︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠵᠦ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ
ᠨᠡᠶᠢᠲᠡᠯᠡᠭᠰᠡᠨ ᠴᠠᠭ᠄
2024/5/20
     ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 15᠎ ᠤ ᠴᠠᠭᠢᠯᠭᠠᠨ ᠮᠡᠳᠡᠭᠡ 5 ᠰᠠᠷ᠎ᠠ ᠶᠢᠨ 16᠎ ᠤ ᠡᠳᠦᠷ ᠬᠡᠪᠯᠡᠭᠳᠡᠭᠰᠡᠨ 10 ᠳ᠋ᠤᠭᠠᠷ ᠬᠤᠭᠤᠴᠠᠭᠠᠨ ᠤ ︽ ᠦᠨᠡᠨ ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ ᠃ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ 2012 ᠣᠨ ᠤ 12 ᠰᠠᠷ᠎ᠠ ᠠᠴᠠ 2024 ᠣᠨ ᠤ 3 ᠰᠠᠷ᠎ᠠ ᠪᠤᠯᠲᠠᠯᠠᠭᠢ ᠬᠤᠭᠤᠴᠠᠭᠠᠨ ᠳᠠᠬᠢ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢᠨ ᠲᠣᠪᠴᠢᠯᠠᠯ ᠪᠣᠯᠣᠨ᠎ᠠ ᠃    ᠵᠣᠬᠢᠶᠠᠯ ᠳᠤ ᠂ ᠥᠭᠡᠷᠡᠴᠢᠯᠡᠯᠲᠡ ᠨᠡᠭᠡᠭᠡᠯᠲᠡ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠲᠣᠮᠣ ᠠᠯᠬᠤᠮ ᠢᠶᠠᠷ ᠴᠠᠭ ᠦᠶ᠎ᠡ ᠶᠢ ᠬᠥᠭᠡᠭᠡᠵᠦ ᠭᠦᠢᠴᠡᠬᠦ ᠴᠢᠬᠤᠯᠠ ᠡᠷᠳᠡᠨᠢ ᠪᠣᠯᠣᠨ᠎ᠠ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠢᠯᠠᠵᠤ ᠢᠯᠠᠭᠳᠠᠬᠤ ᠶᠢ ᠲᠣᠭᠲᠠᠭᠠᠬᠤ ᠵᠠᠩᠭᠢᠯᠠᠭ᠎ᠠ ᠶᠢᠨ ᠠᠷᠭ᠎ᠠ ᠪᠣᠯᠣᠨ᠎ᠠ ᠃ ᠨᠠᠮ ᠤᠨ ᠠᠷᠪᠠᠨ ᠨᠠᠶᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠨᠠᠭᠠᠰᠢ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠲᠡᠦᠬᠡᠲᠦ ᠴᠢᠨᠠᠷᠲᠠᠢ ᠠᠭᠤᠤ ᠶᠡᠭᠡ ᠠᠮᠵᠢᠯᠲᠠ ᠣᠯᠵᠠᠢ ᠃ ᠡᠳᠡᠭᠡᠷ ᠵᠢᠯ ᠤᠨ ᠥᠭᠡᠷᠡᠴᠢᠯᠡᠯᠲᠡ ᠶᠢᠨ ᠠᠵᠢᠯ ᠢ ᠡᠷᠭᠢᠴᠡᠭᠦᠯᠪᠡᠯ ᠪᠢᠳᠡᠨ ᠤ ᠳᠤᠷᠠᠳᠤᠭᠰᠠᠨ ᠠᠯᠢ ᠤᠯᠠᠨ ᠰᠢᠨ᠎ᠡ ᠡᠭᠦᠳᠦᠭᠰᠡᠨ ᠤᠨᠤᠯ ᠂ ᠠᠯᠢ ᠤᠯᠠᠨ ᠴᠢᠬᠤᠯᠠ ᠶᠡᠭᠡ ᠠᠷᠭ᠎ᠠ ᠬᠡᠮᠵᠢᠶ᠎ᠡ ᠂ ᠠᠯᠢ ᠤᠯᠠᠨ ᠴᠢᠬᠤᠯᠠ ᠶᠡᠭᠡ ᠰᠢᠪᠲᠤᠯᠤᠯᠲᠠ ᠨᠢ ᠴᠥᠮ ᠬᠤᠪᠢᠰᠬᠠᠯ ᠤᠨ ᠴᠢᠨᠠᠷᠲᠠᠢ ᠪᠠᠶᠢᠵᠤ ᠂ ᠥᠭᠡᠷᠡᠴᠢᠯᠡᠯᠲᠡ ᠨᠡᠭᠡᠭᠡᠯᠲᠡ ᠪᠠᠷ ᠨᠠᠮ ᠪᠣᠯᠣᠨ ᠤᠯᠤᠰ ᠤᠨ ᠡᠯ᠎ᠡ ᠵᠦᠢᠯ ᠤᠨ ᠠᠵᠢᠯ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠣᠯᠬᠤ ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠶᠢ ᠠᠬᠢᠭᠤᠯᠤᠭᠰᠠᠨ ᠰᠢᠨ᠎ᠡ ᠪᠠᠶᠢᠳᠠᠯ ᠢ ᠡᠭᠦᠳᠴᠡᠢ ᠭᠡᠵᠦ ᠴᠢᠬᠤᠯᠠᠴᠢᠯᠠᠪᠠ ᠃    ᠵᠣᠬᠢᠶᠠᠯ ᠳᠤ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠳᠤ ᠡᠷᠬᠡᠪᠰᠢ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠳᠤ ᠲᠠᠰᠤᠷᠠᠯᠲᠠ ᠦᠭᠡᠢ ᠵᠣᠬᠢᠴᠠᠵᠤ ᠦᠢᠯᠡᠳᠪᠦᠷᠢᠯᠡᠯ ᠤᠨ ᠬᠠᠷᠢᠴᠠᠭ᠎ᠠ ᠶᠢ ᠲᠣᠬᠢᠷᠠᠭᠤᠯᠤᠨ ᠂ ᠠᠵᠤ ᠠᠬᠤᠢ ᠶᠢᠨ ᠰᠠᠭᠤᠷᠢ ᠳᠤ ᠲᠠᠰᠤᠷᠠᠯᠲᠠ ᠦᠭᠡᠢ ᠵᠣᠬᠢᠴᠠᠵᠤ ᠳᠡᠭᠡᠳᠦ ᠳᠠᠪᠬᠤᠷᠭ᠎ᠠ ᠶᠢ ᠬᠥᠭᠵᠢᠭᠦᠯᠦᠨ ᠲᠡᠭᠦᠯᠳᠡᠷᠵᠢᠭᠦᠯᠬᠦ ᠬᠡᠷᠡᠭᠲᠡᠢ ᠃ ᠪᠢᠳᠡ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠳᠤᠷᠠᠳᠤᠨ ᠭᠠᠷᠭᠠᠭᠰᠠᠨ ᠨᠢ ᠳᠠᠷᠤᠢ ᠮᠠᠨ ᠤ ᠤᠯᠤᠰ ᠤᠨ ᠨᠡᠶᠢᠭᠡᠮ ᠤᠨ ᠦᠨᠳᠦᠰᠦᠨ ᠵᠥᠷᠢᠴᠡᠯ ᠤᠨ ᠬᠥᠳᠡᠯᠭᠡᠭᠡᠨ ᠤ ᠬᠤᠪᠢᠷᠠᠯᠲᠠ ᠳᠤ ᠵᠣᠬᠢᠴᠠᠭᠤᠯᠤᠨ ᠨᠡᠶᠢᠭᠡᠮ ᠤᠨ ᠬᠥᠭᠵᠢᠯᠲᠡ ᠶᠢ ᠠᠬᠢᠭᠤᠯᠬᠤ ᠶᠠᠪᠤᠳᠠᠯ ᠪᠣᠯᠣᠨ᠎ᠠ ᠃ ᠥᠭᠡᠷᠡᠴᠢᠯᠡᠯᠲᠡ ᠨᠡᠭᠡᠭᠡᠯᠲᠡ ᠳᠤ ᠶᠠᠪᠤᠭᠳᠠᠬᠤ ᠴᠠᠭ ᠪᠠᠶᠢᠬᠤ ᠠᠴᠠ ᠪᠢᠰᠢ ᠲᠡᠭᠦᠰᠬᠦ ᠴᠠᠭ ᠭᠡᠵᠦ ᠪᠠᠶᠢᠬᠤ ᠦᠭᠡᠢ ᠶᠤᠮ ᠃ ᠥᠭᠡᠷᠡᠴᠢᠯᠡᠯᠲᠡ ᠨᠡᠭᠡᠭᠡᠯᠲᠡ ᠳᠤ ᠪᠠᠰᠠ ᠴᠢᠭᠯᠡᠯ ᠲᠠᠢ ᠂ ᠵᠣᠭᠰᠣᠯᠲᠠ ᠲᠠᠢ ᠂ ᠵᠠᠷᠴᠢᠮ ᠲᠠᠢ ᠪᠠᠶᠢᠳᠠᠭ ᠃ ᠮᠠᠨ ᠤ ᠴᠢᠭᠯᠡᠯ ᠪᠣᠯ ᠳᠠᠷᠤᠢ ᠨᠡᠶᠢᠭᠡᠮ ᠵᠢᠷᠤᠮᠲᠤ ᠪᠠᠶᠢᠭᠤᠯᠤᠯ ᠤᠨ ᠥᠪᠡᠷ ᠢ ᠪᠠᠨ ᠲᠡᠭᠦᠯᠳᠡᠷᠵᠢᠭᠦᠯᠬᠦ ᠪᠠ ᠬᠥᠭᠵᠢᠭᠦᠯᠬᠦ ᠶᠢ ᠲᠠᠰᠤᠷᠠᠯᠳᠠ ᠦᠭᠡᠢ ᠠᠬᠢᠭᠤᠯᠬᠤ ᠶᠠᠪᠤᠳᠠᠯ ᠪᠣᠯᠣᠨ᠎ᠠ ᠃ ᠰᠢᠨ᠎ᠡ ᠴᠠᠭ ᠦᠶ᠎ᠡ ᠰᠢᠨ᠎ᠡ ᠠᠶᠠᠨ ᠤ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠦᠨᠳᠦᠰᠦᠨ ᠬᠥᠳᠡᠯᠭᠡᠬᠦ ᠬᠦᠴᠦᠨ ᠪᠤᠯᠭᠠᠵᠤ ᠂ ᠶᠡᠭᠡ ᠲᠠᠯ᠎ᠠ ᠶᠢ ᠲᠣᠭᠲᠠᠪᠤᠷᠢᠵᠢᠭᠤᠯᠬᠤ ᠂ ᠬᠤᠪᠢᠷᠠᠯᠲᠠ ᠶᠢ ᠠᠷᠭᠠᠴᠠᠭᠠᠬᠤ ᠂ ᠰᠢᠨ᠎ᠡ ᠪᠠᠶᠢᠳᠠᠯ ᠢ ᠡᠭᠦᠳᠬᠦ ᠴᠢᠬᠤᠯᠠ ᠭᠠᠷᠳᠠᠴᠠ ᠪᠤᠯᠭᠠᠵᠤ ᠂ ᠴᠢᠭᠯᠡᠯ ᠢᠶᠠᠨ ᠣᠨᠣᠪᠴᠢᠲᠠᠢ ᠡᠵᠡᠮᠳᠡᠵᠦ ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ ᠂ ᠦᠨᠡᠨ ᠬᠦ ᠠᠳᠬᠤᠨ ᠪᠣᠳᠠᠲᠠᠢ ᠠᠵᠢᠯᠯᠠᠵᠤ ᠂ ᠰᠢᠨ᠎ᠡ ᠠᠶᠠᠨ ᠳᠠᠭᠠᠨ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ ᠃    ᠵᠣᠬᠢᠶᠠᠯ ᠳᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠥᠭᠡᠷᠡᠴᠢᠯᠡᠯᠲᠡ ᠨᠡᠭᠡᠭᠡᠯᠲᠡ ᠶᠢ ᠴᠢᠨᠠᠭᠰᠢᠳᠠ ᠭᠦᠨᠵᠡᠭᠡᠶᠢᠷᠡᠭᠦᠯᠵᠦ ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠲᠠᠰᠤᠷᠠᠯᠲᠠ ᠦᠭᠡᠢ ᠴᠢᠯᠦᠭᠡᠯᠡᠨ ᠬᠥᠭᠵᠢᠭᠦᠯᠵᠦ ᠂ ᠨᠡᠶᠢᠭᠡᠮ ᠤᠨ ᠠᠮᠢᠵᠢᠷᠠᠯ ᠤᠨ ᠬᠦᠴᠦᠨ ᠢ ᠴᠢᠯᠦᠭᠡᠯᠡᠨ ᠴᠢᠩᠭᠠᠷᠠᠭᠤᠯᠬᠤ ᠬᠡᠷᠡᠭᠲᠡᠢ ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠠᠯᠢ ᠤᠯᠠᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠤᠷᠠᠳᠴᠠᠢ ᠂ ᠡᠨᠡ ᠪᠣᠯ ᠨᠠᠮ ᠤᠨ ᠲᠥᠪ ᠬᠤᠷᠢᠶ᠎ᠠ ᠠᠴᠠ ᠰᠢᠨ᠎ᠡ ᠴᠠᠭ ᠦᠶ᠎ᠡ ᠰᠢᠨ᠎ᠡ ᠠᠶᠠᠨ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠲᠣᠭᠲᠠᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ᠎ᠠ ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠠᠷᠠᠯᠲᠠ ᠲᠠᠢ ᠨᠢᠭᠲᠠ ᠤᠶᠠᠯᠳᠤᠭᠤᠯᠤᠨ ᠨᠢᠭᠡ ᠪᠦᠯᠦᠭ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠂ ᠪᠦᠲᠦᠭᠡᠯᠴᠢ ᠴᠢᠨᠠᠷᠲᠠᠢ ᠂ ᠬᠥᠲᠥᠯᠥᠨ ᠳᠠᠭᠠᠭᠤᠯᠬᠤ ᠴᠢᠨᠠᠷᠲᠠᠢ ᠥᠭᠡᠷᠡᠴᠢᠯᠡᠯᠲᠡ ᠶᠢ ᠬᠢᠵᠦ ᠂ ᠥᠭᠡᠷᠡᠴᠢᠯᠡᠯᠲᠡ ᠶᠢᠨ ᠰᠢᠰᠲ᠋ᠧᠮ ᠤᠨ ᠬᠤᠷᠠᠮᠳᠤᠯ ᠂ ᠬᠠᠮᠵᠢᠯᠴᠠᠭ᠎ᠠ ᠥᠨᠳᠥᠷ ᠪᠦᠲᠦᠮᠵᠢᠲᠡᠢ ᠪᠠᠶᠢᠬᠤ ᠶᠢ ᠴᠢᠩᠭᠠᠳᠬᠠᠵᠤ ᠂ ᠴᠢᠬᠤᠯᠠ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠤᠭ᠎ᠠ ᠳᠤ ᠰᠢᠨ᠎ᠡ ᠰᠢᠪᠲᠤᠯᠤᠯᠲᠠ ᠭᠠᠷᠭᠠᠬᠤ ᠬᠡᠷᠡᠭᠲᠡᠢ ᠃ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠲᠥᠯᠥᠪᠵᠢᠭᠦᠯᠵᠦ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠳᠣᠪᠤᠶᠢᠯᠭᠠᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠬᠦᠯᠢᠶᠡᠰᠦᠯᠡᠵᠦ ᠪᠠᠶᠢᠭ᠎ᠠ ᠰᠠᠭᠠᠳ ᠲᠦᠭᠵᠢᠷᠡᠯ ᠤᠨ ᠠᠰᠠᠭᠤᠳᠠᠯ ᠂ ᠬᠥᠭᠵᠢᠯᠲᠡ ᠶᠢᠨ ᠣᠷᠴᠢᠨ ᠨᠥᠬᠦᠴᠡᠯ ᠪᠠ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠦᠴᠢᠷ ᠲᠦᠪᠡᠭᠲᠡᠢ ᠠᠰᠠᠭᠤᠳᠠᠯ ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠠᠴᠠ ᠲᠡᠷᠰᠯᠡᠭᠰᠡᠨ ᠲᠥᠪᠯᠡᠷᠡᠩᠭᠦᠢ ᠬᠠᠯᠠᠮᠰᠢᠯ ᠠᠰᠠᠭᠤᠳᠠᠯ ᠢ ᠬᠦᠴᠦᠯᠡᠨ ᠰᠢᠢᠳᠪᠦᠷᠢᠯᠡᠵᠦ ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠠᠰᠤᠷᠠᠯᠲᠠ ᠦᠭᠡᠢ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ ᠃ 
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2