᠠᠩ ᠣᠯᠠᠨ ᠬᠦᠴᠦᠨ ᠢ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠳᠡᠭᠡᠷ᠎ᠡ ᠲᠥᠪᠯᠡᠷᠡᠭᠦᠯᠵᠦ᠂ ᠤᠮᠠᠷᠠᠲᠤ ᠬᠢᠯᠢ ᠶᠢᠨ ᠨᠣᠮᠢᠨ ᠨᠣᠭᠤᠭᠠᠨ ᠣᠷᠳᠣ ᠴᠠᠭᠠᠨ ᠬᠡᠷᠡᠮ ᠢ ᠪᠠᠲᠤ | ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠬᠡ ᠤᠯᠤᠰ ᠢᠶᠠᠨ ᠨᠣᠭᠤᠭᠠᠷᠠᠭᠤᠯᠬᠤ ᠳᠤ ᠬᠥᠮᠥᠨ ᠪᠦᠭᠦᠨ ᠬᠠᠷᠢᠭᠤᠴᠠᠯᠭ᠎ᠠ ᠪᠠᠨ ᠭᠦᠢᠴᠡᠳᠬᠡᠬᠦ | ᠬᠡᠷᠡᠭᠲᠡᠢ᠃ ᠣᠯᠠᠨ ᠲᠦᠮᠡᠨ ᠤ ᠣᠷᠤᠯᠴᠠᠬᠤ ᠠᠷᠭ᠎ᠠ ᠵᠠᠮ ᠢ ᠰᠢᠯᠤᠭᠤᠳᠬᠠᠵᠤ᠂ ᠬᠠᠷᠢᠭᠤᠴᠠᠯᠭ᠎ᠠ ᠪᠠᠨ ᠭᠦᠢᠴᠡᠳᠬᠡᠬᠦ | ᠭᠡᠯᠪᠡᠷᠢ ᠶᠢᠨ ᠰᠢᠨ᠎ᠡ ᠶᠢ ᠡᠭᠦᠳᠴᠦ ᠣᠶ ᠶᠢᠨ ᠳᠠᠷᠤᠭ᠎ᠠ ᠶᠢᠨ ᠳᠦᠷᠢᠮ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠡᠯ᠎ᠡ | ᠲᠠᠯ᠎ᠠ ᠶᠢᠨ ᠬᠦᠴᠦᠨ ᠢ ᠳᠠᠶᠢᠴᠢᠯᠠᠵᠤ᠂ ᠪᠦᠭᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯ ᠤᠨ ᠲᠠᠰᠤᠷᠠᠯᠲᠠ | ᠦᠭᠡᠢ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ | ᠱᠦᠵᠢ ᠨᠠᠷ ᠤᠨ ᠭᠠᠵᠠᠷ ᠤᠨ ᠱᠦᠵᠢ᠂ ᠲᠦᠷᠦ ᠶᠢᠨ ᠶᠠᠪᠤᠳᠠᠯ ᠤᠨ ᠭᠡᠰᠢᠭᠦᠨ ᠨᠠᠷ ᠮᠣᠳᠣ ᠲᠠᠷᠢᠬᠤ ᠠᠵᠢᠯᠯᠠᠭ᠎ᠠ ᠳᠤ | ᠣᠷᠣᠯᠴᠠᠪᠠ᠃ | |