| | | | | | | | | 5 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ | ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠪᠠᠷ ᠭᠤᠤᠯ | ᠰᠡᠳᠦᠪ ᠪᠣᠯᠭᠠᠭᠰᠠᠨ ᠪᠥᠬᠦ ᠬᠤᠲᠠ ᠶᠢᠨ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ | ᠰᠠᠷ᠎ᠠ︾᠂ ︽ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ | ᠵᠢᠴᠢ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ ᠤᠨ | ᠬᠦᠷᠢᠶᠡᠯᠡᠩ ᠳᠤ ᠶᠠᠪᠤᠭᠳᠠᠵᠤ᠂ ᠣᠯᠠᠨ ᠲᠦᠮᠡᠨ ᠳᠤ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ | ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠬᠠᠮᠢᠶ᠎ᠠ ᠪᠥᠬᠦᠶ ᠮᠡᠳᠡᠯᠭᠡ ᠶᠢ ᠲᠠᠶᠢᠯᠪᠤᠷᠢᠯᠠᠨ ᠥᠭᠴᠦ᠂ | ᠦᠨᠳᠦᠰᠦᠲᠡᠨ ᠤ ᠪᠦᠯᠬᠦᠮᠳᠡᠯ ᠢ ᠬᠠᠮᠲᠤ ᠪᠠᠷ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ | ᠱᠦᠵᠢ ᠵᠠᠩ ᠶᠦᠩ ᠸᠧᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ | ᠬᠡᠯᠲᠡᠰ ᠤᠨ ᠳᠠᠷᠤᠭ᠎ᠠ ᠯᠢ ᠵᠢᠶᠠᠨ ᠵᠢᠶᠦ᠋ᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠱᠧᠨ ᠼᠠᠢ ᠵᠢᠶᠦ᠋ᠨ᠂ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ ᠨᠠᠰᠤᠨᠪᠠᠲᠤ ᠠᠵᠢᠯᠯᠠᠭ᠎ᠠ ᠳᠤ ᠣᠷᠣᠯᠴᠠᠪᠠ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠵᠠᠩ ᠶᠦᠩ ᠸᠧᠨ ᠤᠯᠠᠭᠠᠨᠴᠠᠪ ᠬᠤᠲᠠ ᠶᠢᠨ 2024 ᠣᠨ ᠤ ︽ | ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢᠵᠢᠯ ᠤᠨ | ᠤᠬᠠᠭᠤᠯᠭ᠎ᠠ ᠶᠢᠨ ᠭᠠᠷᠠᠭ︾ ᠵᠢᠩᠬᠢᠨᠢ ᠪᠠᠷ ᠡᠬᠢᠯᠡᠭᠰᠡᠨ ᠢ ᠵᠠᠷᠯᠠᠪᠠ᠃ ᠯᠢ ᠵᠢᠶᠠᠨ ᠵᠢᠶᠦ᠋ᠨ ᠲᠣᠰ ᠤᠳᠠᠭᠠᠨ ᠤ | ᠠᠵᠢᠯᠯᠠᠭ᠎ᠠ ᠳᠤ ᠪᠠᠶᠠᠷ ᠤᠨ ᠦᠭᠡ ᠬᠡᠯᠡᠪᠡ ᠃ ᠠᠷᠪᠠᠨ ᠨᠢᠭᠡᠳᠦᠭᠡᠷ ᠪᠦᠯᠦᠭ ᠤᠨ ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠢ᠂ ᠬᠤᠲᠠ ᠶᠢᠨ ᠭᠠᠯ ᠤᠨᠲᠠᠷᠠᠭᠠᠵᠤ | ᠠᠪᠤᠷᠠᠨ ᠲᠤᠰᠠᠯᠠᠬᠤ ᠰᠠᠯᠪᠤᠷᠢ ᠠᠩᠭᠢ ᠶᠢᠨ ᠤᠯᠤᠰ ᠲᠥᠷᠥ ᠶᠢᠨ ᠭᠡᠰᠢᠭᠦᠳ ᠠᠴᠠ ᠪᠥᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ | ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠲᠡᠯᠡᠪᠡ᠃ ᠤᠳᠤᠷᠢᠳᠤᠯᠭ᠎ᠠ ᠠᠴᠠ ᠰᠤᠷᠭᠠᠭᠤᠯᠢ ᠶᠢᠨ ᠦᠵᠡᠯ ᠰᠠᠨᠠᠭ᠎ᠠ | ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠲᠥᠯᠥᠭᠡᠯᠡᠭᠴᠢᠳ ᠲᠤ ︽ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠲᠦᠢᠮᠣᠴᠢᠯᠠᠯ︾ ᠤᠨ ᠨᠣᠮ ᠪᠢᠴᠢᠭ ᠢ ᠬᠠᠨᠳᠢᠪᠯᠠᠪᠠ᠃ | ᠠᠵᠢᠯᠯᠠᠭ᠎ᠠ ᠳᠤ ᠪᠠᠰᠠ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ︽ᠨᠢᠭᠡ ᠲᠣᠭᠤᠷᠢᠭ ᠨᠢᠭᠡ | ᠦᠢᠯᠡᠳᠬᠦᠨ︾ ᠤ ᠦᠵᠡᠭᠦᠯᠭᠡ ᠶᠢᠨ ᠲᠣᠭᠤᠷᠢᠭ ᠪᠠ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠦᠵᠡᠭᠦᠯᠭᠡ ᠶᠢᠨ ᠲᠣᠭᠤᠷᠢᠭ ᠭᠠᠷᠭᠠᠵᠤ᠂ ᠣᠯᠠᠨ ᠲᠦᠮᠡᠨ ᠳᠤ ᠤᠬᠠᠭᠤᠯᠭ᠎ᠠ ᠶᠢᠨ ᠮᠠᠲ᠋ᠧᠷᠢᠶᠠᠯ | ᠪᠠ ᠳᠤᠷᠠᠰᠬᠠᠯ ᠤᠨ ᠪᠣᠳᠠᠰ ᠲᠠᠷᠬᠠᠭᠠᠵᠤ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠮᠦᠵᠢᠭᠦᠯᠦᠨ | ᠵᠢᠯᠣᠭᠤᠳᠴᠤ ᠪᠠᠶᠢᠭᠠᠳ ᠨᠠᠮ ᠤᠨ ᠠᠴᠢ ᠳᠤ ᠨᠠᠩ ᠦᠨᠡᠨ ᠰᠡᠳᠬᠢᠯ ᠠᠴᠠ ᠪᠠᠨ ᠲᠠᠯᠠᠷᠬᠠᠵᠤ᠂ ᠨᠠᠮ ᠤᠨ ᠦᠭᠡ ᠶᠢ | ᠰᠣᠨᠣᠰᠴᠤ᠂ ᠨᠠᠮ ᠢᠶᠠᠨ ᠳᠠᠭᠠᠬᠤ ᠪᠣᠯᠭᠠᠬᠤ ᠬᠡᠷᠡᠭᠲᠡᠶ᠃ ᠲᠤᠬᠠᠶ ᠶᠢᠨ ᠲᠠᠯᠠᠪᠤᠷ ᠲᠤ ᠬᠠᠶᠢᠷ᠎ᠠ ᠬᠠᠯᠠᠮᠵᠢ ᠶᠢᠨ ᠠᠯᠪᠠᠨ | ᠵᠢᠷᠤᠮ ᠤᠨ ᠡᠮᠴᠢᠯᠡᠭᠡ ᠵᠡᠷᠭᠡ ᠠᠵᠢᠯᠯᠠᠭ᠎ᠠ ᠶᠢ ᠵᠡᠷᠭᠡᠪᠡᠷ ᠥᠷᠨᠢᠭᠦᠯᠵᠦ᠂ ᠦᠢᠯᠡᠴᠢᠯᠡᠭᠡᠨ ᠤ ᠨᠡᠪᠲᠡᠷᠡᠯᠴᠡᠭᠡ ᠪᠠᠷ | ᠳᠠᠮᠵᠢᠭᠤᠯᠤᠨ᠂ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠦᠭᠬᠦᠨ᠎ᠡ︾ ᠶᠢ ᠦᠨᠡᠨ ᠬᠦ ᠪᠣᠳᠠᠲᠠᠶ ᠳᠤ | ᠨᠠᠶᠢᠳᠠᠪᠤᠷᠢᠵᠢᠭᠤᠯᠪᠠ᠃ | ᠡᠭᠦᠨ ᠠᠴᠠ ᠭᠠᠳᠠᠨ᠎ᠠ᠂ ᠵᠢᠨᠢᠩ ᠲᠣᠭᠤᠷᠢᠭ ᠤᠨ ᠤᠯᠠᠭᠠᠨᠮᠥ᠋ᠴᠢᠷ ᠲᠤᠬᠠᠶ ᠶᠢᠨ ᠲᠠᠯᠠᠪᠠᠶ ᠶᠢᠨ ᠣᠯᠠᠨ | ᠲᠦᠮᠡᠨ ᠳᠤ ᠳᠠᠭᠤᠤ ᠪᠥᠵᠢᠭ ︽ᠰᠢᠨ᠎ᠡ ᠵᠢᠨᠢᠩ ᠢ ᠬᠠᠩᠭᠢᠨᠠᠭᠤᠯᠤᠶ᠎ᠠ︾᠂ ᠮᠣᠷᠢᠨ ᠬᠤᠭᠤᠷ ︽ᠤᠮᠠᠷᠠᠲᠤ | ᠬᠢᠯᠢ ᠶᠢᠨ ᠰᠤᠷᠲᠠᠯ︾᠂ ᠪᠥᠵᠢᠭ ︽ᠤᠮᠠᠷᠠᠲᠤ ᠬᠢᠯᠢ ᠶᠢᠨ ᠢᠷᠥᠭᠡᠯ︾᠂ ᠤᠷᠲᠤ ᠶᠢᠨ ᠳᠠᠭᠤᠤ ︽ᠥᠷᠭᠡᠨ | ᠠᠭᠤᠳᠠᠮ ᠲᠠᠯ᠎ᠠ ᠨᠤᠲᠤᠭ︾ ᠵᠡᠷᠭᠡ ᠲᠣᠭᠯᠠᠯᠲᠠ ᠶᠢ ᠲᠣᠭᠯᠠᠵᠤ᠂ ᠫᠷᠤᠭ᠍ᠷᠠᠮ ᠤᠨ ᠠᠭᠤᠯᠭ᠎ᠠ ᠨᠢ ︽ᠬᠦᠰᠡᠯ | ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠣᠷᠣᠨ ᠢ ᠪᠥᠬᠦ ᠲᠠᠯ᠎ᠠ ᠪᠠᠷ | ᠪᠥᠲᠥᠭᠡᠨ ᠪᠠᠶᠢᠭᠤᠯᠬᠤ︾ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠬᠥᠮᠦᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠦᠨᠳᠦᠰᠦᠲᠡᠨ ᠤ ᠰᠢᠯᠢᠳᠡᠭ | ᠤᠯᠠᠮᠵᠢᠯᠠᠯᠲᠤ ᠰᠣᠶᠣᠯ ᠢ ᠤᠯᠠᠮᠵᠢᠯᠠᠵᠤ᠂ ᠦᠨᠳᠦᠰᠦᠲᠡᠨ ᠤ ᠪᠦᠯᠬᠦᠮᠳᠡᠯ ᠤᠨ ᠢᠳᠡᠪᠬᠢ ᠬᠦᠴᠦᠨ ᠢ ᠳᠠᠮᠵᠢᠭᠤᠯᠵᠠᠶ᠃ | | ᠬᠤᠲᠠ ᠲᠣᠭᠤᠷᠢᠭ ᠤᠨ ᠬᠤᠶᠠᠷ ᠱᠠᠲᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠨᠢᠭᠡᠴᠢ᠂ | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ᠂ | ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠱᠠᠲᠤᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠢ ᠶᠢᠨ 400 ᠭᠠᠷᠤᠶ ᠠᠵᠢᠯᠲᠠᠨ ᠠᠵᠢᠯᠯᠠᠭ᠎ᠠ ᠳᠤ ᠣᠷᠣᠯᠴᠠᠪᠠ᠃ | ᠤᠶᠢᠷ᠎ᠠ ᠶᠢᠨ ᠵᠢᠯ ᠠᠴᠠ᠂ ᠵᠢᠨᠢᠩ ᠲᠣᠭᠤᠷᠢᠭ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠣᠨᠣᠪᠴᠢᠲᠠᠢ | ᠡᠵᠡᠮᠳᠡᠬᠦ ᠪᠠ ᠪᠦᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠭᠤᠣᠯ ᠱᠤᠭᠤᠮ ᠤᠨ ᠱᠠᠭᠠᠷᠳᠠᠯᠭ᠎ᠠ ᠶᠢ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠭᠤᠰᠢᠯᠠᠭᠤᠯᠵᠤ᠂ ︽ᠭᠤᠷᠪᠠ ᠶᠢ ᠠᠳᠬᠤᠵᠤ ᠲᠠᠪᠤ ᠶᠢ | ᠴᠢᠩᠭᠠᠳᠬᠠᠵᠤ ᠨᠢᠭᠡ ᠶᠢ ᠲᠤᠪᠤᠶᠢᠯᠭᠠᠬᠤ︾ ᠪᠠᠷ ᠲᠣᠭᠲᠠᠴᠠ ᠶᠢᠨ ᠠᠷᠭ᠎ᠠ ᠵᠠᠮ ᠪᠣᠯᠭᠠᠵᠤ᠂ ᠤᠨᠤᠯ ᠢᠶᠠᠷ ᠵᠡᠪᠰᠡᠭᠯᠡᠬᠦ᠂ | ᠦᠨᠳᠦᠰᠦᠨ ᠱᠠᠲᠤᠨ ᠤ ᠪᠠᠶᠢᠭᠤᠯᠤᠯᠲᠠ᠂ ᠲᠣᠭᠲᠠᠴᠠ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠰᠠᠶᠢᠲᠤᠷ | ᠠᠳᠬᠤᠵᠤ᠂ ᠬᠤᠪᠢᠰᠬᠠᠯ ᠤᠨ ᠤᠯᠠᠮᠵᠢᠯᠠᠯ᠂ ᠰᠣᠶᠣᠯ ᠤᠨ ᠮᠡᠳᠡᠷᠡᠮᠵᠢ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠠᠭᠤᠰᠤᠯᠴᠠᠨ ᠬᠥᠭᠵᠢᠬᠦ᠂ ᠬᠠᠤᠯᠢ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ︽ | ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ︾ ᠶᠢ ᠬᠡᠷᠡᠭᠵᠢᠭᠦᠯᠬᠦ᠂ | ︽ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠷᠢᠯᠴᠠᠨ ᠰᠣᠯᠢᠯᠴᠠᠭ᠎ᠠ ᠬᠢᠵᠦ ᠠᠭᠤᠰᠤᠯᠴᠠᠬᠤ ᠶᠢ ᠠᠬᠢᠭᠤᠯᠬᠤ | ᠲᠥᠯᠥᠪᠯᠡᠭᠡ︾ ᠶᠢ ᠰᠦᠪᠡᠭᠴᠢᠯᠡᠬᠦ ᠲᠠᠯ᠎ᠠ ᠪᠠᠷ ᠰᠢᠪᠲᠤᠯᠤᠯᠲᠠ ᠭᠠᠷᠭᠠᠵᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠠᠬᠢᠭᠤᠯᠬᠤ ᠰᠢᠨ᠎ᠡ ᠪᠠᠶᠢᠷᠢᠰᠢᠯ ᠢ ᠪᠠᠶᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ | ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠶᠡᠬᠡᠪᠡᠷ | ᠳᠡᠭᠡᠭᠰᠢᠯᠡᠭᠦᠯᠪᠡ᠃ | ᠨᠠᠶᠢᠷᠠᠭᠤᠯᠤᠭᠴᠢ᠄ ᠸᠠᠩ ᠵᠢᠩ ᠵᠢᠩ᠂ ᠴᠢᠶᠤᠤ ᠮᠢᠨ ᠮᠢᠨ | ᠤᠷᠴᠢᠭᠤᠯᠤᠭᠴᠢ᠄ ᠲᠤᠶᠠᠭ᠎ᠠ | |