ᠵᠢᠨᠢᠩ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠪᠣᠯᠤᠨ ᠱᠠᠨᠳᠦ᠋ᠩ ᠤᠨ ᠯᠠᠨ ᠬᠤᠸᠠ ᠪᠦᠯᠦᠭᠯᠡᠯ ᠶᠠᠷᠢᠯᠴᠠᠬᠤ ᠬᠤᠷᠠᠯ ᠬᠢᠵᠡᠢ
ᠨᠡᠶᠢᠲᠡᠯᠡᠭᠰᠡᠨ ᠴᠠᠭ᠄
2024/4/9
      ᠱᠠᠨᠳᠦ᠋ᠩ ᠤᠨ ᠯᠠᠨ ᠬᠤᠸᠠ ᠪᠦᠯᠦᠭᠯᠡᠯ ᠤᠨ ᠤᠯᠠᠭᠠᠨᠴᠠᠪ ᠤᠨ ᠬᠢᠯᠢ ᠠᠯᠤᠰᠯᠠᠭᠰᠠᠨ ᠪᠥᠬᠦ ᠪᠥᠮᠪᠥᠷᠴᠡᠭ ᠤᠨ ᠬᠤᠳᠠᠯᠳᠤᠨ ᠠᠪᠬᠤ ᠱᠤᠭᠤᠮ ᠠᠴᠠ ᠭᠠᠳᠠᠭᠤᠷᠬᠢ ᠪᠡᠶᠡᠴᠢᠯᠡᠨ ᠣᠶᠢᠯᠠᠭᠠᠬᠤ ᠳᠡᠯᠭᠡᠭᠦᠷ ᠤᠨ ᠲᠥᠷᠥᠯ ᠵᠦᠶᠯ ᠤᠨ ᠡᠵᠡᠩᠨᠡᠯᠲᠡ ᠶᠢ ᠡᠷᠲᠡᠬᠡᠨ ᠡᠬᠢᠯᠡᠭᠦᠯᠬᠦ ᠶᠢ ᠲᠦᠷᠭᠡᠳᠬᠡᠬᠦ ᠶᠢᠨ ᠲᠥᠯᠥᠭᠡ᠂ 4 ᠰᠠᠷ᠎ᠠ ᠶᠢᠨ 7᠎ ᠤ ᠡᠳᠦᠷ ᠤᠨ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠣᠭᠤᠷᠢᠭ ᠤᠨ ᠬᠤᠲᠠ ᠶᠢᠨ ᠪᠠᠯᠠ ᠣᠷᠣᠭᠤᠯᠤᠯᠲᠠ ᠶᠢᠨ ᠺᠣᠮᠫᠠᠨᠢ᠂ ᠱᠠᠨᠳᠦ᠋ᠩ ᠤᠨ ᠯᠠᠨ ᠬᠤᠸᠠ ᠪᠦᠯᠦᠭᠯᠡᠯ ᠤᠨ ᠤᠯᠠᠭᠠᠨᠴᠠᠪ ᠤᠨ ᠬᠢᠯᠢ ᠠᠯᠤᠰᠯᠠᠭᠰᠠᠨ ᠪᠥᠬᠦ ᠪᠥᠮᠪᠥᠷᠴᠡᠭ ᠤᠨ ᠬᠤᠳᠠᠯᠳᠤᠨ ᠠᠪᠬᠤ ᠱᠤᠭᠤᠮ ᠠᠴᠠ ᠭᠠᠳᠠᠭᠤᠷᠬᠢ ᠪᠡᠶᠡᠴᠢᠯᠡᠨ ᠣᠶᠢᠯᠠᠭᠠᠬᠤ ᠳᠡᠯᠭᠡᠭᠦᠷ ᠤᠨ ᠲᠥᠷᠥᠯ ᠵᠦᠶᠯ ᠤᠨ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠵᠤ ᠶᠠᠷᠢᠯᠴᠠᠬᠤ ᠬᠤᠷᠠᠯ ᠬᠤᠷᠠᠯᠳᠤᠭᠤᠯᠪᠠ᠃ ᠵᠢᠨᠢᠩ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠹᠦ᠋ ᠯᠢ ᠫᠢᠩ ᠬᠤᠷᠠᠯ ᠢ ᠡᠷᠬᠢᠯᠡᠵᠦ᠂ ᠲᠣᠭᠤᠷᠢᠭ ᠤᠨ ᠬᠤᠳᠠ ᠶᠢᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠶᠡᠷᠦᠩᠬᠡᠢ ᠳᠠᠭᠠᠭᠠᠮᠠᠯ ᠵᠦ ᠫᠧᠩ ᠹᠸᠢ᠂ ᠳᠡᠳ᠋ ᠶᠡᠷᠦᠩᠬᠡᠢ ᠳᠠᠭᠠᠭᠠᠮᠠᠯ ᠲᠢᠶᠠᠨ ᠰᠢᠤᠸᠠᠢ ᠵᠢᠶᠦ᠋ᠨ᠂ ᠱᠠᠨᠳᠦ᠋ᠩ ᠤᠨ ᠯᠠᠨ ᠬᠤᠸᠠ ᠪᠦᠯᠦᠭᠯᠡᠯ ᠤᠨ ᠤᠯᠠᠭᠠᠨᠴᠠᠪ ᠤᠨ ᠬᠢᠯᠢ ᠠᠯᠤᠰᠯᠠᠭᠰᠠᠨ ᠪᠦᠬᠦ ᠪᠥᠮᠪᠥᠷᠴᠡᠭ ᠤᠨ ᠬᠤᠳᠠᠯᠳᠤᠨ ᠠᠪᠬᠤ ᠱᠤᠭᠤᠮ ᠠᠴᠠ ᠭᠠᠳᠠᠭᠤᠷᠬᠢ ᠪᠡᠶᠡᠴᠢᠯᠡᠨ ᠣᠶᠢᠯᠠᠭᠠᠬᠤ ᠳᠡᠯᠭᠡᠭᠦᠷ ᠤᠨ ᠲᠦᠷᠦᠯ ᠵᠦᠢᠯ ᠤᠨ ᠶᠡᠷᠦᠩᠬᠡᠢ ᠳᠠᠭᠠᠭᠠᠮᠠᠯ ᠵᠧᠦ ᠽᠢ ᠢ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠪᠠᠭ ᠤᠨ ᠪᠦᠷᠢᠯᠳᠦᠬᠦᠨ ᠵᠢᠴᠢ ᠵᠠᠩᠭᠢᠯᠠᠭ᠎ᠠ ᠶᠢᠨ ᠺᠠᠳ᠋ᠷ ᠬᠤᠷᠠᠯ ᠳᠤ ᠣᠷᠣᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠱᠠᠨᠳᠦ᠋ᠩ ᠤᠨ ᠯᠠᠨ ᠬᠤᠸᠠ ᠪᠦᠯᠦᠭᠯᠡᠯ ᠤᠨ ᠤᠯᠠᠭᠠᠨᠴᠠᠪ ᠤᠨ ᠬᠢᠯᠢ ᠠᠯᠤᠰᠯᠠᠭᠰᠠᠨ ᠪᠦᠬᠦ ᠪᠥᠮᠪᠥᠷᠴᠡᠭ ᠤᠨ ᠬᠤᠳᠠᠯᠳᠤᠨ ᠠᠪᠬᠤ ᠱᠤᠭᠤᠮ ᠠᠴᠠ ᠭᠠᠳᠠᠭᠤᠷᠬᠢ ᠪᠡᠶᠡᠴᠢᠯᠡᠨ ᠣᠶᠢᠯᠠᠭᠠᠬᠤ ᠳᠡᠯᠭᠡᠭᠦᠷ ᠤᠨ ᠲᠦᠷᠦᠯ ᠵᠦᠢᠯ ᠢ ᠵᠢᠩᠬᠢᠨᠢ ᠪᠠᠷ ᠡᠵᠡᠩᠨᠡᠬᠦ ᠠᠴᠠ ᠡᠮᠦᠨ᠎ᠡ ᠪᠠᠴᠢᠮ ᠰᠢᠢᠳᠪᠦᠷᠢᠯᠡᠬᠦ ᠴᠢᠬᠤᠯᠠᠲᠠᠢ ᠬᠠᠮᠢᠶ᠎ᠠ ᠪᠦᠬᠦᠢ ᠠᠵᠢᠯ ᠤᠨ ᠶᠠᠪᠤᠳᠠᠯ ᠤᠨ ᠲᠤᠬᠠᠢ ᠶᠠᠷᠢᠯᠴᠠᠪᠠ᠃ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠪᠣᠯᠤᠨ ᠬᠤᠲᠠ ᠶᠢᠨ ᠪᠠᠯᠠ ᠣᠷᠣᠭᠤᠯᠤᠯᠲᠠ ᠶᠢᠨ ᠺᠣᠮᠫᠠᠨᠢ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠣᠶ ᠪᠣᠯᠭᠠᠬᠤ ᠪᠠᠷ ᠬᠠᠷᠠᠯᠲᠠ ᠪᠣᠯᠭᠠᠵᠤ᠂ ᠠᠵᠤ ᠠᠬᠤᠶᠢᠯᠠᠯ ᠤᠨ ᠦᠶᠯᠡᠴᠢᠯᠡᠭᠡ ᠪᠠᠷ ᠵᠣᠷᠢᠯᠲᠠ ᠪᠣᠯᠭᠠᠵᠤ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠳᠤ ᠴᠢᠭᠯᠡᠭᠦᠯᠦᠨ᠂ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠪᠠᠨ ᠰᠤᠳᠤᠯᠤᠨ ᠪᠠᠶᠢᠷᠢᠯᠠᠭᠤᠯᠬᠤ ᠶᠢᠨ ᠬᠠᠮᠲᠤ ᠲᠤᠰᠬᠠᠶ ᠬᠥᠮᠦᠨ ᠳᠣᠭᠢᠷᠠᠭᠤᠯᠤᠨ ᠳᠠᠭᠠᠵᠤ᠂ ᠲᠥᠷᠥᠯ ᠵᠦᠶᠯ ᠤᠨ ᠡᠵᠡᠩᠨᠡᠯᠲᠡ ᠶᠢ ᠡᠷᠲᠡᠬᠡᠨ ᠪᠡᠶᠡᠯᠡᠭᠦᠯᠬᠦ ᠪᠠᠷ ᠴᠢᠷᠮᠠᠶᠢᠪᠠ᠃      ᠱᠠᠨᠳᠦ᠋ᠩ ᠤᠨ ᠯᠠᠨ ᠬᠤᠸᠠ ᠪᠦᠯᠦᠭᠯᠡᠯ ᠤᠨ ᠡᠵᠡᠩᠨᠡᠵᠦ ᠪᠠᠶᠢᠭ᠎ᠠ ᠤᠯᠠᠭᠠᠨᠴᠠᠪ ᠤᠨ ᠬᠢᠯᠢ ᠠᠯᠤᠰᠯᠠᠭᠰᠠᠨ ᠪᠦᠬᠦ ᠪᠥᠮᠪᠥᠷᠴᠡᠭ ᠤᠨ ᠬᠤᠳᠠᠯᠳᠤᠨ ᠠᠪᠬᠤ ᠱᠤᠭᠤᠮ ᠠᠴᠠ ᠭᠠᠳᠠᠭᠤᠷᠬᠢ ᠪᠡᠶᠡᠴᠢᠯᠡᠨ ᠣᠶᠢᠯᠠᠭᠠᠬᠤ ᠳᠡᠯᠭᠡᠭᠦᠷ ᠤᠨ ᠲᠦᠷᠦᠯ ᠵᠦᠢᠯ ᠨᠢ ᠮᠠᠨ ᠤ ᠲᠣᠭᠤᠷᠢᠭ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠶᠢᠨ ᠬᠤᠭᠤᠰᠣᠨ ᠢ ᠨᠥᠬᠦᠪᠥᠷᠢᠯᠡᠵᠦ᠂ ᠮᠠᠨ ᠤ ᠲᠣᠭᠤᠷᠢᠭ ᠤᠨ ᠠᠵᠤ ᠦᠢᠯᠡᠰ ᠤᠨ ᠪᠦᠲᠦᠴᠡ ᠶᠢᠨ ᠳᠡᠰ ᠳᠡᠪᠰᠢᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠡᠢ᠃ ᠡᠭᠦᠨ ᠤ ᠬᠠᠮᠲᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠶᠢ ᠥᠷᠨᠢᠭᠦᠯᠬᠦ ᠨᠢ ᠮᠠᠨ ᠤ ᠲᠣᠭᠤᠷᠢᠭ ᠤᠨ ᠴᠢᠨᠠᠷ ᠰᠠᠶᠢᠲᠠᠶ ᠠᠵᠤ ᠠᠬᠤᠶᠢᠯᠠᠯ ᠤᠨ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠡᠷᠭᠢᠯᠲᠡ ᠳᠤ ᠠᠭᠤᠰᠤᠯᠴᠠᠬᠤ ᠳᠤ ᠰᠢᠨ᠎ᠡ ᠠᠵᠠ ᠲᠣᠬᠢᠶᠠᠯ ᠣᠯᠭᠤᠵᠤ᠂ ᠲᠣᠭᠤᠷᠢᠭ ᠤᠨ ᠳᠣᠲᠣᠷᠠᠬᠢ ᠬᠡᠷᠡᠭᠯᠡᠭᠴᠢᠳ ᠤᠨ ᠴᠢᠨᠠᠷ ᠰᠠᠶᠢᠲᠠᠶ ᠲᠠᠸᠠᠷ ᠤᠨ ᠬᠡᠷᠡᠭᠴᠡᠭᠡ ᠱᠠᠭᠠᠷᠳᠠᠯᠭ᠎ᠠ ᠳᠤ ᠰᠢᠨ᠎ᠡ ᠰᠣᠩᠭᠤᠯᠲᠠ ᠠᠪᠴᠢᠷᠠᠬᠤ ᠶᠢᠨ ᠬᠠᠮᠲᠤ ᠮᠠᠨ ᠤ ᠲᠣᠭᠤᠷᠢᠭ ᠤᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠮᠠᠨ ᠤ ᠲᠣᠭᠤᠷᠢᠭ ᠤᠨ ᠭᠠᠳᠠᠭᠠᠳᠤ ᠨᠡᠭᠡᠭᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠣᠯᠤᠨ᠎ᠠ᠃              ᠣᠷᠴᠢᠭᠤᠯᠤᠭᠴᠢ᠄ ᠳ᠋ᠥᠩ ᠾᠦᠢ 
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2