ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ᠂ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠲᠠᠢ ᠬᠠᠮᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠭᠤᠤᠯ ᠰᠡᠳᠦᠪᠲᠦ ᠬᠥᠮᠦᠵᠢᠯ ᠤᠨ ᠰᠠᠭᠤᠷᠢᠨ ᠭᠠᠵᠠᠷ ᠲᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/14
705470.jpg
   ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 14᠎ ᠤ ᠡᠳᠦᠷ᠂ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠪᠣᠯᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠵᠢᠨᠢᠩ ᠲᠣᠭᠤᠷᠢᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠬᠢᠵᠢᠭᠦᠯᠬᠦ ᠭᠤᠤᠯ ᠰᠡᠳᠦᠪᠲᠦ ᠬᠥᠮᠦᠵᠢᠯ ᠤᠨ ᠰᠠᠭᠤᠷᠢᠨ ᠭᠠᠵᠠᠷ ᠲᠤ ᠂ ᠭᠤᠤᠯ ᠰᠡᠳᠦᠪᠲᠦ ᠬᠥᠮᠦᠵᠢᠯ ᠤᠨ ᠰᠠᠭᠤᠷᠢᠨ ᠭᠠᠵᠠᠷ ᠤᠨ 5 ᠰᠠᠷ᠎ᠠ ᠶᠢᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠢ ᠲᠣᠭᠤᠷᠢᠨ  ᠦᠵᠡᠪᠡ᠃     ᠺᠠᠳ᠋ᠷ ᠠᠵᠢᠯᠲᠠᠳ ᠵᠢᠨᠢᠩ ᠲᠣᠭᠤᠷᠢᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ᠰᠠᠭᠤᠷᠢᠨ ᠭᠠᠵᠠᠷ ᠲᠤ ᠲᠠᠶᠢᠯᠪᠤᠷᠢᠯᠠᠭᠴᠢ ᠶᠢᠨ ᠲᠠᠶᠢᠯᠤᠮᠵᠢ ᠵᠢᠴᠢ ᠭᠡᠷᠡᠯ ᠵᠢᠷᠤᠭ ᠤᠨ ᠦᠵᠡᠭᠦᠯᠦᠯᠭᠡ ᠢᠶᠠᠷ ᠳᠠᠮᠵᠢᠨ᠂ ᠮᠠᠨ ᠤ ᠲᠤᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠪᠦᠯᠬᠦᠮᠳᠡᠨ ᠲᠡᠮᠡᠴᠡᠵᠦ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠳᠦᠭᠡᠨ ᠪᠠᠶᠢᠭᠤᠯᠤᠭᠰᠠᠨ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠶᠢ ᠭᠦᠨᠵᠡᠭᠡᠢ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠬᠢᠵᠢᠭᠦᠯᠬᠦ ᠪᠣᠯ ᠦᠨᠳᠦᠰᠦᠲᠡᠨ ᠨᠦᠭᠦᠳ ᠤᠨ ᠦᠨᠳᠦᠰᠦᠨ ᠠᠰᠢᠭ ᠲᠤᠰᠠ ᠶᠢ ᠬᠠᠮᠠᠭᠠᠯᠠᠬᠤ ᠵᠠᠶᠢᠯᠠᠰᠢ ᠦᠭᠡᠢ ᠱᠠᠭᠠᠷᠳᠠᠯᠭ᠎ᠠ ᠪᠣᠯᠬᠤ ᠶᠢ ᠭᠦᠨᠵᠡᠭᠡᠢ ᠲᠠᠨᠢᠪᠠ᠃    ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ᠂ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠠᠵᠢᠯᠲᠠᠳ ᠠᠴᠠ ᠲᠤᠬᠠᠢ ᠶᠢᠨ ᠲᠠᠯᠠᠪᠠᠢ ᠎ ᠶᠢᠨ ᠤᠯᠠᠨ ᠲᠦᠮᠡᠨ ᠳᠤ ᠰᠦᠯᠵᠢᠶᠡᠨ ᠤ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠨ᠂ ᠲᠤᠭᠤᠷᠢᠭ ᠤᠨ ᠵᠠᠰᠠᠭ ᠤᠨ ᠤᠷᠳᠤᠨ ᠤ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠪᠠ ᠸᠢᠴᠠᠲ ᠲᠠᠪᠴᠠᠩ ᠤᠨ ᠠᠵᠢᠯᠯᠠᠭᠠᠨ ᠤ ᠪᠠᠶᠢᠳᠠᠯ ᠢ ᠨᠠᠷᠢᠨ ᠲᠠᠨᠢᠯᠴᠠᠭᠤᠯᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠰᠦᠯᠵᠢᠶᠡᠨ ᠠᠴᠠ  ᠴᠠᠭ  ᠲᠤᠬᠠᠢ ᠳᠤᠨᠢ ᠤᠶᠢᠯᠠᠭᠠᠬᠤ ᠎ ᠶᠢ  ᠰᠠᠨᠠᠭᠠᠴᠢᠯᠠᠵᠤ᠂ ᠲᠤᠬᠠᠶ ᠶᠢᠨ ᠲᠠᠯᠠᠪᠠᠶ ᠳᠤ ᠣᠯᠠᠨ ᠲᠦᠮᠡᠨ  ᠤ ᠰᠠᠨᠠᠯ ᠪᠠ ᠰᠠᠨᠠᠭᠤᠯᠭ᠎ᠠ ᠶᠢ ᠴᠤᠭᠯᠠᠭᠤᠯᠪᠠ᠃     ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠮᠠᠨ ᠤ ᠲᠤᠭᠤᠷᠢᠭ ᠤᠨ ᠥᠷᠭᠡᠨ ᠣᠯᠠᠨ ᠺᠠᠳ᠋ᠷ ᠣᠯᠠᠨ ᠲᠦᠮᠡᠨ ᠤ ᠨᠠᠮ ᠪᠠ ᠤᠯᠤᠰ ᠤᠨ ᠴᠢᠬᠤᠯᠠ ᠶᠡᠭᠡ ᠴᠢᠭᠯᠡᠯᠲᠡ ᠶᠢ ᠴᠠᠭ ᠲᠤᠬᠠᠶ ᠳᠤᠨᠢ ᠣᠶᠢᠯᠠᠭᠠᠵᠤ᠂ ᠴᠠᠭ ᠤᠨ ᠪᠠᠶᠢᠳᠠᠯ ᠤᠨ ᠰᠣᠨᠢᠨ ᠮᠡᠳᠡᠭᠡ ᠪᠠ ᠦᠨᠳᠦᠰᠦᠲᠡᠨ ᠤ ᠲᠡᠤᠬᠡ ᠰᠣᠶᠣᠯ ᠵᠡᠷᠭᠡ ᠲᠠᠯ᠎ᠠ ᠪᠠᠷ ᠮᠡᠳᠡᠭᠡ ᠵᠠᠩᠭᠢ ᠶᠢᠨ ᠲᠠᠪᠴᠠᠩ ᠢ ᠥᠷᠭᠡᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠬᠤ᠂ ᠭᠠᠵᠠᠷ ᠣᠷᠣᠨ ᠤ ᠣᠨᠴᠠᠯᠢᠭ ᠢ ᠳᠣᠪᠤᠶᠢᠯᠭᠠᠬᠤ᠂ ᠦᠨᠳᠦᠰᠦᠨ ᠱᠠᠲᠤᠨ ᠤ ᠣᠯᠠᠨ ᠲᠦᠮᠡᠨ ᠳᠤ ᠨᠠᠩ ᠰᠠᠶᠢᠲᠤᠷ ᠦᠢᠯᠡᠴᠢᠯᠡᠬᠦ ᠵᠡᠷᠭᠡ ᠲᠠᠯ᠎ᠠ ᠪᠠᠷ ᠴᠢᠬᠤᠯᠠ ᠠᠬᠢᠭᠤᠯᠬᠤ ᠦᠢᠯᠡᠳᠦᠯ ᠦᠵᠡᠭᠦᠯᠬᠦ ᠪᠣᠯᠤᠨ᠎ᠠ᠃      
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2