ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠨᠠᠰᠤᠨ ᠳᠤ ᠥᠯᠥ ᠭᠦᠷᠦᠭᠰᠡᠳ ᠲᠤ ᠠᠷᠢᠬᠢ ᠲᠠᠮᠠᠬᠢ ᠪᠣᠷᠣᠯᠠᠭᠤᠯᠬᠤ ᠶᠢ ᠴᠠᠭᠠᠵᠠᠯᠠᠬᠤ︾ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/9
       ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠢ ᠪᠥᠬᠦ ᠲᠠᠯ᠎ᠠ ᠪᠠᠷ ᠴᠡᠭᠴᠡᠯᠡᠨ ᠵᠠᠰᠠᠵᠤ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠯᠠᠮᠵᠢᠯᠠᠨ ᠬᠠᠮᠠᠭᠠᠯᠠᠬᠤ ᠶᠢᠨ ᠲᠥᠯᠥᠭᠡ᠂ 4 ᠰᠠᠷ᠎ᠠ ᠶᠢᠨ 7᠎ ᠤ ᠡᠳᠦᠷ᠂ ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠤᠯᠢ ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠵᠤ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠷᠢᠬᠢ ᠲᠠᠮᠠᠬᠢᠨ ᠤ ᠲᠥᠷᠥᠯ ᠤᠨ ᠪᠣᠷᠣᠯᠠᠭᠤᠯᠭ᠎ᠠ ᠶᠢᠨ ᠴᠡᠭ ᠲᠤ ᠭᠦᠨᠵᠡᠭᠡᠶᠢᠷᠡᠭᠦᠯᠦᠨ᠂ ︽ᠨᠠᠰᠤᠨ ᠳᠤ ᠥᠯᠥ ᠭᠦᠷᠦᠭᠰᠡᠳ ᠲᠤ ᠠᠷᠢᠬᠢ ᠲᠠᠮᠠᠬᠢ ᠪᠣᠷᠣᠯᠠᠭᠤᠯᠬᠤ ᠶᠢ ᠴᠠᠭᠠᠵᠠᠯᠠᠬᠤ︾ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ        ᠬᠠᠤᠯᠢ ᠬᠡᠷᠡᠭᠵᠢᠭᠦᠯᠬᠦ ᠠᠵᠢᠯᠲᠠᠨ ᠡᠷᠦᠬᠡ ᠳᠠᠷᠠᠭᠠᠯᠠᠨ ᠪᠠᠶᠢᠴᠠᠭᠠᠬᠤ ᠠᠷᠭ᠎ᠠ ᠮᠠᠶ᠋ᠢᠭ ᠢ ᠠᠪᠴᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ 100 ᠮᠧᠲᠷ ᠤᠨ ᠳᠣᠲᠣᠷᠠᠬᠢ ᠬᠤᠳᠠᠯᠳᠤᠭᠠᠨ ᠤ ᠡᠷᠦᠬᠡ ᠨᠠᠰᠤᠨ ᠳᠤ ᠥᠯᠥ ᠭᠦᠷᠦᠭᠰᠡᠳ ᠲᠤ ᠠᠷᠢᠬᠢ ᠲᠠᠮᠠᠬᠢ ᠪᠣᠷᠣᠯᠠᠭᠤᠯᠵᠤ ᠪᠠᠶᠢᠬᠤ ᠡᠰᠡᠬᠦ᠂ 100 ᠮᠧᠲᠷ ᠠᠴᠠ ᠭᠠᠳᠠᠨ᠎ᠠ 200 ᠮᠧᠲᠷ ᠤᠨ ᠳᠣᠲᠣᠷᠠᠬᠢ ᠬᠤᠳᠠᠯᠳᠤᠭᠠᠨ ᠤ ᠡᠷᠦᠬᠡ ᠡᠵᠡᠩᠨᠡᠯᠲᠡ ᠶᠢᠨ ᠲᠠᠯᠠᠪᠤᠷ ᠤᠨ ᠢᠯᠡ ᠭᠠᠵᠠᠷ ᠲᠤ ︽ᠨᠠᠰᠤᠨ ᠳᠤ ᠥᠯᠥ ᠭᠦᠷᠦᠭᠰᠡᠳ ᠲᠤ ᠠᠷᠢᠬᠢ ᠲᠠᠮᠠᠬᠢ ᠪᠣᠷᠣᠯᠠᠭᠤᠯᠬᠤ ᠶᠢ ᠴᠠᠭᠠᠵᠠᠯᠠᠬᠤ︾ ᠲᠡᠮᠳᠡᠭ ᠨᠠᠭᠠᠵᠤ ᠪᠠᠶᠢᠬᠤ ᠡᠰᠡᠬᠦ ᠶᠢ ᠪᠠᠶᠢᠴᠠᠭᠠᠪᠠ᠃ ᠡᠭᠦᠨ ᠤ ᠬᠠᠮᠲᠤ ᠬᠤᠳᠠᠯᠳᠤᠭᠠᠨ ᠤ ᠡᠷᠦᠬᠡ ᠳᠤ ᠨᠠᠰᠤᠨ ᠳᠤ ᠥᠯᠥ ᠭᠦᠷᠦᠭᠰᠡᠳ ᠤᠨ ᠲᠠᠮᠠᠬᠢ ᠲᠠᠲᠠᠵᠤ ᠠᠷᠢᠬᠢ ᠤᠤᠭᠤᠬᠤ ᠶᠢᠨ ᠬᠤᠤᠷ ᠬᠥᠨᠥᠭᠡᠯ ᠪᠠ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠬᠤᠳᠠᠯᠳᠤᠭᠠᠨ ᠤ ᠡᠷᠦᠬᠡ ᠶᠢᠨ ᠬᠠᠤᠯᠢ ᠶᠢ ᠰᠠᠬᠢᠬᠤ ᠦᠵᠡᠯ ᠤᠬᠠᠮᠰᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃       ᠲᠠᠷᠠᠭᠠᠴᠢ ᠶᠢᠨ ᠠᠯᠬᠤᠮ ᠳᠤ᠂ ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ︽ᠨᠠᠰᠤᠨ ᠳᠤ ᠥᠯᠥ ᠭᠦᠷᠦᠭᠰᠡᠳ ᠲᠤ ᠠᠷᠢᠬᠢ ᠲᠠᠮᠠᠬᠢ ᠪᠣᠷᠣᠯᠠᠭᠤᠯᠬᠤ ᠶᠢ ᠴᠠᠭᠠᠵᠠᠯᠠᠬᠤ︾ ᠪᠠᠶᠢᠴᠠᠭᠠᠯᠲᠠ ᠶᠢᠨ ᠠᠵᠢᠯᠯᠠᠭ᠎ᠠ ᠶᠢ ᠦᠷᠭᠦᠯᠵᠢᠯᠡᠭᠦᠯᠦᠨ ᠪᠠᠶᠢᠩᠭᠤᠵᠢᠭᠤᠯᠵᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠤᠨ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠡᠵᠡᠩᠨᠡᠯᠲᠡ ᠶᠢᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠤᠷᠤᠭᠴᠢᠳ ᠲᠤ ᠰᠠᠶᠢᠨ ᠰᠠᠶᠢᠬᠠᠨ ᠰᠤᠷᠤᠯᠴᠠᠬᠤ᠂ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃            ᠣᠷᠴᠢᠭᠤᠯᠤᠭᠴᠢ᠄ ᠳ᠋ᠥᠩ ᠾᠦᠢ 
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2