ᠵᠠᠩ ᠶᠦᠩ ᠸᠧᠨ ᠪᠦᠯᠬᠦᠮ ᠳᠠᠭᠠᠭᠤᠯᠤᠨ ᠵᠢᠶᠠᠩᠰᠦ᠂ ᠭᠤᠸᠠᠩᠳᠦ᠋ᠩ ᠵᠡᠷᠭᠡ ᠭᠠᠵᠠᠷ ᠲᠤ ᠲᠥᠷᠥᠯ ᠵᠦᠢᠯ ᠤᠨ ᠪᠠᠶᠢᠴᠠᠭᠠᠯᠲᠠ ᠵᠢᠴᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/16
705470.jpg
    5 ᠰᠠᠷ᠎ᠠ ᠶᠢᠨ 12᠎ ᠤᠨ ᠡᠳᠦᠷ ᠠᠴᠠ 14᠎ ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠪᠦᠯᠬᠦᠮ ᠳᠠᠭᠠᠭᠤᠯᠤᠨ ᠵᠢᠶᠠᠩᠰᠦ᠂ ᠭᠤᠸᠠᠩᠳᠦ᠋ᠩ ᠵᠡᠷᠭᠡ ᠭᠠᠵᠠᠷ ᠲᠤ ᠬᠦᠷᠴᠦ ᠲᠥᠷᠥᠯ ᠵᠦᠶᠯ ᠢ ᠰᠢᠨᠵᠢᠯᠡᠨ ᠪᠠᠶᠢᠴᠠᠭᠠᠬᠤ ᠵᠢᠴᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠥᠷᠨᠢᠭᠦᠯᠵᠦ᠂ ᠭᠤᠤᠯᠳᠠᠯᠭ᠎ᠠ ᠲᠠᠢ ᠠᠵᠤ ᠠᠬᠤᠶᠢᠯᠠᠯ ᠢ ᠰᠤᠷᠪᠤᠯᠵᠢᠯᠠᠵᠤ᠂ ᠲᠥᠷᠥᠯ ᠵᠦᠶᠯ ᠢ ᠵᠣᠯᠭᠠᠭᠤᠯᠤᠨ ᠵᠥᠪᠳᠡᠯᠴᠡᠵᠦ᠂ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠵᠢᠨᠢᠩ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠣᠯᠭᠤᠨ᠎ᠠ᠃    ᠵᠠᠩ ᠶᠦᠩ ᠸᠧᠨ ᠨᠠᠷ ᠤᠷᠢᠳ ᠬᠤᠵᠢᠳ ᠰᠦᠵᠧᠦ ᠶᠢᠨ ᠢ ᠸᠧᠢ ᠰᠧ ᠲᠧ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠱᠧᠨᠵᠧᠨ ᠤ ᡂᠢ ᠸᠠᠨ ᠳ᠋ᠦᠩ ᠹᠠᠩ ᠪᠠᠷᠠᠭᠠᠨ ᠭᠦᠢᠯᠭᠡᠭᠡᠨ ᠤ ᠺᠣᠮᠫᠠᠨᠢ ᠪᠣᠯᠤᠨ  ᠴᠢᠩ ᠨᠢᠦ ᠮᠠᠰᠢᠨ ᠲᠡᠷᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠭᠤᠸᠠᠩᠵᠧᠦ ᠶᠢᠨ ᠾᠧ ᠰᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂  ᠶᠦᠨᠨᠠᠨ ᠤ ᠵᠦᠩ ᠬᠤᠤ ᠶᠦᠨ ᠪᠠᠷᠠᠭᠠᠨ ᠭᠦᠢᠯᠭᠡᠭᠡᠨ ᠤ ᠪᠦᠯᠦᠭᠯᠡᠯ ᠳᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠵᠠᠬ᠎ᠠ ᠳᠡᠯᠭᠡᠭᠦᠷ ᠤᠨ ᠪᠠᠶᠢᠷᠢᠰᠢᠭᠤᠯᠤᠯᠲᠠ᠂ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠭᠤᠣᠯᠳᠠᠭᠤ ᠲᠣᠭᠠᠴᠢᠯᠠᠭᠰᠠᠨ ᠠᠵᠤ ᠠᠬᠤᠢ᠂ ᠰᠦᠯᠵᠢᠶᠡᠨ ᠤ ᠪᠠᠷᠠᠭᠠᠨ ᠲᠡᠭᠡᠭᠡᠪᠦᠷᠢ᠂ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠠᠵᠤ ᠦᠢᠯᠡᠰ ᠵᠡᠷᠭᠡ ᠶᠢᠨ ᠲᠣᠭᠤᠷᠢᠨ ᠳᠤ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠠᠢ᠃    ᠶᠠᠷᠢᠯᠴᠠᠬᠤ ᠬᠤᠷᠠᠯ ᠳᠡᠭᠡᠷ᠎ᠡ᠂ ᠵᠠᠩ ᠶᠦᠩ ᠸᠧᠨ ᠡᠯ᠎ᠡ ᠠᠵᠤ ᠠᠬᠤᠶᠢᠯᠠᠯ ᠳᠤ ᠵᠢᠨᠢᠩ ᠲᠣᠭᠤᠷᠢᠭ ᠤᠨ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠪᠠᠶᠢᠷᠢᠰᠢᠭᠤᠯᠤᠯᠲᠠ᠂ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠲᠠᠯ᠎ᠠ ᠶᠢᠨ ᠪᠠᠶᠢᠳᠠᠯ ᠢ ᠲᠠᠨᠢᠯᠴᠠᠭᠤᠯᠪᠠ᠃ ᠲᠡᠷᠡ ᠬᠡᠯᠡᠭᠰᠡᠨ ᠨᠢ ᠂ ᠵᠢᠨᠢᠩ ᠲᠣᠭᠤᠷᠢᠭ ᠨᠢ ︽ᠨᠢᠭᠡ ᠪᠦᠰᠡ ᠨᠢᠭᠡ ᠵᠠᠮ︾᠎ ᠤᠨ ᠪᠦᠳᠦᠭᠡᠨ ᠪᠠᠶᠢᠭᠤᠯᠤᠯᠲᠠ ᠪᠣᠯᠤᠨ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠴᠢᠬᠤᠯᠠ ᠵᠠᠩᠭᠢᠯᠠᠭ᠎ᠠ ᠶᠢᠨ ᠬᠤᠳᠠ ᠪᠣᠯᠤᠭᠰᠠᠨ ᠤ ᠬᠤᠪᠢ ᠳᠤ᠂ ᠵᠠᠮ ᠬᠠᠷᠢᠯᠴᠠᠭᠠᠨ ᠤ ᠳᠠᠪᠠᠭᠤᠯᠢᠭ ᠢᠯᠡᠷᠬᠡᠢ᠂ ᠠᠵᠤ ᠦᠢᠯᠡᠰ ᠤᠨ ᠰᠠᠭᠤᠷᠢ ᠯᠠᠪᠳᠠᠭᠤᠨ᠂ ᠬᠥᠭᠵᠢᠯᠲᠡ ᠶᠢᠨ ᠬᠠᠨᠳᠤᠰᠢ ᠴᠢᠩᠭ᠎ᠠ ᠪᠠᠶᠢᠵᠤ᠂ ᠡᠯ᠎ᠡ ᠠᠵᠤ ᠠᠬᠤᠶᠢᠯᠠᠯ ᠢ ᠴᠢᠩ ᠰᠡᠳᠬᠢᠯ ᠠᠴᠠ ᠪᠠᠨ ᠤᠷᠢᠵᠤ ᠰᠢᠨᠵᠢᠯᠡᠨ ᠪᠠᠶᠢᠴᠠᠭᠠᠵᠤ᠂ ᠪᠡᠯᠡ ᠣᠷᠣᠭᠤᠯᠤᠨ ᠦᠢᠯᠡᠰ ᠪᠤᠰᠬᠠᠯᠭᠠᠪᠠ᠃ ᠣᠳᠣᠬᠠᠨ ᠳᠤ᠂ ᠪᠥᠬᠦ  ᠲᠤᠭᠤᠷᠢᠭ ᠤᠨ ᠳᠡᠭᠡᠳᠦ ᠳᠣᠤᠷᠠᠳᠤ ᠱᠠᠲᠤ ᠪᠠᠷ ᠢᠶᠠᠨ ︽ᠵᠡᠭᠦᠨ ᠪᠡᠶ᠎ᠡ ᠶᠢᠨ ᠲᠤᠭ᠎ᠠ ᠶᠢ ᠪᠠᠷᠠᠭᠤᠨᠰᠢ ᠪᠤᠳᠤᠬᠤ︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠪᠲᠤᠯᠤᠯᠲᠠ ᠶᠢᠨ ᠢᠨᠵᠧᠨᠧᠷᠢᠩ ᠢ ᠭᠦᠨᠵᠡᠭᠡᠶ ᠬᠡᠷᠡᠭᠵᠢᠭᠦᠯᠦᠨ᠂ ᠪᠤᠳᠤᠬᠤ ᠬᠦᠴᠦᠨ ᠤ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠦᠷᠭᠡᠳᠬᠡᠵᠦ᠂ ᠪᠤᠳᠤᠬᠤ ᠬᠦᠴᠦᠨ ᠤ ᠠᠵᠤ ᠠᠬᠤᠶ ᠶᠢ ᠶᠡᠭᠡ ᠪᠠᠷ ᠬᠥᠭᠵᠢᠭᠦᠯᠵᠦ ᠪᠠᠶᠢᠨ᠎ᠠ᠃ ᠵᠢᠨᠢᠩ ᠲᠣᠭᠤᠷᠢᠭ ᠤᠨ ᠠᠵᠤ ᠦᠢᠯᠡᠰ ᠤᠨ ᠰᠠᠭᠤᠷᠢ ᠪᠣᠯᠤᠨ ᠬᠥᠭᠵᠢᠯᠲᠡ ᠶᠢᠨ ᠴᠢᠭᠯᠡᠯ ᠨᠢ ᠡᠯ᠎ᠡ ᠠᠵᠤ ᠠᠬᠤᠶᠢᠯᠠᠯ ᠤᠨ ᠠᠵᠤ ᠦᠢᠯᠡᠰ ᠤᠨ ᠪᠠᠶᠢᠷᠢᠰᠢᠭᠤᠯᠤᠯᠲᠠ ᠪᠣᠯᠤᠨ ᠭᠤᠣᠯᠳᠠᠯᠭ᠎ᠠ ᠲᠠᠢ ᠬᠡᠰᠡᠭ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ᠂ ᠡᠯ᠎ᠡ ᠠᠵᠤ ᠠᠬᠤᠶᠢᠯᠠᠯ ᠤᠨ ᠬᠢᠨ ᠰᠢᠨ᠎ᠡ ᠭᠠᠷᠤᠭ᠎ᠠ ᠳᠤ ᠰᠠᠭᠤᠷᠢᠯᠠᠵᠤ᠂ ᠰᠢᠨ᠎ᠡ ᠬᠠᠮᠲᠤᠷᠠᠯᠴᠠᠭ᠎ᠠ ᠥᠷᠨᠢᠭᠦᠯᠵᠦ᠂ ᠲᠦᠷᠦᠯ ᠵᠦᠢᠯ ᠤᠨ ᠠᠰᠢᠭᠯᠠᠯᠲᠠ ᠳᠤ ᠣᠷᠣᠬᠤ ᠶᠢ ᠡᠷᠲᠡᠬᠡᠨ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃ ᠵᠢᠨᠢᠩ ᠲᠣᠭᠤᠷᠢᠭ ᠨᠢ ᠠᠵᠤ ᠠᠬᠤᠶᠢᠯᠠᠯ ᠳᠤ ᠪᠥᠬᠦ ᠲᠠᠯ᠎ᠠ ᠶᠢᠨ᠂ ᠴᠠᠭ ᠲᠤᠬᠠᠶ ᠳᠤᠨᠢ᠂ ᠪᠦᠷᠢᠨ ᠭᠦᠢᠴᠡᠳ ᠪᠠᠲᠤᠯᠠᠭ᠎ᠠ ᠶᠢᠨ ᠦᠶᠯᠡᠴᠢᠯᠡᠭᠡ ᠬᠠᠩᠭᠠᠵᠤ᠂ ᠡᠷᠦᠬᠡ ᠠᠮᠠ ᠣᠷᠣᠭᠤᠯᠤᠭᠰᠠᠨ ᠠᠵᠤ ᠠᠬᠤᠶᠢᠯᠠᠯ ᠤᠨ ᠪᠠᠯᠠ ᠣᠷᠣᠭᠤᠯᠤᠯᠲᠠ ᠳᠤ ᠰᠠᠨᠠᠭ᠎ᠠ ᠠᠮᠤᠷ᠂ ᠡᠵᠡᠩᠨᠡᠯᠲᠡ ᠳᠤ ᠰᠠᠨᠠᠭ᠎ᠠ ᠠᠮᠤᠷ᠂ ᠬᠥᠭᠵᠢᠯᠲᠡ ᠳᠤ ᠲᠠᠭᠠᠯᠠᠮᠵᠢᠲᠠᠶ ᠪᠠᠶᠢᠬᠤ ᠶᠢ ᠪᠠᠲᠤᠯᠠᠵᠤ᠂ ᠵᠠᠰᠠᠭ ᠠᠵᠤ ᠠᠬᠤᠶᠢᠯᠠᠯ ᠬᠤᠶᠠᠷ ᠲᠠᠯ᠎ᠠ ᠶᠢᠨ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠭᠥᠷᠳᠡᠬᠦ ᠶᠢ ᠴᠢᠷᠮᠠᠶᠢᠨ ᠪᠡᠶᠡᠯᠡᠭᠦᠯᠦᠨ᠎ᠡ᠃    ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠵᠢᠨᠢᠩ ᠲᠣᠭᠤᠷᠢᠭ ᠤᠨ ᠰᠦᠵᠸᠦ ᠶᠢᠨ ᠢ ᠸᠧᠢ ᠰᠧ ᠲᠧ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯᠤᠨ ᠱᠧᠨᠵᠧᠨ ᠤ  ᠴᠢᠩ ᠨᠢᠦ ᠮᠠᠰᠢᠨ ᠲᠡᠷᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠲᠤᠰ ᠲᠤᠰ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠠᠢ᠃    ᠵᠠᠩ ᡁᠢ ᠷᠦᠩ᠂ ᠱᠧᠨ ᠳ᠋ᠦᠩ ᠮᠧᠢ ᠰᠢᠨᠵᠢᠯᠡᠨ ᠪᠠᠶᠢᠴᠠᠭᠠᠬᠤ ᠳᠤ ᠣᠷᠣᠯᠴᠠᠪᠠ᠃              ᠨᠠᠶᠢᠷᠠᠭᠤᠯᠤᠭᠴᠢ᠄ ᠸᠠᠩ ᠵᠢᠩ ᠵᠢᠩ              ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2