ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠠᠶᠤᠯᠭᠦᠶ ᠦᠶᠯᠡᠳᠪᠦᠷᠢᠯᠡᠯ᠂ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/5/16
    5 ᠰᠠᠷ᠎ᠠ ᠶᠢᠨ 15᠎ ᠤ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ  ᠬᠤᠷᠠᠯ ᠵᠢᠴᠢ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠴᠡᠷᠢᠭ ᠠᠷᠠᠳ ᠤᠨ ᠬᠠᠮ ᠬᠥᠭᠵᠢᠭᠦᠯᠦᠯᠲᠡ ᠶᠢᠨ ᠵᠥᠪᠯᠡᠯ ᠤᠨ ᠬᠤᠷᠠᠯ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠬᠤᠷᠠᠯ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠤᠨ ᠤᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠪᠦᠬᠦ ᠬᠤᠳᠠ ᠶᠢᠨ ᠬᠤᠯᠪᠣᠭᠳᠠᠯ ᠪᠦᠬᠦᠢ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠶᠤᠯᠭᠦᠢ ᠦᠢᠯᠡᠳᠪᠦᠷᠢᠯᠡᠯ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃    ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠬᠤᠷᠠᠯ ᠢ ᠡᠷᠭᠢᠯᠡᠪᠡ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠤᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ 4 ᠰᠠᠷ᠎ᠠ ᠶᠢᠨ 30᠎ ᠤ ᠡᠳᠦᠷ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠮᠠᠨ ᠤ ᠲᠤᠭᠤᠷᠢᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠣᠳᠣᠬᠠᠨ ᠤ ᠮᠠᠨ ᠤ ᠲᠤᠭᠤᠷᠢᠭ ᠤᠨ ᠠᠵᠤ ᠠᠬᠤᠶ ᠳᠤ ᠲᠤᠯᠭᠠᠷᠠᠵᠤ ᠪᠠᠶᠢᠭ᠎ᠠ ᠬᠦᠨᠳᠦ ᠬᠡᠴᠡᠭᠦᠦ ᠪᠠᠶᠢᠳᠠᠯ ᠢ ᠭᠦᠢᠴᠡᠳ ᠲᠠᠨᠢᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ  ᠨᠢᠭᠡᠳᠬᠡᠵᠦ᠂ ᠣᠳᠣᠬᠠᠨ ᠤ ᠠᠵᠤ ᠠᠬᠤᠢ ᠶᠢᠨ ᠠᠵᠢᠯᠯᠠᠭᠠᠨ ᠤ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠠᠳᠬᠤᠬᠤ ᠬᠡᠷᠡᠭᠲᠡᠢ᠃ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠡᠦᠬᠡ ᠶᠢᠨ ᠠᠵᠠ ᠲᠣᠬᠢᠶᠠᠯ ᠢ ᠡᠵᠡᠮᠳᠡᠨ᠂ ᠭᠤᠤᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠦᠷᠭᠦᠯᠵᠢᠯᠡᠨ ᠰᠡᠷᠭᠡᠶᠢᠯᠡᠨ ᠠᠷᠢᠯᠭᠠᠵᠤ᠂ ᠮᠠᠨ ᠤ  ᠲᠤᠭᠤᠷᠢᠭ ᠤᠨ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠶ᠃ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠥᠷᠢ ᠥᠭᠴᠡᠭᠡ ᠶᠢ ᠠᠷᠢᠯᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠭᠤᠸᠠᠩᠳᠦ᠋ᠩ ᠮᠤᠵᠢ ᠶᠢᠨ ᠮᠧᠢ ᠵᠧᠦ ᠬᠤᠳᠠ ᠶᠢᠨ ᠮᠧᠢ ᠳ᠋ᠠ ᠲᠦᠷᠭᠡᠨ ᠤ ᠵᠠᠰᠠᠮᠠᠯ ᠵᠠᠮ ᠤᠨ ᠴᠠ ᠶᠠᠩ ᠵᠠᠮ ᠤᠨ ᠬᠡᠰᠡᠭ ᠤᠨ ᠭᠠᠮᠰᠢᠭ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠰᠠᠶᠢᠳ ᠯᠢ ᠴᠢᠶᠠᠩ ᠤᠨ ᠴᠣᠬᠤᠯᠠᠪᠤᠷᠢ ᠶᠢᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠪᠦᠬᠦ ᠲᠤᠭᠤᠷᠢᠭ ᠤᠨ ᠭᠤᠣᠯ  ᠵᠠᠮ᠂ ᠠᠮᠠᠷᠬᠠᠨ ᠤᠰᠤᠲᠤᠬᠤ ᠭᠠᠵᠠᠷ᠂ ᠬᠠᠭᠤᠴᠢᠨ ᠭᠡᠷ ᠪᠠᠶᠢᠰᠢᠩ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠠᠩᠬᠠᠷᠴᠤ᠂ ᠪᠠᠷᠢᠯᠭ᠎ᠠ ᠶᠢᠨ ᠠᠵᠢᠯ᠂ ᠬᠤᠳᠠ ᠪᠠᠯᠭᠠᠰᠤᠨ ᠤ ᠰᠢᠲᠠᠮᠠᠬᠠᠢ ᠬᠡᠢ᠂ ᠵᠠᠮ ᠬᠠᠷᠢᠯᠴᠠᠭ᠎ᠠ ᠵᠡᠷᠭᠡ ᠠᠵᠢᠯ ᠲᠦᠷᠦᠯ ᠤᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠨᠢᠮᠪᠠᠢ ᠰᠠᠶᠢᠲᠤᠷ ᠬᠢᠬᠦ ᠬᠡᠷᠡᠭᠲᠡᠢ᠃ ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠴᠢᠨᠠᠷ ᠰᠠᠶᠢᠲᠠᠶ ᠲᠡᠩᠴᠡᠭᠦᠷᠢᠲᠡᠶ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠶᠯᠡᠴᠢᠯᠡᠭᠡᠨ ᠤ ᠰᠢᠰᠲ᠋ᠧᠮ ᠢ ᠪᠠᠶᠢᠭᠤᠯᠬᠤ ᠲᠤᠬᠠᠶ ᠰᠠᠨᠠᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠵᠢᠨᠢᠩ ᠲᠣᠭᠤᠷᠢᠭ ᠤᠨ 2024 ᠣᠨ ᠤ ᠰᠤᠷᠭᠠᠨ ᠬᠥᠮᠦᠵᠢᠯ ᠤᠨ ᠠᠵᠢᠯ ᠤᠨ ᠬᠡᠷᠡᠭᠵᠢᠭᠦᠯᠬᠦ ᠲᠥᠰᠦᠯ︾᠎ ᠢ ᠬᠢᠨᠠᠨ ᠵᠥᠪᠯᠡᠵᠦ᠂ ︽ᠰᠤᠷᠭᠠᠨ ᠬᠥᠮᠦᠵᠢᠯ ᠢᠶᠠᠷ ᠬᠥᠮᠦᠨ ᠢ ᠬᠥᠮᠦᠵᠢᠭᠦᠯᠬᠦ᠂ ᠰᠤᠷᠭᠠᠨ ᠬᠥᠮᠦᠵᠢᠯ ᠢᠶᠠᠷ ᠬᠥᠮᠦᠨ ᠢ ᠲᠠᠲᠠᠬᠤ︾᠎ ᠶᠢ ᠭᠤᠶᠢᠪᠢᠰᠢ ᠥᠬᠡᠶ ᠪᠠᠷᠢᠮᠲᠠᠯᠠᠵᠤ᠂ ᠰᠤᠷᠭᠠᠨ ᠬᠥᠮᠦᠵᠢᠯ ᠤᠨ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠮᠠᠨ ᠤ ᠲᠤᠭᠤᠷᠢᠭ ᠤᠨ ᠰᠤᠷᠭᠠᠨ ᠬᠥᠮᠦᠵᠢᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠬᠤᠷᠠᠯ ᠠᠴᠠ ᠮᠠᠨ ᠤ ᠲᠤᠭᠤᠷᠢᠭ ᠤᠨ ᠮᠡᠳᠡᠯᠭᠡ ᠶᠢᠨ ᠦᠮᠴᠢᠯᠡᠯ ᠤᠨ ᠡᠷᠭᠡ ᠶᠢ ᠬᠠᠮᠠᠭᠠᠯᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠬᠦᠯᠦᠯᠳᠠ ᠶᠢ ᠰᠤᠨᠤᠰᠴᠤ᠂ ᠮᠡᠳᠡᠯᠭᠡ ᠶᠢᠨ ᠦᠮᠴᠢᠯᠡᠯ ᠤᠨ ᠡᠷᠭᠡ ᠶᠢᠨ ᠪᠦᠬᠦ ᠬᠡᠯᠬᠢᠶᠡᠨ ᠤ ᠬᠠᠮᠠᠭᠠᠯᠠᠯᠳᠠ᠂ ᠦᠢᠯᠡᠴᠢᠯᠡᠭᠡᠨ ᠤ ᠲᠤᠬᠳᠠᠴᠠ ᠶᠢ ᠲᠡᠬᠦᠯᠳᠡᠷᠵᠢᠬᠦᠯᠵᠤ᠂ ᠡᠬᠢ ᠡᠬᠦᠰᠦᠯ ᠠᠴᠠ ᠨᠢ ᠬᠠᠮᠠᠭᠠᠯᠠᠬᠤ ᠶᠢ ᠴᠢᠩᠭᠠᠳᠬᠠᠵᠤ᠂ ᠮᠠᠨ ᠤ ᠲᠤᠭᠤᠷᠢᠭ ᠤᠨ ᠮᠡᠳᠡᠯᠭᠡ ᠶᠢᠨ ᠦᠮᠴᠢᠯᠡᠯ ᠤᠨ ᠡᠷᠭᠡ ᠶᠢᠨ ᠬᠡᠷᠡᠭᠯᠡᠯᠳᠠ᠂ ᠬᠠᠮᠠᠭᠠᠯᠠᠯᠳᠠ᠂ ᠬᠠᠮᠢᠶᠠᠷᠤᠯᠳᠠ ᠪᠠ ᠦᠢᠯᠡᠴᠢᠯᠡᠭᠡᠨ ᠤ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠬᠦ ᠭᠡᠷᠡᠭᠳᠠᠢ ᠭᠡᠵᠤ ᠴᠢᠬᠤᠯᠠᠴᠢᠯᠠᠪᠠ᠃ ᠮᠡᠳᠡᠯᠭᠡ ᠶᠢᠨ ᠥᠮᠴᠢᠯᠡᠯ ᠤᠨ ᠡᠷᠬᠡ ᠪᠣᠯᠤᠨ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠪᠤᠶᠢᠵᠢᠭᠤᠯᠤᠭᠰᠠᠨ ᠰᠠᠶᠢᠨ ᠦᠢᠯᠡᠳᠦᠯᠴᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ ᠡᠯᠧᠮᠧᠨ᠋ᠲ ᠶᠢ ᠦᠷᠭᠦᠯᠵᠢᠯᠡᠨ  ᠪᠤᠢ ᠪᠤᠯᠭᠠᠵᠤ᠂ ᠪᠦᠬᠦ ᠨᠡᠶᠢᠭᠡᠮ ᠤᠨ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠶ᠃    ᠬᠤᠷᠠᠯ ᠠᠴᠠ ᠮᠠᠨ ᠤ ᠲᠤᠭᠤᠷᠢᠭ ᠤᠨ ᠬᠤᠶᠠᠷ ᠢ ᠬᠦᠷᠢᠶᠡᠯᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠡᠷᠢᠭ ᠠᠴᠠ ᠬᠠᠯᠠᠭᠳᠠᠭᠰᠠᠳ ᠤᠨ ᠡᠳᠦᠷ ᠲᠤᠲᠤᠮ ᠤᠨ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ᠂ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠢᠷᠠᠭᠤ ᠠᠯᠳᠠᠷᠲᠤ ᠤᠯᠠᠮᠵᠢᠯᠠᠯ ᠢ ᠪᠠᠳᠠᠷᠠᠭᠤᠯᠤᠨ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠴᠡᠷᠢᠭ ᠤᠨ ᠬᠡᠷ ᠪᠦᠯᠢ ᠶᠢ ᠬᠠᠯᠠᠮᠵᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃ ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠳᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠠᠬᠢᠭᠤᠯᠵᠤ᠂ ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠳᠠ ᠶᠢ ᠡᠭᠦᠳᠦᠨ ᠪᠠᠶᠢᠭᠤᠯᠬᠤ ᠠᠵᠢᠯ ᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠬᠤᠷᠠᠯ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠎ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠬᠤ ᠲᠦᠷᠢᠮ︾᠎ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠪᠠᠶᠢᠭᠤᠯᠤᠯᠲᠠ ᠶᠢᠨ ᠠᠭᠤᠤ ᠶᠡᠭᠡ ᠰᠢᠨ᠎ᠡ ᠢᠨᠵᠧᠨᠧᠷᠢᠩ ᠤᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠠᠬᠢᠭᠤᠯᠬᠤ ᠦᠨᠳᠦᠷᠴᠡ ᠠᠴᠠ ᠰᠤᠷᠤᠯᠴᠠᠨ ᠲᠤᠭᠤᠰᠢᠯᠠᠭᠤᠯᠬᠤ ᠶᠢ ᠰᠠᠶᠢᠲᠤᠷ ᠠᠳᠬᠤᠵᠤ᠂ ᠰᠤᠷᠤᠯᠴᠠᠯᠭ᠎ᠠ ᠶᠢᠨ ᠵᠢᠷᠤᠮᠵᠢᠯ ᠢᠶᠠᠨ ᠴᠢᠩᠭᠠᠳᠬᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠪᠦᠲᠦᠮᠵᠢᠲᠡᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠨᠠᠮ ᠤᠨ ᠦᠨᠳᠦᠰᠦᠨ ᠤᠨᠤᠯ ᠢᠶᠠᠷ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ︽ᠦᠨᠡᠨᠬᠦ ᠰᠤᠷᠤᠯᠴᠠᠵᠤ ᠦᠨᠡᠨᠬᠦ ᠣᠶᠢᠯᠠᠭᠠᠵᠤ ᠦᠨᠡᠨᠬᠦ ᠢᠲᠡᠭᠡᠵᠦ ᠦᠨᠡᠨᠬᠦ ᠬᠡᠷᠡᠭᠯᠡᠬᠦ︾᠎ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃   ᠬᠤᠷᠠᠯ ᠠᠴᠠ᠂ ᠮᠠᠨ ᠤ ᠲᠤᠭᠤᠷᠢᠭ ᠤᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠢᠨᠢᠩ ᠲᠣᠭᠤᠷᠢᠭ ᠤᠨ ᠬᠤᠷᠢᠶᠠᠨ ᠤ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠵᠥᠪᠯᠡᠯ ᠤᠨ 2024 ᠠᠵᠢᠯ ᠤᠨ ᠭᠤᠣᠯᠳᠠᠯᠭ᠎ᠠ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ  ᠬᠢᠨᠠᠮᠠᠭᠠᠢ ᠰᠤᠷᠤᠯᠴᠠᠵᠤ᠂ ᠴᠡᠷᠢᠭ ᠠᠷᠠᠳ ᠤᠨ ᠬᠡᠷᠡᠭᠯᠡᠭᠡ ᠶᠢ ᠭᠦᠨᠵᠡᠭᠡᠢ ᠠᠭᠤᠰᠤᠯᠴᠠᠭᠤᠯᠤᠨ ᠬᠥᠭᠵᠢᠭᠦᠯᠬᠦ ᠣᠷᠣᠨ ᠵᠠᠢ ᠶᠢ ᠥᠷᠭᠡᠳᠬᠡᠵᠦ᠂ ᠴᠡᠷᠢᠭ ᠠᠷᠠᠳ ᠤᠨ ᠤᠯᠠᠨ ᠬᠦᠷᠢᠶᠡᠨ ᠤ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠨᠢᠭᠡᠴᠢ ᠶᠢᠨ ᠬᠢᠨ ᠤᠯᠤᠯᠴᠠᠭ᠎ᠠ ᠪᠠᠨ ᠴᠢᠩᠭᠠᠳᠬᠠᠵᠤ᠂ ᠨᠢᠭᠲᠠ ᠬᠠᠮᠵᠢᠯᠴᠠᠵᠤ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                ᠨᠠᠶᠢᠷᠠᠭᠤᠯᠤᠭᠴᠢ᠄ ᠸᠠᠩ ᠵᠢᠩ ᠵᠢᠩ                ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2