ᠰᠢ ᠶᠢᠨ ᠫᠢᠩ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠳᠤ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ ᠰᠢᠨ᠎ᠡ ᠴᠠᠭ ᠦᠶ᠎ᠡ ᠶᠢᠨ ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ ᠬᠥᠮᠦᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ ᠨᠠᠮ ᠢ ᠰᠠᠨᠠᠭ᠎ᠠ ᠠᠮᠤᠷ ᠪᠠᠶᠢᠯᠭᠠᠬᠤ ᠤᠯᠤᠰ ᠢᠶᠠᠨ ᠬᠠᠶᠢᠷᠠᠯᠠᠵᠤ ᠬᠤᠪᠢ ᠨᠡᠮᠡᠷᠢ ᠦᠵᠡᠭᠦᠯᠭᠦ ᠦᠨᠳᠦᠰᠦᠲᠡᠨ ᠢᠶᠠᠨ ᠰᠡᠷᠭᠦᠭᠡᠨ ᠮᠠᠨᠳᠤᠭᠤᠯᠬᠤ ᠬᠦᠨᠳᠦ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠥᠨ ᠢ ᠨᠠᠩ ᠣᠯᠠᠨ ᠴᠢᠷᠮᠠᠶᠢᠨ ᠬᠥᠮᠥᠵᠢᠭᠦᠯᠬᠦ ᠬᠡᠷᠡᠭᠲᠡᠢ ᠳ᠋ᠢᠩ ᠰᠢᠤᠸᠠᠢ ᠰᠢᠶᠠᠩ ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠶᠢ ᠠᠬᠢᠭᠤᠯᠬᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2024/5/16
    ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 11᠎ ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠳᠤ ᠴᠢᠬᠤᠯᠠ ᠵᠢᠭᠠᠪᠤᠷᠢ ᠥᠭᠴᠦ᠂ ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢ ᠰᠤᠷᠭᠠᠨ ᠬᠥᠮᠦᠵᠢᠯ ᠤᠨ ᠠᠵᠢᠯ ᠤᠨ ᠴᠢᠬᠤᠯᠠ ᠪᠠᠶᠢᠷᠢᠨ ᠳᠤ ᠲᠠᠯᠪᠢᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠳᠠᠬᠢ ᠤᠳᠤᠷᠢᠳᠤᠯᠭ᠎ᠠ ᠪᠦᠭᠦ ᠲᠠᠯ᠎ᠠ ᠪᠠᠷ ᠴᠢᠩᠭᠠᠷᠠᠵᠤ᠂ ᠡᠯ᠎ᠡ ᠱᠠᠲᠤ ᠡᠯ᠎ᠡ ᠲᠥᠷᠥᠯ ᠤᠨ ᠰᠤᠷᠭᠠᠭᠤᠯᠢ ᠶᠢᠨ ᠨᠡᠶᠢᠭᠡᠮ ᠵᠢᠷᠤᠮ ᠤᠨ ᠰᠤᠷᠭᠠᠭᠤᠯᠢ ᠡᠷᠭᠢᠯᠡᠭᠦ ᠴᠢᠭᠯᠡᠯ ᠨᠠᠩ ᠢᠯᠡ ᠲᠣᠳᠣ ᠪᠣᠯᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠵᠢᠭᠠᠨ ᠰᠤᠷᠭᠠᠬᠤ ᠳᠤ ᠪᠠᠭ᠋ᠠᠲᠠᠢ᠂ ᠵᠢᠭᠠᠨ ᠰᠤᠷᠭᠠᠬᠤ ᠳᠤ ᠴᠢᠳᠠᠮᠠᠭᠠᠢ᠂ ᠨᠢᠭᠡᠨ ᠰᠡᠳᠬᠢᠯ ᠢᠶᠠᠷ ᠬᠥᠮᠥᠨ ᠬᠥᠮᠥᠵᠢᠭᠦᠯᠬᠦ ᠢᠲᠡᠭᠡᠯ ᠵᠣᠷᠢᠭ ᠨᠠᠩ ᠲᠡᠭᠦᠯᠳᠡᠷ ᠪᠣᠯᠵᠤ᠂ ᠥᠷᠭᠡᠨ ᠣᠯᠠᠨ ᠵᠠᠯᠠᠭᠤ ᠪᠠᠭ᠎ᠠ ᠰᠤᠷᠤᠬᠴᠢᠳ ᠤᠨ ︽ ᠳᠥᠷᠪᠡᠨ ᠢᠲᠡᠭᠡᠯ ︾ ᠢᠯᠡᠳᠲᠡ ᠴᠢᠩᠭᠠᠷᠠᠵᠤ᠂ ᠣᠶᠤᠨ ᠰᠠᠨᠠᠭᠠᠨ ᠤ ᠳᠦᠷᠰᠦ ᠪᠠᠶᠢᠳᠠᠯ ᠴᠤᠭ ᠪᠠᠳᠠᠷᠠᠩᠭᠤᠢ ᠪᠣᠯᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠬᠥᠭᠵᠢᠯᠲᠡ ᠶᠢᠨ ᠣᠷᠴᠢᠨ ᠲᠣᠭᠤᠷᠢᠨ ᠪᠠ ᠪᠦᠬᠦᠯᠢ ᠴᠣᠭᠴᠠ ᠶᠢᠨ ᠠᠮᠢ ᠠᠬᠤᠢ ᠪᠦᠭᠦ ᠲᠠᠯ᠎ᠠ ᠶᠢᠨ ᠴᠢᠨᠠᠷᠲᠠᠢ᠂ ᠦᠨᠳᠦᠰᠦᠨ ᠴᠢᠨᠠᠷᠲᠠᠢ ᠬᠤᠪᠢᠷᠠᠯᠲᠠ ᠭᠠᠷᠴᠠᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠳᠤ ᠰᠢᠨ᠎ᠡ ᠪᠠᠶᠢᠳᠠᠯ ᠰᠢᠨ᠎ᠡ ᠡᠭᠦᠷᠭᠡ ᠲᠤᠯᠭᠠᠷᠠᠵᠤ ᠪᠠᠶᠢᠨ᠎ᠠ᠂ ᠡᠷᠬᠡᠪᠰᠢ ᠰᠢᠨ᠎ᠡ ᠳᠦᠷᠰᠦ ᠪᠠᠶᠢᠳᠠᠯ ᠲᠠᠢ ᠪᠠᠶᠢᠵᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠪᠣᠯᠣᠨ ᠨᠠᠮ ᠤᠨ ᠰᠢᠨ᠎ᠡ ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠵᠡᠷᠭᠡ ᠪᠠᠷ ᠠᠬᠢᠭᠤᠯᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠭᠤᠣᠯ ᠠᠭᠤᠯᠭ᠎ᠠ ᠪᠤᠯᠭᠠᠬᠰᠠᠨ ᠬᠢᠴᠢᠶᠡᠯ ᠤᠨ ᠵᠢᠭᠠᠬᠤ ᠮᠠᠲ᠋ᠧᠷᠢᠶᠠᠯ ᠤᠨ ᠰᠢᠰᠲ᠋ᠧᠮ ᠢ ᠪᠠᠶᠢᠭᠤᠯᠵᠤ᠂ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠬᠡᠷᠡᠭᠲᠡᠢ᠃ ᠮᠠᠷᠺᠰ ᠤᠨ ᠦᠵᠡᠯ ᠤᠨ ᠵᠢᠯᠤᠭᠤᠳᠬᠤ ᠪᠠᠶᠢᠷᠢ ᠰᠠᠭᠤᠷᠢ ᠶᠢ ᠢᠮᠠᠭᠲᠠ ᠪᠠᠷᠢᠮᠲᠠᠯᠠᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠯᠣᠭᠰᠠᠨ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠮᠵᠢᠯᠲᠠ ᠪᠦᠲᠦᠮᠵᠢ ᠪᠠᠷ ᠠᠭᠤᠯᠭ᠎ᠠ ᠶᠢᠨ ᠲᠦᠰᠢᠭ ᠲᠤᠯᠭᠠᠭᠤᠷᠢ ᠪᠤᠯᠭᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯᠲᠤ ᠰᠣᠶᠣᠯ ᠪᠠ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢᠶᠠᠷ ᠬᠦᠴᠦᠨ ᠴᠢᠳᠠᠯ ᠤᠨ ᠰᠠᠭᠤᠷᠢ ᠪᠤᠯᠭᠠᠵᠤ᠂ ᠶᠣᠰᠣ ᠤᠴᠢᠷ ᠢ ᠭᠦᠨᠵᠡᠭᠡᠢ ᠪᠥᠭᠡᠳ ᠨᠡᠪᠲᠡᠷᠬᠡᠢ ᠶᠠᠷᠢᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠶᠢᠨ ᠠᠭᠤᠯᠤᠭᠳᠠᠬᠤᠨ ᠮᠠᠶ᠋ᠢᠭ ᠤᠨ ᠬᠥᠭᠵᠢᠯᠲᠡ ᠶᠢ ᠠᠬᠢᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠬᠠᠨᠳᠤᠯᠭᠠᠲᠤ ᠴᠢᠨᠠᠷ ᠪᠠ ᠲᠠᠲᠠᠬᠤ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠬᠠᠶᠢᠷ᠎ᠠ ᠰᠡᠳᠬᠢᠯᠭᠡ ᠭᠦᠨ ᠵᠤᠵᠠᠭᠠᠨ᠂ ᠰᠡᠳᠬᠢᠬᠦᠢ ᠰᠢᠨ᠎ᠡ᠂ ᠬᠠᠷᠠᠭᠠᠰᠤ ᠥᠷᠭᠡᠨ᠂ ᠪᠡᠶ᠎ᠡ ᠪᠠᠨ ᠴᠢᠩᠭ᠎ᠠ ᠱᠠᠭᠠᠷᠳᠠᠬᠤ᠂ ᠬᠥᠮᠥᠨ ᠴᠢᠨᠠᠷ ᠲᠥᠪ ᠴᠢᠬᠡᠴᠢ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠭᠰᠢ ᠶᠢᠨ ᠡᠩᠨᠡᠭᠡ ᠶᠢ ᠬᠦᠴᠦᠯᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ︵ ᠨᠠᠮ ᠤᠨ ᠤᠳᠤᠷᠢᠳᠬᠤ ᠳᠤᠭᠤᠶᠢᠯᠠᠩ ︶ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢ ᠴᠢᠬᠤᠯᠠ ᠵᠥᠪᠯᠡᠬᠦ ᠵᠦᠢᠯ ᠳᠤ ᠣᠷᠣᠭᠤᠯᠵᠤ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠤᠬᠠᠮᠰᠠᠷ ᠠᠴᠠ ᠪᠠᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠰᠢᠨ᠎ᠡ ᠴᠠᠭ ᠦᠶ᠎ᠡ ᠶᠢᠨ ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ ᠬᠥᠮᠦᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ᠂ ᠨᠠᠮ ᠢ ᠰᠠᠨᠠᠭ᠎ᠠ ᠠᠮᠤᠷ ᠪᠠᠶᠢᠯᠭᠠᠬᠤ᠂ ᠤᠯᠤᠰ ᠢᠶᠠᠨ ᠬᠠᠶᠢᠷᠠᠯᠠᠵᠤ ᠬᠤᠪᠢ ᠨᠡᠮᠡᠷᠢ ᠦᠵᠡᠭᠦᠯᠭᠦ᠂ ᠦᠨᠳᠦᠰᠦᠲᠡᠨ ᠢᠶᠠᠨ ᠰᠡᠷᠭᠦᠭᠡᠨ ᠮᠠᠨᠳᠤᠭᠤᠯᠬᠤ ᠬᠦᠨᠳᠦ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠥᠨ ᠢ ᠨᠠᠩ ᠣᠯᠠᠨ ᠴᠢᠷᠮᠠᠶᠢᠨ ᠬᠥᠮᠥᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢ ᠠᠬᠢᠭᠤᠯᠬᠤ ᠬᠤᠷᠠᠯ 5 ᠰᠠᠷ᠎ᠠ ᠶᠢᠨ 11᠎ ᠤ ᠡᠳᠦᠷ ᠪᠡᠭᠡᠵᠢᠩ ᠳᠤ ᠬᠤᠷᠠᠯᠳᠤᠪᠠ᠃ ᠬᠤᠷᠠᠯ ᠳᠡᠭᠡᠷ᠎ᠡ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠳ᠋ᠢᠩ ᠰᠢᠤᠸᠠᠢ ᠰᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠤᠷᠭᠠᠨ ᠬᠥᠮᠦᠵᠢᠯ ᠤᠨ ᠤᠯᠤᠰ ᠲᠦᠷᠦ ᠶᠢᠨ ᠰᠢᠨᠵᠢ ᠴᠢᠨᠠᠷ᠂ ᠪᠠᠶᠢᠯᠳᠤᠬᠤ ᠪᠣᠳᠣᠯᠭ᠎ᠠ ᠶᠢᠨ ᠰᠢᠨᠵᠢ ᠴᠢᠨᠠᠷ᠂ ᠠᠷᠠᠳ ᠤᠨ ᠠᠮᠢᠳᠤᠷᠠᠯ ᠤᠨ ᠰᠢᠨᠵᠢ ᠴᠢᠨᠠᠷ ᠢ ᠪᠠᠲᠤ ᠡᠵᠡᠮᠳᠡᠵᠦ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠶᠢ ᠨᠠᠮ ᠠᠴᠠ ᠰᠤᠷᠭᠠᠨ ᠬᠥᠮᠦᠵᠢᠯ ᠤᠨ ᠠᠵᠢᠯ ᠢ ᠤᠳᠤᠷᠢᠳᠬᠤ ᠶᠢᠨ ᠴᠢᠬᠤᠯᠠ ᠠᠴᠠ ᠴᠢᠬᠤᠯᠠ ᠵᠦᠢᠯ ᠪᠤᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠰᠢᠨ᠎ᠡ ᠡᠭᠦᠳᠦᠭᠰᠡᠨ ᠤᠨᠤᠯ ᠢᠶᠠᠷ ᠵᠢᠯᠣᠭᠤᠳᠤᠯᠭ᠎ᠠ ᠪᠤᠯᠭᠠᠵᠤ᠂ ᠰᠢᠨ᠎ᠡ ᠴᠠᠭ ᠦᠶ᠎ᠡ ᠶᠢᠨ ᠠᠭᠤᠤ ᠶᠡᠭᠡ ᠦᠢᠯᠡᠳᠦᠯᠭᠡ ᠳᠤ ᠰᠠᠭᠤᠷᠢᠯᠠᠵᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠲᠠᠰᠤᠷᠠᠯᠳᠠ ᠦᠭᠡᠢ ᠠᠬᠢᠭᠤᠯᠵᠤ᠂ ᠨᠠᠮ ᠤᠨ ᠦᠢᠯᠡᠰ ᠪᠣᠯᠣᠨ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠵᠠᠯᠭᠠᠮᠵᠢᠯᠠᠭᠴᠢ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃    ᠳ᠋ᠢᠩ ᠰᠢᠤᠸᠠᠢ ᠰᠢᠶᠠᠩ᠂ ᠰᠢᠨ᠎ᠡ ᠴᠠᠭ ᠦᠶ᠎ᠡ ᠰᠢᠨ᠎ᠡ ᠠᠶᠠᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠲᠠᠢ ᠨᠢᠭᠲᠠ ᠤᠶᠠᠯᠳᠤᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠪᠣᠯᠣᠨ ᠨᠠᠮ ᠤᠨ ᠰᠢᠨ᠎ᠡ ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠵᠡᠷᠭᠡ ᠪᠠᠷ ᠠᠬᠢᠭᠤᠯᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠭᠤᠣᠯ ᠠᠭᠤᠯᠭ᠎ᠠ ᠪᠤᠯᠭᠠᠬᠰᠠᠨ ᠬᠢᠴᠢᠶᠡᠯ ᠤᠨ ᠵᠢᠭᠠᠬᠤ ᠮᠠᠲ᠋ᠧᠷᠢᠶᠠᠯ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠨᠠᠮ ᠤᠨ ᠰᠢᠨ᠎ᠡ ᠡᠭᠦᠳᠦᠭᠰᠡᠨ ᠣᠨᠣᠯ ᠤᠨ ᠬᠠᠮᠤᠭ ᠤᠨ ᠰᠢᠨ᠎ᠡ ᠦᠷ᠎ᠡ ᠪᠦᠲᠦᠭᠡᠯ ᠢ ᠲᠠᠷᠢᠬᠢᠨ ᠳᠤ ᠬᠠᠳᠠᠩᠰᠢᠭᠤᠯᠤᠨ ᠰᠡᠳᠬᠢᠯ ᠳᠤ ᠰᠠᠭᠤᠭᠳᠠᠭᠤᠯᠬᠤ ᠶᠢ ᠠᠬᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠠᠭᠤᠤ ᠶᠡᠭᠡ ᠠᠮᠵᠢᠯᠲᠠ ᠪᠦᠲᠦᠮᠵᠢ ᠶᠢᠨ ᠬᠥᠮᠥᠵᠢᠭᠦᠯᠦᠨ ᠤᠷᠮᠠᠰᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠵᠢᠭᠠᠨ ᠰᠤᠷᠭᠠᠯᠲᠠ ᠶᠢᠨ ᠠᠭᠤᠯᠭ᠎ᠠ ᠶᠢ ᠪᠠᠶᠠᠯᠢᠭᠵᠢᠭᠤᠯᠤᠨ᠂ ᠰᠢᠨ᠎ᠡ ᠴᠠᠭ ᠦᠶ᠎ᠡ ᠶᠢᠨ ᠥᠯᠢᠭᠡᠷ ᠢ ᠰᠠᠶᠢᠲᠤᠷ ᠶᠠᠷᠢᠵᠤ᠂ ᠰᠤᠷᠤᠬᠴᠢᠳ ᠢ ᠬᠥᠲᠥᠯᠥᠨ ᠵᠢᠯᠤᠭᠤᠳᠴᠤ ᠨᠠᠮ ᠤᠨ ᠰᠢᠨ᠎ᠡ ᠡᠭᠦᠳᠦᠭᠰᠡᠨ ᠣᠨᠣᠯ ᠤᠨ ᠦᠢᠯᠡᠳᠦᠯᠭᠡ ᠶᠢᠨ ᠠᠤᠭ᠎ᠠ ᠬᠦᠴᠦᠨ ᠢ ᠮᠡᠳᠡᠷᠡᠭᠦᠯᠬᠦ ᠬᠡᠷᠡᠭᠲᠡᠢ᠃ ︽ ᠦᠵᠡᠯ ᠰᠠᠨᠠᠭ᠎ᠠ ᠤᠯᠤᠰ ᠲᠥᠷᠥ ᠶᠢᠨ ᠬᠠᠮ ᠬᠢᠴᠢᠶᠡᠯ ︾᠎ ᠢᠶᠠᠷ ᠪᠦᠭᠦ ᠲᠠᠯ᠎ᠠ ᠪᠠᠷ ᠬᠥᠮᠥᠨ ᠬᠥᠮᠥᠵᠢᠭᠦᠯᠬᠦ ᠰᠢᠨ᠎ᠡ ᠪᠠᠶᠢᠷᠢᠰᠢᠯ ᠢ ᠥᠷᠭᠡᠳᠬᠡᠵᠦ᠂ ᠦᠵᠡᠯ ᠰᠠᠨᠠᠭ᠎ᠠ ᠤᠯᠤᠰ ᠲᠥᠷᠥ ᠶᠢᠨ ᠵᠢᠵᠢᠭ ᠬᠢᠴᠢᠶᠡᠯ ᠤᠨ ᠲᠠᠩᠬᠢᠮ ᠪᠠ ᠨᠡᠶᠢᠭᠡᠮ ᠤᠨ ᠶᠡᠭᠡ ᠬᠢᠴᠢᠶᠡᠯ ᠤᠨ ᠲᠠᠩᠬᠢᠮ ᠢ ᠤᠶᠠᠯᠳᠤᠭᠤᠯᠵᠤ᠂ ᠰᠤᠷᠤᠬᠴᠢᠳ ᠲᠤ ᠤᠯᠤᠰ ᠤᠨ ᠪᠠᠶᠢᠳᠠᠯ ᠠᠷᠠᠳ ᠤᠨ ᠪᠠᠶᠢᠳᠠᠯ ᠢ ᠨᠠᠩ ᠰᠠᠶᠢᠲᠤᠷ ᠣᠶᠢᠯᠠᠭᠠᠭᠤᠯᠬᠤ ᠶᠢ ᠠᠬᠢᠭᠤᠯᠵᠤ᠂ ᠬᠦᠰᠡᠯᠡᠩ ᠢᠲᠡᠭᠡᠯ ᠪᠢᠰᠢᠷᠡᠯ ᠢ ᠨᠢ ᠪᠠᠲᠤᠳᠬᠠᠬᠤ ᠬᠡᠷᠡᠭᠲᠡᠢ᠃ ᠰᠤᠷᠭᠠᠨ ᠬᠥᠮᠦᠵᠢᠯ ᠤᠨ ᠵᠢᠮ᠎ᠡ ᠶᠣᠰᠣ ᠶᠢ ᠵᠢᠷᠤᠮᠯᠠᠵᠤ᠂ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠬᠢᠴᠢᠶᠡᠯ ᠤᠨ ᠬᠠᠷᠠᠯᠲᠠ ᠶᠢ ᠠᠯᠬᠤᠮ ᠳᠠᠷᠠᠭ᠎ᠠ ᠲᠠᠢ ᠪᠠᠷ᠂ ᠱᠠᠲᠤ ᠱᠠᠲᠤ ᠪᠠᠷ ᠳᠡᠭᠡᠭᠰᠢᠯᠡᠭᠦᠯᠦᠨ ᠲᠥᠯᠥᠪᠯᠡᠵᠦ᠂ ᠰᠤᠷᠤᠬᠴᠢᠳ ᠤᠨ ᠦᠵᠡᠯ ᠰᠠᠨᠠᠭ᠎ᠠ᠂ ᠰᠤᠷᠤᠯᠴᠠᠯᠭ᠎ᠠ ᠪᠠ ᠠᠮᠢᠳᠤᠷᠠᠯ ᠤᠨ ᠪᠣᠳᠠᠲᠤ ᠪᠠᠶᠢᠳᠠᠯ ᠳᠤ ᠣᠶᠢᠷᠠᠲᠤᠭᠤᠯᠵᠤ᠂ ᠰᠤᠷᠤᠬᠴᠢᠳ ᠢ ᠰᠣᠨᠣᠰᠬᠤ ᠳᠤᠷᠠᠲᠠᠢ ᠰᠤᠷᠤᠯᠴᠠᠬᠤ ᠳᠤᠷᠠᠲᠠᠢ ᠪᠤᠯᠭᠠᠵᠤ᠂ ᠣᠶᠢᠯᠠᠭᠠᠭᠤᠯᠤᠨ ᠡᠵᠡᠮᠰᠢᠭᠦᠯᠬᠦ ᠬᠡᠷᠡᠭᠲᠡᠢ᠃ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠢᠭᠠᠨ ᠰᠤᠷᠭᠠᠯᠲᠠ ᠶᠢ ᠲᠡᠷᠢᠭᠦᠨ ᠳᠤ ᠲᠠᠯᠪᠢᠬᠤ ᠶᠢ ᠳᠣᠪᠤᠶᠢᠯᠭᠠᠬᠰᠠᠨ ᠦᠨᠡᠯᠡᠯᠲᠡ ᠶᠢᠨ ᠰᠢᠰᠲ᠋ᠧᠮ ᠢ ᠪᠦᠷᠢᠨᠰᠢᠭᠦᠯᠵᠦ᠂ ᠪᠠᠭᠰᠢ ᠶᠢᠨ ᠪᠠᠶᠢᠷᠢ ᠰᠠᠭᠤᠷᠢ ᠪᠠ ᠬᠥᠯᠥᠰᠦ ᠣᠯᠭᠤᠮᠵᠢ ᠶᠢ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠶᠢᠨ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠲᠥᠪ ᠤᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠬᠤᠷᠢᠶ᠎ᠠ ᠶᠢᠨ ᠠᠯᠪᠠᠨ ᠭᠡᠷ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ᠂ ᠪᠡᠭᠡᠵᠢᠩ ᠬᠤᠲᠠ᠂ ᠹᠦᠵᠢᠶᠠᠨ ᠮᠤᠵᠢ᠂ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ᠂ ᠹᠦᠳᠠᠨ ᠶᠡᠭᠡ ᠰᠤᠷᠭᠠᠭᠤᠯᠢ᠂ ᠵᠡᠭᠦᠨ ᠬᠤᠶᠢᠲᠤ ᠶᠢᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ᠂ ᠴᠠᠩᠱᠠ ᠬᠤᠲᠠ ᠶᠢᠨ ᠢᠦᠢ ᠶᠢᠩ ᠪᠠᠭ᠎ᠠ ᠰᠤᠷᠭᠠᠭᠤᠯᠢ ᠶᠢᠨ ᠬᠤᠯᠪᠣᠭᠳᠠᠯ ᠪᠦᠬᠦᠢ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠪᠡ᠃    ᠯᠢ ᠭᠠᠨ ᠵᠢᠶᠧ᠂ ᠯᠢ ᠱᠤ᠋ ᠯᠧᠢ ᠬᠤᠷᠠᠯ ᠳᠤ ᠣᠷᠣᠯᠴᠠᠪᠠ᠃    ᠲᠥᠪ ᠤᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠡᠯ᠎ᠡ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠲᠠ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠰᠢᠯᠢᠳᠡᠭ ᠪᠠᠭᠰᠢ ᠨᠠᠷ ᠤᠨ ᠲᠥᠯᠥᠭᠡᠯᠡᠭᠴᠢᠳ ᠬᠤᠷᠠᠯ ᠳᠤ ᠣᠷᠣᠯᠴᠠᠵᠠᠢ᠃    ᠬᠤᠷᠠᠯ ᠠᠴᠠ ᠡᠮᠦᠨ᠎ᠡ᠂ ᠳ᠋ᠢᠩ ᠰᠢᠤᠸᠠᠢ ᠰᠢᠶᠠᠩ ᠪᠡᠭᠡᠵᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠪᠣᠯᠣᠨ ᠪᠡᠭᠡᠵᠢᠩ ᠬᠤᠳᠠ ᠶᠢᠨ 159 ᠳ᠋ᠦ᠋ᠭᠡᠷ ᠳᠤᠮᠳᠠᠳᠤ ᠰᠤᠷᠭᠠᠭᠤᠯᠢ ᠳᠤ ᠪᠠᠶᠢᠴᠠᠭᠠᠨ ᠰᠤᠳᠤᠯᠤᠯᠲᠠ ᠬᠢᠵᠦ ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠰᠦᠯᠵᠢᠶᠡᠨ ᠳᠡᠭᠡᠷ᠎ᠡ ᠪᠠ ᠬᠢᠴᠢᠶᠡᠯ ᠤᠨ ᠲᠠᠩᠬᠢᠮ ᠳᠤ ᠬᠠᠮᠲᠤ ᠪᠠᠷ ᠬᠢᠴᠢᠶᠡᠯ ᠪᠡᠯᠡᠳᠬᠡᠵᠦ ᠪᠠᠶᠢᠭ᠎ᠠ ᠪᠠᠶᠢᠳᠠᠯ ᠢ ᠣᠶᠢᠯᠠᠭᠠᠵᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠲᠤᠬᠠᠢ ᠶᠢᠨ ᠲᠠᠯᠠᠪᠠᠢ ᠶᠢᠨ ᠵᠢᠭᠠᠨ ᠰᠤᠷᠭᠠᠯᠲᠠ ᠶᠢ ᠰᠣᠨᠣᠰᠴᠤ᠂ ᠪᠠᠭᠰᠢ ᠪᠣᠯᠣᠨ ᠰᠤᠷᠤᠬᠴᠢᠳ ᠲᠠᠢ ᠰᠠᠨᠠᠯ ᠢᠶᠠᠨ ᠰᠣᠯᠢᠯᠴᠠᠪᠠ᠃ 
 
ᠢᠷᠡᠯᠲᠡ᠄ ᠦᠪᠦᠷ ᠮᠤᠡᠭᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2