ᠰᠢ ᠶᠢᠨ ᠫᠢᠩ ᠪᠡᠭᠡᠵᠢᠩ ᠬᠤᠲᠠ ᠶᠢᠨ ᠪᠠ ᠳ᠋ᠠ ᠯᠢᠩ ᠳᠠᠪᠠᠭ᠎ᠠ ᠶᠢᠨ ᠤᠷᠲᠤ ᠴᠠᠭᠠᠨ ᠬᠡᠷᠡᠮ ᠤᠨ ᠬᠤᠷᠮᠣᠢ ᠳᠠᠬᠢ ᠨᠤᠲᠤᠭ ᠤᠨ ᠠᠬ᠎ᠠ ᠳᠡᠭᠦᠦ ᠨᠠᠷ ᠲᠤ ᠬᠠᠷᠢᠭᠤ ᠵᠠᠬᠢᠳᠠᠯ ᠢᠯᠡᠭᠡᠵᠦ ᠵᠣᠷᠢᠭᠵᠢᠭᠤᠯᠤᠭᠰᠠᠨ ᠨᠢ ᠨᠡᠩ ᠣᠯᠠᠨ ᠬᠥᠮᠥᠰ ᠢ ᠳᠠᠶᠢᠴᠢᠯᠠᠨ ᠤᠷᠲᠤ ᠴᠠᠭᠠᠨ ᠬᠡᠷᠡᠮ ᠢ ᠣᠶᠢᠯᠠᠭᠠᠭᠤᠯᠤᠨ ᠤᠷᠲᠤ ᠴᠠᠭᠠᠨ‌‍ᠬᠡᠷᠡᠮ ᠢ ᠬᠠᠮᠠᠭᠠᠯᠠᠵᠤ ᠡᠪᠦᠭᠡ ᠳᠡᠭᠡᠳᠦᠰ ᠤᠨ ᠦᠯᠡᠳᠡᠭᠡᠭᠰᠡᠨ ᠡᠨᠡ ᠬᠦ ᠬᠤᠪᠣᠷ ᠨᠠᠨᠳᠢᠨ ᠥᠪ ᠬᠥᠷᠥᠩᠭᠡ ᠶᠢ ᠦᠶ᠎ᠡ ᠶᠢᠨ ᠦᠶ᠎ᠡ ᠳᠤ ᠤᠯᠠᠮᠵᠢᠯᠠᠬᠤ ᠬᠡᠷᠡᠭᠲᠡᠢ
ᠨᠡᠶᠢᠲᠡᠯᠡᠭᠰᠡᠨ ᠴᠠᠭ᠄
2024/5/20
     ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 15᠎ ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 5 ᠰᠠᠷ᠎ᠠ ᠶᠢᠨ 14᠎ ᠤ ᠡᠳᠦᠷ ᠪᠡᠭᠡᠵᠢᠩ ᠬᠤᠲᠠ ᠶᠢᠨ ᠶᠠᠨᠴᠢᠩ ᠲᠣᠭᠤᠷᠢᠭ ᠤᠨ ᠪᠠ ᠳ᠋ᠠ ᠯᠢᠩ ᠪᠠᠯᠭᠠᠰᠤᠨ ᠤ ᠱᠢ ᠰᠢᠶᠠ ᠲᠣᠰᠬᠤᠨ ᠤ ᠨᠤᠲᠤᠭ ᠤᠨ ᠠᠬ᠎ᠠ ᠳᠡᠭᠦᠦ ᠨᠠᠷ ᠲᠤ ᠬᠠᠷᠢᠭᠤ ᠵᠠᠬᠢᠳᠠᠯ ᠢᠯᠡᠭᠡᠵᠦ᠂ ᠲᠡᠳᠡᠨ ᠳᠤ ᠬᠠᠯᠠᠭᠤᠨ ᠮᠡᠨᠳᠦᠴᠢᠯᠡᠯ ᠳᠡᠪᠰᠢᠭᠦᠯᠦᠭᠰᠡᠨ ᠪᠥᠭᠡᠳ ᠴᠢᠩ ᠰᠡᠳᠬᠢᠯ ᠤᠨ ᠬᠦᠰᠡᠯ ᠨᠠᠶᠢᠳᠠᠯᠭ᠎ᠠ ᠳᠤᠷᠠᠳᠪᠠ᠃    ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠡᠳᠡᠭᠡᠷ ᠵᠢᠯ ᠤᠳ ᠲᠤ ᠲᠠ ᠨᠠᠷ ᠰᠠᠶᠢᠨ ᠳᠤᠷ᠎ᠠ ᠠᠴᠠ ᠪᠠᠨ ᠤᠷᠳᠤ ᠴᠠᠭᠠᠨ ᠬᠡᠷᠡᠮ ᠢ ᠰᠠᠬᠢᠨ ᠬᠠᠮᠠᠭᠠᠯᠠᠵᠤ᠂ ᠤᠷᠳᠤ ᠴᠠᠭᠠᠨ ᠬᠡᠷᠡᠮ ᠤᠨ ᠰᠣᠶᠣᠯ ᠢ ᠤᠯᠠᠮᠵᠢᠯᠠᠨ ᠵᠠᠯᠭᠠᠮᠵᠢᠯᠠᠭᠰᠠᠨ ᠪᠥᠭᠡᠳ ᠤᠷᠳᠤ ᠴᠠᠭᠠᠨ ᠬᠡᠷᠡᠮ ᠤᠨ ᠡᠬᠢ ᠪᠠᠶᠠᠯᠢᠭ ᠲᠤ ᠲᠦᠰᠢᠭᠯᠡᠨ ᠪᠠᠶᠠᠵᠢᠯ ᠤᠨ ᠵᠠᠮ ᠢᠶᠠᠷ ᠵᠠᠮᠨᠠᠭᠰᠠᠨ ᠳᠤ ᠪᠢ ᠮᠠᠰᠢ ᠪᠠᠶᠠᠷᠯᠠᠵᠤ ᠪᠠᠶᠢᠨ᠎ᠠ ᠭᠡᠵᠡᠢ᠃    ᠰᠢ ᠶᠢᠨ ᠫᠢᠩ᠂ ᠤᠷᠳᠤ ᠴᠠᠭᠠᠨ ᠬᠡᠷᠡᠮ ᠪᠣᠯ ᠳᠤᠮᠳᠠᠳᠤ ᠶᠢᠨ ᠦᠨᠳᠦᠰᠦᠲᠡᠨ ᠤ ᠲᠥᠯᠥᠭᠡᠯᠡᠬᠦ ᠴᠢᠨᠠᠷᠲᠠᠢ ᠲᠡᠮᠳᠡᠭ ᠪᠠ ᠳᠤᠮᠳᠠᠳᠤ ᠶᠢᠨ ᠪᠣᠯᠪᠠᠰᠤᠨ ᠤ ᠴᠢᠬᠤᠯᠠ ᠪᠡᠯᠭᠡ ᠲᠡᠮᠳᠡᠭ ᠮᠥᠨ᠃ ᠲᠡᠭᠦᠨ ᠳᠤ ᠳᠤᠮᠳᠠᠳᠤ ᠶᠢᠨ ᠦᠨᠳᠦᠰᠦᠲᠡᠨ ᠤ ᠬᠦᠴᠦᠷᠬᠡᠭᠵᠢᠬᠦ ᠪᠠᠷ ᠴᠢᠷᠮᠠᠶᠢᠬᠤ ᠲᠡᠮᠡᠴᠡᠯ ᠤᠨ ᠵᠣᠷᠢᠭ ᠰᠠᠨᠠᠭ᠎ᠠ ᠪᠠ ᠤᠯᠠᠨ ᠢᠶᠠᠷ ᠢᠶᠠᠨ ᠵᠣᠷᠢᠭ ᠨᠢᠭᠡᠳᠴᠦ᠂ ᠨᠤᠭᠤᠷᠠᠰᠢ ᠦᠭᠡᠢ ᠪᠠᠲᠤ ᠴᠢᠩᠭ᠎ᠠ ᠤᠯᠤᠰ ᠢᠶᠠᠨ ᠬᠠᠶᠢᠷᠠᠯᠠᠬᠤ ᠰᠡᠳᠬᠢᠯᠭᠡ ᠰᠢᠩᠭᠡᠵᠦ ᠪᠤᠢ᠃ ᠡᠨᠡ ᠬᠦ ᠲᠡᠦᠬᠡ ᠰᠣᠶᠣᠯ ᠤᠨ ᠥᠪ ᠢ ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠬᠤ ᠪᠣᠯ ᠪᠢᠳᠡᠨ ᠤ ᠬᠠᠮᠲᠤ ᠶᠢᠨ ᠬᠠᠷᠢᠭᠤᠴᠠᠯᠭ᠎ᠠ ᠮᠥᠨ᠃ ᠤᠯᠠᠨ ᠢᠶᠠᠷ ᠢᠶᠠᠨ ᠦᠷᠭᠦᠯᠵᠢᠯᠡᠨ ᠴᠢᠷᠮᠠᠶᠢᠵᠤ᠂ ᠤᠳᠠᠭᠠᠨ ᠳᠠᠭᠠᠭᠠᠮᠠᠭᠠᠢ ᠪᠠᠷ ᠵᠢᠳᠬᠦᠵᠦ᠂ ᠭᠡᠷ ᠣᠷᠣᠨ ᠢᠶᠠᠨ ᠰᠠᠬᠢᠨ ᠬᠠᠮᠠᠭᠠᠯᠠᠬᠤ ᠲᠠᠢ ᠠᠳᠠᠯᠢ ᠪᠠᠷ ᠤᠷᠳᠤ ᠴᠠᠭᠠᠨ ᠬᠡᠷᠡᠮ ᠢᠶᠠᠨ ᠰᠠᠶᠢᠲᠤᠷ ᠰᠠᠬᠢᠨ ᠬᠠᠮᠠᠭᠠᠯᠠᠵᠤ᠂ ᠤᠷᠳᠤ ᠴᠠᠭᠠᠨ ᠬᠡᠷᠡᠮ ᠤᠨ ᠰᠣᠶᠣᠯ ᠢ ᠪᠠᠳᠠᠷᠠᠭᠤᠯᠵᠤ᠂ ᠤᠷᠳᠤ ᠴᠠᠭᠠᠨ ᠬᠡᠷᠡᠮ ᠤᠨ ᠦᠯᠢᠭᠡᠷ ᠢ ᠰᠠᠶᠢᠲᠤᠷ ᠶᠠᠷᠢᠵᠤ᠂ ᠨᠡᠩ ᠤᠯᠠᠨ ᠬᠥᠮᠥᠨ ᠢ ᠲᠠᠶᠢᠴᠢᠯᠠᠨ ᠤᠷᠳᠤ ᠴᠠᠭᠠᠨ ᠬᠡᠷᠡᠮ ᠢ ᠣᠶᠢᠯᠠᠭᠠᠭᠤᠯᠵᠤ᠂ ᠤᠷᠳᠤ ᠴᠠᠭᠠᠨ ᠬᠡᠷᠡᠮ ᠢ ᠬᠠᠮᠠᠭᠠᠯᠠᠵᠤ᠂ ᠡᠪᠦᠭᠡ ᠳᠡᠭᠡᠳᠦᠰ ᠤᠨ ᠦᠯᠡᠳᠡᠭᠡᠭᠰᠡᠨ ᠡᠨᠡ ᠬᠦ ᠬᠤᠪᠣᠷ ᠨᠠᠨᠳᠢᠨ ᠥᠪ ᠬᠥᠷᠥᠩᠭᠡ ᠶᠢ ᠦᠶ᠎ᠡ ᠶᠢᠨ ᠦᠶ᠎ᠡ ᠳᠤ ᠤᠯᠠᠮᠵᠢᠯᠠᠵᠤ᠂ ᠨᠡᠶᠢᠭᠡᠮ ᠵᠢᠷᠤᠮᠲᠤ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃    ᠤᠷᠳᠤ ᠴᠠᠭᠠᠨ ᠬᠡᠷᠡᠮ ᠪᠣᠯ ᠮᠠᠨ ᠤ ᠤᠯᠤᠰ ᠤᠨ ᠤᠳᠤ ᠪᠠᠶᠢᠭ᠎ᠠ ᠬᠡᠪᠴᠢᠶ᠎ᠡ ᠪᠠᠷ ᠬᠠᠮᠤᠭ ᠤᠨ ᠶᠡᠭᠡ ᠰᠣᠶᠣᠯ ᠤᠨ ᠥᠪ ᠮᠥᠨ᠃ 1984 ᠣᠨ ᠳᠤ᠂ ᠳ᠋ᠧᠩ ᠰᠢᠶᠣᠣ ᠫᠢᠩ᠂ ᠰᠢ ᠵᠦᠩ ᠰᠢᠶᠦ᠋ᠨ ᠵᠡᠷᠭᠡ ᠤᠳᠤᠷᠢᠳᠬᠤ ᠨᠥᠬᠦᠳ ᠨᠡᠶᠢᠰᠯᠡᠯ ᠤᠨ ᠵᠠᠷᠢᠮ ᠨᠢᠭᠡᠴᠢ ᠶᠢᠨ ᠰᠠᠨᠠᠭᠠᠴᠢᠯᠠᠭᠰᠠᠨ ︽ᠳᠤᠮᠳᠠᠳᠤ ᠤᠯᠤᠰ ᠢᠶᠠᠨ ᠬᠠᠶᠢᠷᠠᠯᠠᠵᠤ ᠤᠷᠳᠤ ᠴᠠᠭᠠᠨ ᠬᠡᠷᠡᠮ ᠢᠶᠠᠨ ᠰᠡᠷᠭᠦᠭᠡᠨ ᠵᠠᠰᠠᠰᠤᠭᠠᠢ︾ ᠭᠡᠬᠦ ᠠᠵᠢᠯᠯᠠᠭ᠎ᠠ ᠳᠤ ᠪᠢᠴᠢᠭᠡᠰᠦ ᠪᠢᠴᠢᠵᠦ ᠥᠭᠭᠦᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠤᠷᠳᠤ ᠴᠠᠭᠠᠨ ᠬᠡᠷᠡᠮ ᠢ ᠬᠠᠮᠠᠭᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠪᠡ᠃ ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠣᠷᠳᠣ ᠴᠠᠭᠠᠨ ᠬᠡᠷᠡᠮ ᠤᠨ ᠰᠣᠶᠣᠯ ᠤᠨ ᠦᠨ᠎ᠡ ᠥᠷᠲᠡᠭ ᠢ ᠠᠭᠤᠳᠠᠯᠬᠤ ᠪᠠ ᠲᠡᠦᠬᠡ ᠶᠢᠨ ᠳᠤᠷᠠᠰᠬᠠᠯᠲᠤ ᠵᠦᠢᠯᠡᠰ ᠤᠨ ᠥᠪ ᠢ ᠤᠯᠠᠮᠵᠢᠯᠠᠨ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠯᠠᠨ ᠤᠳᠠᠭ᠎ᠠ ᠴᠢᠬᠤᠯᠠ ᠵᠢᠭᠠᠪᠤᠷᠢ ᠥᠭᠴᠦ᠂ ᠣᠷᠳᠣ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ ᠠᠬᠢᠭᠤᠯᠪᠠ᠃ ᠣᠶᠢᠷ᠎ᠠ ᠶᠢᠨ ᠡᠳᠦᠷ᠂ ᠪᠡᠭᠡᠵᠢᠩ ᠬᠤᠳᠠ ᠶᠢᠨ ᠪᠠ ᠳ᠋ᠠ ᠯᠢᠩ ᠳᠠᠪᠠᠭ᠎ᠠ ᠶᠢᠨ ᠤᠷᠳᠤ ᠴᠠᠭᠠᠨ ᠬᠡᠷᠡᠮ ᠤᠨ ᠬᠤᠷᠮᠣᠢ ᠳᠠᠬᠢ ᠱᠢ ᠰᠢᠶᠠ ᠲᠣᠰᠬᠤᠨ ᠤ ᠠᠷᠠᠳ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠤᠷᠳᠤ ᠴᠠᠭᠠᠨ ᠬᠡᠷᠡᠮ ᠤᠨ ᠬᠠᠮᠠᠭᠠᠯᠠᠯᠲᠠ ᠶᠢᠨ ᠠᠵᠢᠯ ᠳᠤ ᠰᠠᠶᠢᠨ ᠳᠤᠷ᠎ᠠ ᠠᠴᠠ ᠪᠠᠨ ᠤᠷᠤᠯᠴᠠᠬᠰᠠᠨ ᠪᠠ ᠲᠣᠰᠬᠤᠨ ᠤ ᠬᠥᠭᠵᠢᠯᠲᠡ ᠬᠤᠪᠢᠷᠠᠯᠲᠠ ᠵᠡᠷᠭᠡ ᠪᠠᠶᠢᠳᠠᠯ ᠢᠶᠠᠨ ᠬᠠᠷᠢᠭᠤ ᠮᠡᠳᠡᠭᠦᠯᠵᠦ᠂ ᠦᠷᠭᠦᠯᠵᠢᠯᠡᠨ ᠤᠷᠳᠤ ᠴᠠᠭᠠᠨ ᠬᠡᠷᠡᠮ ᠢ ᠰᠠᠬᠢᠨ ᠬᠠᠮᠠᠭᠠᠯᠠᠬᠤ᠂ ᠤᠷᠳᠤ ᠴᠠᠭᠠᠨ ᠬᠡᠷᠡᠮ ᠤᠨ ᠰᠣᠶᠣᠯ ᠢ ᠤᠯᠠᠮᠵᠢᠯᠠᠬᠤ ᠵᠣᠷᠢᠭ ᠢᠶᠠᠨ ᠢᠯᠡᠳᠬᠡᠵᠡᠢ᠃ 
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2