ᠵᠠᠩ ᠶᠦᠩ ᠸᠧᠨ ︽ᠬᠠᠶᠢᠷ᠎ᠠ ᠬᠠᠯᠠᠮᠵᠢ ᠶᠢᠨ ᠢᠨᠵᠧᠨᠧᠷᠢᠩ︾᠎ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/10
    5 ᠰᠠᠷ᠎ᠠ ᠶᠢᠨ 9᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ︽ᠬᠠᠶᠢᠷ᠎ᠠ ᠬᠠᠯᠠᠮᠵᠢ ᠶᠢᠨ ᠢᠨᠵᠧᠨᠧᠷᠢᠩ︾᠎ ᠢ ᠠᠬᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃    ᠵᠠᠩ ᠶᠦᠩ ᠸᠧᠨ ᠤᠷᠢᠳ ᠬᠤᠵᠢᠳ ᠱᠦ ᠭᠤᠸᠠᠩ ᠪᠠᠭ᠎ᠠ ᠰᠤᠷᠭᠠᠭᠤᠯᠢ ᠶᠢᠨ ᠢᠯᠴᠢ ᠰᠣᠯᠢᠬᠤ ᠦᠷᠳᠡᠭᠡ᠂ ᠴᠠᠩ ᠴᠢᠩ ᠵᠡᠭᠡᠯᠢ ᠭᠤᠳᠤᠮᠵᠢ ᠶᠢᠨ ᠹᠦ᠋ ᠬᠤᠸᠠ ᠲᠣᠭᠤᠷᠢᠭ ᠪᠣᠯᠤᠨ ᠦ᠋ ᠯᠦ ᠨᠡᠶᠢᠭᠡᠮ ᠲᠣᠭᠤᠷᠢᠭ ᠤᠨ ᠡᠦ ᠵᠢᠶᠠ ᠲᠣᠰᠬᠤᠨ ᠤ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠲᠦᠷᠦᠯ ᠵᠦᠢᠯ᠂ ᠬᠤᠳᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠦᠨ ᠳᠠᠷᠤᠯᠲᠠ ᠰᠠᠯᠭᠠᠬᠤ ᠦᠷᠳᠡᠭᠡ ᠵᠡᠷᠭᠡ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠨᠢᠭᠲᠠ ᠰᠣᠯᠢᠯᠴᠠᠵᠤ᠂ ᠮᠠᠨ ᠤ ᠲᠤᠭᠤᠷᠢᠭ ᠤᠨ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠢᠵᠢ ᠪᠦᠷᠢᠳᠦᠭᠰᠡᠨ ᠴᠠᠬᠢᠯᠭᠠᠨ ᠲᠣᠣᠷ ᠢ ᠠᠬᠢᠭᠤᠯᠬᠤ ᠪᠠ ᠢᠯᠴᠢ ᠶᠢᠨ ᠢᠷᠡᠯᠲᠡ᠂ ᠢᠯᠴᠢ ᠬᠠᠩᠭᠠᠬᠤ ᠬᠤᠭᠤᠯᠠᠢ ᠲᠣᠣᠷ ᠢ ᠥᠭᠡᠷᠡᠴᠢᠯᠡᠬᠦ ᠵᠡᠷᠭᠡ ᠪᠠᠶᠢᠳᠠᠯ ᠢ ᠭᠦᠨᠵᠡᠭᠡᠢ ᠣᠶᠢᠯᠠᠭᠠᠵᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃    ᠵᠠᠩ ᠶᠦᠩ ᠸᠧᠨ ᠬᠡᠯᠡᠭᠰᠡᠨ ᠨᠢ᠂ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠪᠣᠯ ᠲᠦᠭ ᠲᠦᠮᠡᠨ ᠠᠶᠢᠯ ᠡᠷᠦᠬᠡ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠪᠦᠬᠦᠯᠢ ᠴᠣᠭᠴᠠ ᠪᠠᠷ ᠲᠥᠯᠥᠪᠵᠢᠭᠦᠯᠵᠦ᠂ ᠥᠨᠳᠥᠷ ᠪᠦᠲᠦᠮᠵᠢᠲᠡᠢ ᠪᠠᠷ ᠠᠬᠢᠭᠤᠯᠵᠤ᠂ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠬᠢᠬᠦ ᠬᠡᠷᠡᠭᠲᠡᠢ᠃ ᠣᠯᠠᠨ ᠠᠷᠭ᠎ᠠ ᠵᠠᠮ ᠢᠶᠠᠷ ᠪᠠᠯᠠ ᠮᠥᠩᠭᠦ ᠴᠤᠭᠯᠠᠭᠤᠯᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠠᠵᠢᠯ ᠤᠨ ︽ᠤᠷᠢᠳᠴᠢᠯᠠᠭᠰᠠᠨ ᠬᠡᠮᠵᠢᠶ᠎ᠡ︾᠎ ᠶᠢ ᠰᠠᠶᠢᠲᠤᠷ ᠬᠢᠵᠦ᠂ ᠢᠯᠴᠢ ᠶᠢᠨ ᠢᠷᠡᠯᠲᠡ ᠶᠢ ᠥᠭᠡᠷᠡᠴᠢᠯᠡᠬᠦ᠂ ᠬᠤᠭᠤᠯᠠᠶ ᠶᠢᠨ ᠲᠣᠤᠷ ᠢ ᠥᠭᠡᠷᠡᠴᠢᠯᠡᠬᠦ᠂ ᠢᠯᠴᠢ ᠰᠣᠯᠢᠯᠴᠠᠬᠤ ᠥᠷᠲᠡᠭᠡ ᠶᠢ ᠥᠭᠡᠷᠡᠴᠢᠯᠡᠬᠦ ᠵᠡᠷᠭᠡ ᠭᠤᠤᠯᠳᠠᠯᠭ᠎ᠠ ᠲᠠᠢ ᠡᠭᠦᠷᠭᠡ ᠶᠢ ᠲᠦᠷᠭᠡᠳᠬᠡᠨ ᠠᠬᠢᠭᠤᠯᠵᠤ᠂ ︽ᠡᠪᠦᠯ ᠤᠨ ᠡᠪᠡᠳᠴᠢᠨ ᠢ ᠵᠤᠨ ᠵᠠᠰᠠᠬᠤ︾᠎ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠴᠠᠬᠢᠯᠭᠠᠨ ᠤ ᠦᠢᠯᠡᠰ ᠤᠨ ᠰᠠᠯᠠᠭ᠎ᠠ ᠮᠥᠴᠢᠷ ᠳᠠᠭᠠᠵᠤ᠂ ᠬᠠᠷᠢᠶ᠎ᠠ ᠭᠠᠵᠠᠷ ᠤᠨ ᠵᠡᠭᠡᠯᠢ ᠭᠤᠳᠤᠮᠵᠢ ᠶᠢᠨ ᠬᠢᠨ ᠬᠠᠮᠵᠢᠯᠴᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠠᠵᠢᠯ ᠤᠨ ᠡᠭᠦᠷᠭᠡ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠡᠶᠡᠯᠡᠭᠦᠯᠬᠦ ᠬᠡᠷᠡᠭᠲᠡᠢ᠃ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠤᠣᠯᠳᠠᠯᠭ᠎ᠠ ᠲᠠᠢ ᠣᠷᠣᠨ ᠪᠠᠶᠢᠷᠢ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠠᠶᠤᠯᠭᠦᠢ ᠦᠢᠯᠡᠳᠪᠦᠷᠢᠯᠡᠯ ᠤᠨ ᠱᠠᠭᠠᠷᠳᠠᠯᠭ᠎ᠠ ᠶᠢ ᠪᠦᠬᠦ ᠶᠠᠪᠤᠴᠠ᠂ ᠡᠯ᠎ᠡ ᠭᠤᠭᠴᠤᠭ᠎ᠠ ᠳᠤ ᠲᠤᠭᠤᠰᠢᠯᠠᠭᠤᠯᠵᠤ᠂ ᠡᠯ᠎ᠡ ᠲᠦᠷᠦᠯ ᠤᠨ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ᠃ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠤᠯᠠᠨ ᠲᠦᠮᠡᠨ ᠤ ᠪᠣᠳᠠᠲᠠᠢ ᠬᠦᠴᠢᠷᠳᠡᠯ ᠢ ᠣᠶᠢᠯᠠᠭᠠᠵᠤ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠥᠷᠭᠡᠨ ᠤᠯᠠᠨ ᠲᠦᠮᠡᠨ ᠳᠤ ᠡᠨᠡᠬᠦ ᠠᠷᠠᠳ ᠲᠤ ᠠᠰᠢᠭᠲᠠᠢ ᠴᠢᠬᠤᠯᠠ ᠢᠨᠵᠧᠨᠧᠷᠢᠩ ᠢ ᠨᠡᠩ ᠰᠠᠶᠢᠲᠤᠷ ᠣᠶᠢᠯᠠᠭᠠᠭᠤᠯᠵᠤ᠂ ᠢᠳᠡᠪᠬᠢᠲᠡᠢ ᠳᠡᠮᠵᠢᠭᠦᠯᠬᠦ ᠬᠡᠷᠡᠭᠲᠡᠢ᠃ᠶᠠᠩ ᠶᠦᠩ᠂ ᠯᠢ ᠺᠦᠨ ᠣᠷᠣᠯᠴᠠᠵᠠᠢ᠃                          ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠩ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2