ᠵᠢᠨᠢᠩ ᠲᠣᠭᠤᠷᠢᠭ ᠤᠳᠤᠷᠢᠳᠬᠤ ᠺᠠᠳ᠋ᠷᠴᠤᠳ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠵᠢᠴᠢ ᠰᠢᠯᠢᠳᠡᠭ ᠵᠠᠯᠠᠭᠤ ᠺᠠᠳ᠋ᠷ ᠤᠨ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2024/5/18
    4 ᠰᠠᠷ᠎ᠠ ᠶᠢᠨ 17᠎ ᠤ ᠦᠳᠡ ᠶᠢᠨ ᠡᠮᠦᠨ᠎ᠡ᠂ ᠵᠢᠨᠢᠩ ᠲᠣᠭᠤᠷᠢᠭ  ᠤᠳᠤᠷᠢᠳᠬᠤ ᠺᠠᠳ᠋ᠷᠴᠤᠳ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠵᠢᠴᠢ ᠰᠢᠯᠢᠳᠡᠭ ᠵᠠᠯᠠᠭᠤ ᠺᠠᠳ᠋ᠷᠴᠤᠳ ᠤᠨ ᠲᠤᠰᠬᠠᠢ ᠰᠡᠳᠦᠪᠲᠦ ᠪᠣᠯᠪᠠᠰᠤᠷᠠᠯ ᠤᠨ ᠠᠩᠬᠢ ᠰᠤᠷᠤᠯᠭ᠎ᠠ ᠡᠬᠢᠯᠡᠪᠡ᠃     ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ  ᠸᠧᠨ ᠬᠤᠷᠠᠯ ᠳᠤ ᠣᠷᠣᠯᠴᠠᠵᠤ ᠮᠡᠳᠡᠭᠦᠯᠦᠯᠲᠡ ᠬᠢᠵᠡᠶ᠃  ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠶ ᠷᠦᠢ ᠬᠤᠷᠠᠯ ᠡᠷᠭᠢᠯᠡᠪᠡ᠃     ᠵᠠᠩ ᠶᠦᠩ ᠸᠧᠨ ᠬᠡᠯᠡᠭᠰᠡᠨ ᠨᠢ᠂ ᠣᠳᠣᠬᠠᠨ ᠳᠤ ᠮᠠᠨ ᠤ ᠲᠤᠭᠤᠷᠢᠭ ᠶᠠᠭ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠂ ᠪᠢᠳᠡ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ  ᠪᠠᠶᠢᠯᠳᠤᠬᠤ ᠪᠤᠳᠤᠯᠭ᠎ᠠ ᠶᠢᠨ ᠠᠴᠢ ᠬᠤᠯᠪᠣᠭᠳᠠᠯ ᠢ ᠭᠦᠢᠴᠡᠳ ᠲᠠᠨᠢᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠠᠷ ᠬᠦᠴᠦᠯᠡᠬᠦ ᠴᠡᠭ ᠪᠣᠯᠭᠠᠵᠤ᠂ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠤᠯᠠᠮᠵᠢᠯᠠᠯᠲᠤ ᠠᠵᠤ ᠦᠢᠯᠡᠰ ᠢ ᠲᠦᠷᠭᠡᠳᠬᠡᠵᠦ᠂ ᠳᠠᠪᠠᠭᠤᠯᠢᠭ ᠠᠵᠤ ᠦᠢᠯᠡᠰ ᠢ ᠪᠠᠬᠢᠵᠢᠭᠦᠯᠦᠨ ᠳᠡᠭᠡᠭᠰᠢᠯᠡᠭᠦᠯᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠢᠷᠡᠭᠡᠳᠦᠢ ᠶᠢᠨ ᠠᠵᠤ ᠦᠢᠯᠡᠰ ᠢ ᠪᠠᠶᠢᠷᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠠᠵᠤ ᠦᠢᠯᠡᠰ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠢ ᠃ ᠠᠵᠤ ᠠᠬᠤᠶᠢᠯᠠᠯ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠴᠢᠳᠠᠪᠤᠷᠢᠲᠠᠨ ᠢ ᠦᠯᠡᠳᠡᠭᠡᠬᠦ ᠲᠣᠭᠲᠠᠴᠠ ᠶᠢ ᠪᠦᠷᠢᠨᠰᠢᠬᠦᠯᠵᠦ᠂ ᠰᠢᠨ᠎ᠡ ᠶᠢ ᠡᠭᠦᠳᠬᠦ ᠲᠠᠪᠴᠠᠩ ᠤᠨ ᠴᠢᠳᠠᠪᠤᠷᠢ ᠶᠢᠨ ᠳᠡᠰ ᠢ ᠳᠡᠭᠡᠭᠰᠢᠯᠡᠭᠦᠯᠵᠦ᠂ ᠰᠢᠨ᠎ᠡ ᠦᠢᠯᠡᠳᠪᠦᠷᠢᠯᠡᠯ ᠤᠨ ᠬᠦᠴᠦᠨ ᠳᠤ ᠵᠣᠬᠢᠴᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠲᠤᠯᠭᠠᠭᠤᠷᠢᠯᠠᠯ ᠤᠨ ᠰᠢᠰᠲ᠋ᠧᠮ ᠢ ᠬᠦᠴᠦᠯᠡᠨ ᠪᠠᠶᠢᠭᠤᠯᠬᠤ ᠬᠡᠷᠡᠭᠲᠡᠢ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ ᠬᠢᠵᠦ᠂ ᠦᠨᠡᠨᠬᠦ ᠠᠳᠬᠤᠵᠤ ᠪᠣᠳᠠᠲᠠᠢ ᠠᠵᠢᠯᠯᠠᠬᠤ ᠳᠤᠮᠳᠠ ᠡᠯ᠎ᠡ ᠵᠦᠢᠯ ᠤᠨ ᠠᠵᠢᠯ ᠦᠢᠯᠡᠰ ᠤᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠲᠥᠪᠯᠡᠷᠡᠭᠦᠯᠦᠨ ᠰᠤᠷᠤᠯᠴᠠᠵᠤ ᠰᠤᠳᠤᠯᠤᠨ ᠶᠠᠷᠢᠯᠴᠠᠬᠤ ᠠᠵᠠ ᠲᠣᠬᠢᠶᠠᠯ ᠢ ᠨᠠᠨᠳᠢᠩᠨᠠᠵᠤ᠂ ᠰᠤᠷᠤᠯᠴᠠᠬᠤ ᠤᠬᠠᠮᠰᠠᠷ ᠢᠶᠠᠨ ᠳᠡᠭᠡᠭᠰᠢᠯᠡᠭᠦᠯᠵᠦ᠂ ᠰᠤᠷᠤᠯᠴᠠᠯᠭ᠎ᠠ ᠶᠢᠨ ᠶᠠᠰᠤ ᠴᠢᠨᠠᠷ ᠢ ᠪᠠᠲᠤᠯᠠᠵᠤ᠂ ᠰᠤᠷᠤᠯᠴᠠᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠳᠠᠪᠤᠷᠢ ᠪᠣᠯᠭᠠᠨ ᠬᠤᠪᠢᠷᠠᠭᠤᠯᠬᠤ ᠬᠡᠷᠡᠭᠲᠡᠢ᠃     ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠨᠠᠮ ᠤᠨ ᠲᠡᠦᠬᠡ ᠨᠠᠮ ᠤᠨ ᠪᠠᠶᠢᠭᠤᠯᠤᠯᠲᠠ ᠶᠢᠨ ᠵᠢᠭᠠᠨ ᠰᠤᠳᠤᠯᠬᠤ ᠲᠠᠰᠤᠭ ᠤᠨ ᠡᠷᠬᠢᠯᠡᠭᠴᠢ ᠯᠢᠩ ᠬᠤᠩ ᠪᠥᠸᠧ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠡᠦᠬᠡᠨ ᠪᠠᠶᠢᠷᠢ ᠲᠣᠭᠲᠠᠭᠠᠯᠲᠠ ᠪᠠ ᠦᠢᠯᠡᠳᠦᠯᠭᠡ ᠶᠢᠨ ᠱᠠᠭᠠᠷᠳᠠᠯᠭ᠎ᠠ︾ ᠭᠡᠬᠦ ᠰᠡᠳᠦᠪ ᠢᠶᠠᠷ ᠶᠠᠷᠢᠶ᠎ᠠ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠬᠤᠢ ᠪᠠᠶᠢᠳᠠᠯ᠂ ᠲᠡᠦᠬᠡ ᠶᠢᠨ ᠪᠠᠶᠢᠷᠢ ᠲᠣᠭᠲᠠᠭᠠᠯᠲᠠ᠂ ᠦᠢᠯᠡᠳᠦᠯᠭᠡ ᠶᠢᠨ ᠱᠠᠭᠠᠷᠳᠠᠯᠭ᠎ᠠ ᠵᠡᠷᠭᠡ ᠭᠤᠷᠪᠠᠨ ᠲᠠᠯ᠎ᠠ ᠠᠴᠠ ᠪᠣᠯᠪᠠᠰᠤᠷᠠᠯ ᠳᠤ ᠣᠷᠣᠯᠴᠠᠭᠰᠠᠳ ᠲᠤ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠬᠢᠴᠢᠶᠡᠯ ᠣᠷᠣᠵᠤ᠂ ᠪᠣᠯᠪᠠᠰᠤᠷᠠᠯ ᠳᠤ ᠣᠷᠣᠯᠴᠠᠭᠰᠠᠳ ᠢ ᠬᠦᠳᠦᠯᠦᠨ ᠵᠢᠯᠣᠭᠤᠳᠴᠤ ᠪᠠᠶᠢᠭᠠᠳ ᠤᠳᠤ ᠦᠶ᠎ᠡ ᠶᠢᠨ ᠳᠤᠮᠳᠠᠳᠤ ᠤᠯᠤᠰ ᠤᠨ ᠦᠢᠯᠡᠳᠦᠯᠭᠡ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠢ ᠡᠵᠡᠮᠰᠢᠭᠦᠯᠵᠦ᠂ ᠦᠵᠡᠯ ᠰᠠᠨᠠᠭ᠎ᠠ ᠪᠠᠨ ᠴᠢᠯᠥᠭᠡᠯᠡᠨ᠂ ᠦᠨᠡᠨ ᠠᠴᠠ ᠵᠥᠪ ᠢ ᠡᠷᠢᠵᠦ᠂ ᠲᠥᠪ ᠶᠣᠰᠣ ᠶᠢ ᠪᠠᠷᠢᠮᠲᠠᠯᠠᠭᠰᠠᠨ ᠰᠠᠭᠤᠷᠢᠨ ᠳᠡᠭᠡᠷ᠎ᠡ ᠳᠠᠰᠤᠷᠠᠯᠳᠠ ᠦᠭᠡᠢ ᠰᠢᠨ᠎ᠡ ᠶᠢ ᠡᠭᠦᠳᠦᠨ᠎ᠡ  ᠭᠡᠵᠡᠢ᠃     ᠤᠶᠢᠯᠠᠭᠠᠭᠰᠠᠠ ᠢᠶᠠᠷ᠂ ᠲᠤᠰ ᠤᠳᠠᠭ᠎ᠠ ᠶᠢᠨ ᠲᠤᠰᠬᠠᠢ ᠰᠡᠳᠦᠪᠲᠦ ᠪᠣᠯᠪᠠᠰᠤᠷᠠᠯ ᠤᠨ ᠠᠩᠬᠢ ᠬᠤᠶᠠᠷ ᠡᠳᠦᠷ ᠶᠠᠪᠤᠭᠳᠠᠵᠤ᠂ ᠲᠤᠰᠬᠠᠢ ᠰᠡᠳᠦᠪᠲᠦ ᠲᠠᠶᠢᠯᠤᠮᠵᠢ᠂ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠡᠯᠪᠡᠷᠢ ᠪᠠᠷ ᠶᠠᠪᠤᠭᠳᠠᠵᠤ᠂ ᠰᠢ ᠶᠢᠨ ᠫᠢᠩ  ᠶᠡᠷᠦᠩᠬᠡᠢ ᠱᠦᠵᠢ ᠶᠢᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠴᠢᠬᠤᠯᠠ ᠥᠭᠦᠯᠡᠯᠲᠡ ᠪᠣᠯᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠪᠣᠯ ᠰᠢᠨ᠎ᠡ ᠴᠠᠭ ᠦᠶ᠎ᠡ ᠶᠢᠨ ᠬᠠᠲᠠᠭᠤ ᠶᠣᠰᠣ ᠶᠢ ᠪᠠᠲᠤ ᠴᠡᠭᠡᠵᠢᠯᠡᠵᠦ᠂ ᠰᠢᠨ᠎ᠡ ᠴᠢᠨᠠᠷ ᠰᠠᠶᠢᠲᠠᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠠᠷ ᠴᠢᠬᠤᠯᠠ ᠬᠦᠴᠦᠯᠡᠬᠦ ᠴᠡᠭ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃      ᠲᠤᠭᠤᠷᠢᠭ ᠤᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ᠂ ᠰᠢᠭᠦᠬᠦ  ᠬᠤᠷᠢᠶ᠎ᠠ ᠪᠠᠶᠢᠴᠠᠭᠠᠬᠤ  ᠬᠤᠷᠢᠶ᠎ᠠ ᠶᠢᠨ ︽ᠬᠤᠶᠠᠷ ᠳᠠᠷᠤᠭ᠎ᠠ︾ ᠵᠢᠴᠢ ᠪᠤᠰᠤᠳ ᠳᠡᠳ᠋ ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠬᠤ ᠨᠥᠬᠦᠳ᠂  ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂  ᠨᠢᠭᠡᠴᠢ ᠶᠢᠨ ᠭᠤᠣᠯ ᠬᠠᠷᠢᠭᠤᠴᠠᠯᠭᠠᠲᠠᠨ᠂ ᠪᠦᠬᠦ  ᠲᠤᠭᠤᠷᠢᠭ ᠤᠨ ᠰᠢᠯᠢᠳᠡᠭ ᠵᠠᠯᠠᠭᠤ ᠺᠠᠳ᠋ᠷᠴᠤᠳ ᠣᠷᠣᠯᠴᠠᠪᠠ᠃             ᠨᠠᠶᠢᠷᠠᠭᠤᠯᠤᠭᠴᠢ᠄ ᠸᠠᠩ ᠵᠢᠩ ᠵᠢᠩ᠂ ᠴᠢᠶᠤᠤ ᠮᠢᠨ ᠮᠢᠨ            ᠵᠢᠷᠤᠭ᠄ ᠸᠠᠩ ᠵᠢᠩ ᠵᠢᠩ᠂ ᠴᠢᠶᠤᠤ ᠮᠢᠨ ᠮᠢᠨ            ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2