︽ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ + ᠪᠠᠶᠢᠴᠠᠭᠠᠬᠤ ᠳᠠᠷᠤᠭ᠎ᠠ︾ ᠭᠠᠷ ᠬᠤᠯᠪᠣᠯᠴᠠᠨ ᠤᠰᠤᠨ ᠰᠤᠷᠪᠤᠯᠵᠢ ᠶᠢᠨ ᠭᠠᠵᠠᠷ ᠤᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠨ᠎ᠠ
ᠨᠡᠶᠢᠲᠡᠯᠡᠭᠰᠡᠨ ᠴᠠᠭ᠄
2024/4/9
     ᠭᠤᠣᠯ ᠮᠥᠷᠡᠨ ᠨᠠᠭᠤᠷ ᠴᠥᠭᠦᠷᠥᠮ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠪᠣᠯᠤᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠪᠦᠲᠦᠮᠵᠢᠲᠡᠢ ᠵᠣᠯᠭᠠᠭᠤᠯᠬᠤ ᠶᠢ ᠴᠢᠨᠠᠭᠰᠢᠳᠠ ᠴᠢᠩᠭᠠᠳᠬᠠᠵᠤ᠂ ︽ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ + ᠪᠠᠶᠢᠴᠠᠭᠠᠬᠤ ᠳᠠᠷᠤᠭ᠎ᠠ︾᠎ ᠶᠢᠨ ᠳᠦᠷᠢᠮ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 8᠎ ᠤ ᠡᠳᠦᠷ᠂ ᠵᠢᠨᠢᠩ ᠲᠣᠭᠤᠷᠢᠭ ᠤᠨ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠯᠪᠠᠨ ᠭᠡᠷ ᠵᠢᠨᠢᠩ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠲᠠᠢ ᠬᠠᠮᠲᠤᠷᠠᠨ ᠤᠰᠤᠨ ᠳᠤ ᠬᠤᠯᠪᠣᠭᠳᠠᠭᠰᠠᠨ ᠠᠰᠠᠭᠤᠳᠠᠯ ᠢ ︽ᠡᠷᠭᠢᠵᠦ ᠪᠠᠶᠢᠴᠠᠭᠠᠬᠤ︾ ᠠᠵᠢᠯ ᠢ ᠥᠷᠨᠢᠭᠦᠯᠵᠦ᠂ ᠥᠩᠭᠡᠷᠡᠭᠰᠡᠨ ᠵᠢᠯ ᠤᠳ ᠤᠨ ᠤᠰᠤᠨ ᠳᠤ ᠬᠤᠯᠪᠣᠭᠳᠠᠭᠰᠠᠨ ᠠᠰᠠᠭᠤᠳᠠᠯ ᠳᠤ ᠦᠷᠭᠦᠯᠵᠢᠯᠡᠨ ᠬᠢᠨᠠᠯᠲᠠ ᠲᠠᠯᠪᠢᠵᠤ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠴᠡᠭᠴᠡᠯᠡᠨ ᠰᠠᠶᠢᠵᠢᠷᠠᠭᠤᠯᠬᠤ ᠦᠷ᠎ᠡ ᠪᠦᠲᠦᠮᠵᠢ ᠶᠢ ᠪᠠᠲᠤᠯᠠᠵᠠᠢ᠃      ᠵᠢᠨᠢᠩ ᠲᠣᠭᠤᠷᠢᠭ ᠤᠨ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠯᠪᠠᠨ ᠭᠡᠷ᠂ ᠠᠷᠠᠳ ᠤᠨ ᠪᠠᠶᠢᠴᠠᠭᠠᠬᠤ ᠬᠤᠷᠢᠶ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠵᠢᠴᠢ ᠷᠦᠩ ᠽᠧ ᠤᠰᠤᠨ ᠤ ᠶᠠᠪᠤᠳᠠᠯ ᠤᠨ ᠺᠣᠮᠫᠠᠨᠢ ᠶᠢᠨ ᠬᠥᠮᠦᠰ᠂ ᠪᠠᠶ ᠵᠢᠶᠠ ᠸᠠᠨ ᠤ ᠤᠤᠭᠤᠬᠤ ᠤᠰᠤᠨ ᠤ ᠡᠬᠢ ᠰᠤᠷᠪᠤᠯᠵᠢ ᠳᠤ ᠭᠦᠨᠵᠡᠭᠡᠶᠢᠷᠡᠵᠦ᠂ ᠬᠠᠮᠠᠭᠠᠯᠠᠯᠲᠠ ᠶᠢᠨ ᠣᠷᠣᠨ ᠤ ᠲᠣᠣᠷ ᠤᠨ ᠬᠦᠷᠢᠶ᠎ᠡ ᠬᠠᠰᠢᠶ᠎ᠠ ᠡᠪᠳᠡᠭᠳᠡᠭᠰᠡᠨ ᠵᠡᠷᠭᠡ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠮᠥᠷᠳᠡᠨ ᠬᠢᠨᠠᠯᠲᠠ ᠲᠠᠯᠪᠢᠵᠤ᠂ ᠬᠡᠷᠡᠭ ᠤᠨ ᠲᠤᠬᠠᠶ ᠶᠢᠨ ᠬᠥᠮᠦᠨ ᠢ ᠰᠢᠪᠠᠳᠠᠨ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠱᠠᠭᠠᠷᠳᠠᠯᠭ᠎ᠠ ᠶᠣᠰᠣᠭᠠᠷ ᠪᠠᠶ ᠵᠢᠶᠠ ᠸᠠᠨ ᠤ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠲᠤ ᠬᠢᠨᠠᠯᠲᠠ ᠲᠠᠯᠪᠢᠨ ᠬᠠᠮᠠᠭᠠᠯᠠᠯᠲᠠ ᠬᠢᠯᠭᠡᠵᠦ᠂ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠦᠨᠡᠨ ᠬᠦ ᠪᠠᠲᠤᠯᠠᠪᠠ᠃       ᠳᠠᠷᠠᠭᠠᠴᠢ ᠶᠢᠨ ᠠᠯᠬᠤᠮ ᠳᠤ᠂ ᠵᠢᠨᠢᠩ ᠲᠣᠭᠤᠷᠢᠭ ᠤᠨ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠯᠪᠠᠨ ᠭᠡᠷ ᠨᠢ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠦᠷᠭᠦᠯᠵᠢᠯᠡᠨ ᠦᠢᠯᠡᠳᠦᠯᠭᠡᠵᠢᠭᠦᠯᠵᠦ᠂ ︽ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ + ᠪᠠᠶᠢᠴᠠᠭᠠᠬᠤ ᠳᠠᠷᠤᠭ᠎ᠠ︾᠎ ᠶᠢᠨ ᠬᠠᠮᠵᠢᠯᠴᠠᠬᠤ ᠲᠣᠭᠲᠠᠴᠠ ᠶᠢ ᠪᠠᠶᠢᠩᠭᠤᠵᠢᠭᠤᠯᠤᠨ ᠠᠬᠢᠭᠤᠯᠵᠤ᠂ ᠵᠠᠰᠠᠭ ᠵᠠᠬᠢᠷᠭᠠᠨ ᠤ ᠨᠢᠭᠡᠴᠡ ᠯᠦᠭᠡ ᠶᠢᠨ ᠨᠡᠪᠲᠡᠷᠡᠯᠴᠡᠭᠡ ᠪᠠᠨ ᠲᠠᠰᠤᠷᠠᠯᠲᠠ ᠥᠬᠡᠶ ᠴᠢᠩᠭᠠᠳᠬᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠬᠤ ᠬᠢᠨᠠᠯᠲᠠ ᠲᠠᠯᠪᠢᠯᠲᠠ ᠶᠢᠨ ᠪᠦᠲᠦᠮᠵᠢᠲᠡᠶ ᠵᠣᠯᠭᠠᠯᠴᠠᠭ᠎ᠠ ᠶᠢ ᠴᠢᠩᠭᠠᠳᠬᠠᠵᠤ᠂ ᠤᠰᠤᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠭᠤᠤᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠂ ᠤᠰᠤᠨ ᠤ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠵᠢᠨᠢᠩ ᠲᠣᠭᠤᠷᠢᠭ ᠤᠨ ᠤᠰᠤᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠬᠠᠮᠲᠤᠪᠠᠷ ᠬᠠᠮᠠᠭᠠᠯᠠᠨ᠎ᠠ᠃                   ᠣᠷᠴᠢᠭᠤᠯᠤᠭᠴᠢ᠄ ᠳ᠋ᠥᠩ ᠾᠦᠢ 
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2