ᠰᠢ ᠶᠢᠨ ᠫᠢᠩ ᠣᠷᠣᠰ ᠤᠨ ᠶᠡᠷᠦᠩᠬᠡᠶᠢᠯᠡᠭᠴᠢ ᠫᠦᠲ᠋ᠢᠨ ᠲᠠᠢ ᠬᠠᠮᠲᠤ ᠪᠠᠷ ᠰᠤᠷᠪᠤᠯᠵᠢᠯᠠᠭᠴᠢᠳ ᠲᠠᠢ ᠠᠭᠤᠯᠵᠠᠪᠠ
ᠨᠡᠶᠢᠲᠡᠯᠡᠭᠰᠡᠨ ᠴᠠᠭ᠄
2024/5/20
    ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 16᠎ ᠤ ᠴᠠᠬᠢᠯᠭᠠᠨ ᠮᠡᠳᠡᠭᠡ 5 ᠰᠠᠷ᠎ᠠ ᠶᠢᠨ 16᠎ ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠤᠷᠤᠰ ᠤᠨ ᠶᠡᠷᠦᠩᠬᠡᠶᠢᠯᠡᠭᠴᠢ ᠫᠦᠲ᠋ᠢᠨ ᠲᠠᠢ ᠬᠡᠯᠡᠯᠴᠡᠭᠡ ᠬᠢᠭᠰᠡᠨ ᠤ ᠳᠠᠷᠠᠭ᠎ᠠ ᠬᠠᠮᠲᠤ ᠪᠠᠷ ᠰᠤᠷᠪᠤᠯᠵᠢᠯᠠᠬᠴᠢᠳ ᠲᠠᠢ ᠠᠭᠤᠯᠵᠠᠪᠠ᠃ᠰᠢ ᠶᠢᠨ ᠫᠢᠩ᠂ ᠶᠡᠷᠦᠩᠬᠡᠶᠢᠯᠡᠭᠴᠢ ᠫᠦᠲ᠋ᠢᠨ ᠡᠨᠡ ᠤᠳᠠᠭ᠎ᠠ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠨᠢ ᠲᠡᠭᠦᠨ ᠤ ᠰᠢᠨ᠎ᠡ ᠨᠢᠭᠡ ᠬᠤᠭᠤᠴᠠᠭᠠᠨ ᠤ ᠶᠡᠷᠦᠩᠬᠡᠶᠢᠯᠡᠭᠴᠢ ᠶᠢᠨ ᠲᠤᠰᠢᠶᠠᠯ ᠤᠨ ᠬᠤᠭᠤᠴᠠᠭ᠎ᠠ ᠪᠠᠨ ᠡᠬᠢᠯᠡᠭᠦᠯᠦᠭᠰᠡᠨ ᠤ ᠳᠠᠷᠠᠭᠠᠬᠢ ᠠᠩᠬᠠᠳᠠᠭᠴᠢ ᠠᠶᠢᠯᠴᠢᠯᠠᠯᠲᠠ ᠪᠣᠯᠣᠨ᠎ᠠ᠂ ᠡᠨᠡ ᠨᠢ ᠶᠡᠷᠦᠩᠬᠡᠶᠢᠯᠡᠭᠴᠢ ᠫᠦᠲ᠋ᠢᠨ ᠪᠣᠯᠣᠨ ᠤᠷᠤᠰ ᠤᠨ ᠬᠢᠨ ᠳᠤᠮᠳᠠᠳᠤ ᠤᠷᠤᠰ ᠤᠨ ᠬᠠᠷᠢᠯᠴᠠᠭ᠎ᠠ ᠶᠢ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠭᠦᠢᠴᠡᠳ ᠬᠠᠷᠠᠭᠤᠯᠵᠤ ᠪᠠᠶᠢᠨ᠎ᠠ᠃ ᠪᠢ ᠶᠡᠷᠦᠩᠬᠡᠶᠢᠯᠡᠭᠴᠢ ᠫᠦᠲ᠋ᠢᠨ ᠤ ᠠᠶᠢᠯᠴᠢᠯᠠᠬᠤ ᠪᠠᠷ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠶ᠎ᠡ᠃ ᠰᠠᠶ᠋ᠢᠬᠠᠨ ᠪᠢ ᠶᠡᠷᠦᠩᠬᠡᠶᠢᠯᠡᠭᠴᠢ ᠫᠦᠲ᠋ᠢᠨ ᠲᠠᠢ ᠦᠨᠡᠨᠴᠢ ᠨᠥᠭᠦᠷᠰᠡᠭ᠂ ᠠᠭᠤᠯᠭ᠎ᠠ ᠪᠠᠷ ᠪᠠᠶᠠᠯᠢᠭ ᠬᠡᠯᠡᠯᠴᠡᠭᠡ ᠬᠢᠵᠦ᠂ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠲᠤᠷᠰᠢᠬᠢ ᠬᠤᠶᠠᠷ ᠤᠯᠤᠰ ᠤᠨ ᠬᠠᠷᠢᠯᠴᠠᠭ᠎ᠠ ᠶᠢᠨ ᠬᠥᠭᠵᠢᠯᠲᠡ ᠶᠢᠨ ᠠᠮᠵᠢᠯᠲᠠ ᠲᠠᠢ ᠲᠤᠷᠰᠢᠯᠭ᠎ᠠ ᠶᠢ ᠪᠦᠭᠦ ᠲᠠᠯ᠎ᠠ ᠪᠠᠷ ᠳ᠋ᠦᠩᠨᠡᠵᠦ᠂ ᠬᠤᠶᠠᠷ ᠲᠠᠯ᠎ᠠ ᠶᠢᠨ ᠬᠠᠷᠢᠯᠴᠠᠭ᠎ᠠ ᠵᠢᠴᠢ ᠬᠠᠮᠲᠤ ᠪᠠᠷ ᠠᠩᠬᠠᠷᠴᠤ ᠪᠠᠶᠢᠭ᠎ᠠ ᠴᠢᠬᠤᠯᠠ ᠶᠡᠭᠡ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠠᠷᠠᠭᠠᠴᠢ ᠶᠢᠨ ᠱᠠᠲᠤᠨ ᠤ ᠬᠤᠶᠠᠷ ᠤᠯᠤᠰ ᠤᠨ ᠬᠠᠷᠢᠯᠴᠠᠭ᠎ᠠ ᠶᠢᠨ ᠬᠥᠭᠵᠢᠯᠲᠡ ᠪᠣᠯᠣᠨ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠳᠤ ᠲᠥᠯᠦᠪᠵᠢᠭᠦᠯᠭᠡ ᠪᠠ ᠪᠠᠶᠢᠷᠢᠯᠠᠭᠤᠯᠤᠯᠲᠠ ᠬᠢᠪᠡ᠃ ᠪᠢᠳᠡ ᠪᠠᠰᠠ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠤᠷᠤᠰ ᠤᠨ ᠬᠤᠯᠪᠣᠭᠠᠨ ᠤ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠶᠢᠨ ᠲᠠᠰᠢᠷᠠᠮ ᠳᠤ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾᠎ ᠳᠤ ᠬᠠᠮᠲᠤ ᠪᠠᠷ ᠭᠠᠷ ᠤᠨ ᠦᠰᠦᠭ ᠵᠢᠷᠤᠭᠰᠠᠨ ᠪᠥᠭᠡᠳ ᠨᠡᠶᠢᠲᠡᠯᠡᠵᠦ᠂ ᠬᠤᠶᠠᠷ ᠤᠯᠤᠰ ᠤᠨ ᠵᠠᠰᠠᠭ ᠤᠨ ᠣᠷᠳᠣᠨ ᠤ ᠬᠤᠭᠤᠷᠣᠨᠳᠣᠭᠢ ᠪᠠ ᠰᠠᠯᠠᠭ᠎ᠠ ᠮᠥᠴᠢᠷ ᠤᠨ ᠬᠤᠭᠤᠷᠣᠨᠳᠣᠭᠢ ᠤᠯᠠᠨ ᠵᠦᠢᠯ ᠤᠨ ᠴᠢᠬᠤᠯᠠ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠭᠡᠷᠡᠴᠢᠯᠡᠵᠦ᠂ ᠳᠤᠮᠳᠠᠳᠤ ᠤᠷᠤᠰ ᠤᠨ ᠬᠠᠷᠢᠯᠴᠠᠭ᠎ᠠ ᠶᠢᠨ ᠡᠷᠡᠭᠦᠯ ᠢᠶᠠᠷ ᠬᠥᠭᠵᠢᠬᠦ ᠳᠤ ᠰᠢᠨ᠎ᠡ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ ᠭᠡᠵᠦ ᠵᠢᠭᠠᠵᠤ ᠭᠠᠷᠭᠠᠵᠠᠢ᠃    ᠰᠢ ᠶᠢᠨ ᠫᠢᠩ᠂ ᠡᠨᠡ ᠵᠢᠯ ᠪᠣᠯ ᠳᠤᠮᠳᠠᠳᠤ ᠤᠷᠤᠰ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠣᠯᠣᠨ᠎ᠠ᠃ ᠨᠢᠭᠡ ᠵᠠᠭᠤᠨ ᠤ ᠳᠦᠷᠪᠡᠨ ᠤ ᠭᠤᠷᠪᠠᠨ ᠬᠤᠪᠢ ᠶᠢᠨ ᠶᠠᠪᠤᠴᠠ ᠳᠤ᠂ ᠳᠤᠮᠳᠠᠳᠤ ᠤᠷᠤᠰ ᠤᠨ ᠬᠠᠷᠢᠯᠴᠠᠭ᠎ᠠ ᠰᠠᠯᠬᠢ ᠪᠣᠷᠣᠭᠠᠨ ᠢ ᠲᠤᠭᠤᠯᠵᠤ᠂ ᠶᠠᠪᠤᠬᠤ ᠲᠤᠳᠤᠮ ᠪᠠᠬᠢᠵᠢᠪᠡ᠃ ᠢᠯᠠᠩᠭᠤᠶ᠎ᠠ ᠰᠢᠨ᠎ᠡ ᠴᠠᠭ ᠦᠶ᠎ᠡ ᠠᠴᠠ ᠨᠠᠭᠠᠰᠢ ᠬᠤᠶᠠᠷ ᠤᠯᠤᠰ ᠤᠨ ᠬᠠᠷᠢᠯᠴᠠᠭᠠᠨ ᠤ ᠪᠠᠶᠢᠷᠢ ᠲᠣᠭᠲᠠᠭᠠᠯᠲᠠ ᠦᠷᠭᠦᠯᠵᠢᠯᠡᠨ ᠳᠡᠭᠡᠭᠰᠢᠯᠡᠵᠦ᠂ ᠬᠠᠮᠲᠤᠷᠠᠯᠴᠠᠭᠠᠨ ᠤ ᠠᠭᠤᠯᠤᠭᠳᠠᠬᠤᠨ ᠡᠳᠦᠷ ᠢᠷᠡᠬᠦᠶ᠎ᠡ ᠪᠠᠶᠠᠯᠢᠭᠵᠢᠵᠤ᠂ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠣᠶᠢᠯᠠᠭᠠᠭᠳᠠᠬᠤᠨ ᠬᠥᠮᠥᠰ ᠤᠨ ᠰᠡᠳᠬᠢᠯ ᠳᠤ ᠭᠦᠨ ᠬᠠᠳᠠᠩᠰᠢᠪᠠ᠃ ᠳᠤᠮᠳᠠᠳᠤ ᠣᠷᠣᠰ ᠤᠨ ᠬᠠᠷᠢᠯᠴᠠᠭ᠎ᠠ ᠨᠢᠭᠡᠨᠲᠡ ᠰᠢᠨ᠎ᠡ ᠭᠡᠯᠪᠡᠷᠢ ᠶᠢᠨ ᠣᠯᠠᠨ ᠤᠯᠤᠰ ᠤᠨ ᠬᠠᠷᠢᠯᠴᠠᠭ᠎ᠠ ᠪᠠ ᠬᠥᠷᠰᠢ ᠵᠡᠷᠭᠡᠯᠡᠳᠡᠭᠡ ᠲᠣᠮᠣ ᠤᠯᠤᠰ ᠤᠨ ᠬᠠᠷᠢᠯᠴᠠᠭᠠᠨ ᠤ ᠦᠯᠢᠭᠡᠷ ᠵᠢᠱᠢᠶ᠎ᠡ ᠪᠣᠯᠵᠠᠢ᠃ ᠳᠤᠮᠳᠠᠳᠤ ᠤᠷᠤᠰ ᠤᠨ ᠬᠠᠷᠢᠯᠴᠠᠭ᠎ᠠ ᠡᠳᠡᠭᠡᠷ ᠢᠯᠡᠷᠬᠡᠢ ᠠᠮᠵᠢᠯᠲᠠ ᠣᠯᠣᠭᠰᠠᠨ ᠨᠢ ᠬᠤᠶᠠᠷ ᠲᠠᠯ᠎ᠠ ᠪᠠᠷ ᠢᠶᠠᠨ ᠢᠮᠠᠭᠲᠠ ︽ᠲᠠᠪᠤ ᠶᠢ ᠪᠠᠷᠢᠮᠲᠠᠯᠠᠭᠰᠠᠨ︾᠎ ᠳᠤ ᠪᠠᠶᠢᠨ᠎ᠠ᠃    ᠨᠢᠭᠡ ᠳᠤ᠂ ᠬᠠᠷᠢᠯᠴᠠᠨ ᠬᠦᠨᠳᠦᠳᠬᠡᠬᠦ ᠪᠠᠷ ᠦᠨᠳᠦᠰᠦ ᠪᠤᠯᠭᠠᠬᠤ ᠶᠢ ᠪᠠᠷᠢᠮᠲᠠᠯᠠᠵᠤ᠂ ᠭᠤᠣᠯᠯᠠᠭᠴᠢ ᠠᠰᠢᠭ ᠲᠤᠰᠠ ᠶᠢᠨ ᠠᠰᠠᠭᠤᠳᠠᠯ ᠳᠡᠭᠡᠷ᠎ᠡ ᠢᠮᠠᠭᠲᠠ ᠬᠠᠷᠢᠯᠴᠠᠨ ᠳᠡᠮᠵᠢᠪᠡ᠃ ᠪᠢ ᠶᠡᠷᠦᠩᠬᠡᠶᠢᠯᠡᠭᠴᠢ ᠫᠦᠲ᠋ᠢᠨ ᠲᠠᠢ ᠬᠠᠮᠲᠤ ᠪᠠᠷ ᠳᠤᠮᠳᠠᠳᠤ ᠤᠷᠤᠰ ᠬᠤᠶᠠᠷ ᠤᠯᠤᠰ ᠲᠣᠮᠣ ᠤᠯᠤᠰ᠂ ᠬᠥᠷᠰᠢ ᠤᠯᠤᠰ ᠤᠨ ᠬᠠᠷᠢᠯᠴᠠᠭᠠᠨ ᠤ ᠬᠥᠭᠵᠢᠯᠲᠡ ᠶᠢᠨ ᠰᠢᠨ᠎ᠡ ᠠᠷᠭ᠎ᠠ ᠵᠠᠮ ᠢᠶᠠᠷ ᠵᠠᠮᠨᠠᠵᠤ ᠴᠢᠳᠠᠭᠰᠠᠨ ᠤ ᠵᠠᠩᠭᠢᠯᠠᠭ᠎ᠠ ᠨᠢ ᠬᠠᠷᠢᠯᠴᠠᠨ ᠭᠦᠨᠳᠦᠳᠭᠡᠵᠦ᠂ ᠡᠷᠬᠡ ᠲᠡᠭᠰᠢ ᠪᠠᠷ ᠬᠠᠨᠳᠤᠵᠤ᠂ ᠢᠮᠠᠭᠲᠠ ᠲᠤᠰ ᠲᠤᠰ ᠤᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠠᠷᠢᠯᠴᠠᠨ ᠡᠷᠡᠰ ᠳᠡᠮᠵᠢᠭᠰᠡᠨ ᠳᠤ ᠪᠠᠶᠢᠨ᠎ᠠ ᠭᠡᠵᠦ ᠰᠠᠨᠠᠯ ᠨᠢᠭᠡᠲᠡᠢ ᠦᠵᠡᠪᠡ᠃ ᠡᠨᠡ ᠨᠢ ᠮᠥᠨ ᠴᠦ ᠳᠤᠮᠳᠠᠳᠤ ᠤᠷᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠭᠤᠣᠯ ᠠᠭᠤᠯᠭ᠎ᠠ ᠪᠣᠯᠣᠨ᠎ᠠ᠃ ᠬᠤᠶᠠᠷ ᠲᠠᠯ᠎ᠠ ᠪᠠᠷ ᠢᠶᠠᠨ ︽ᠬᠤᠯᠪᠣᠭᠠᠯᠠᠬᠤ ᠦᠭᠡᠢ᠂ ᠡᠰᠡᠷᠭᠦᠴᠡᠯᠳᠦᠬᠦ ᠦᠭᠡᠢ᠂ ᠭᠤᠷᠪᠠᠳᠤᠭᠠᠷ ᠡᠲᠡᠭᠡᠳ ᠲᠤ ᠴᠢᠭᠯᠡᠭᠦᠯᠬᠦ ᠦᠭᠡᠢ︾ ᠵᠠᠷᠴᠢᠮ ᠢ ᠦᠷᠭᠦᠯᠵᠢᠯᠡᠨ ᠪᠠᠷᠢᠮᠲᠠᠯᠠᠵᠤ᠂ ᠤᠯᠤᠰ ᠲᠦᠷᠦ ᠶᠢᠨ ᠢᠲᠡᠭᠡᠯᠴᠡᠭᠡ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠲᠤᠰ ᠲᠤᠰ ᠤᠨ ᠰᠣᠩᠭᠤᠭᠰᠠᠨ ᠬᠥᠭᠵᠢᠯᠲᠡ ᠶᠢᠨ ᠵᠠᠮ ᠢ ᠭᠦᠨᠳᠦᠳᠭᠡᠵᠦ᠂ ᠬᠠᠷᠢᠯᠴᠠᠨ ᠡᠷᠡᠰ ᠳᠡᠮᠵᠢᠬᠦ ᠳᠤᠮᠳᠠ ᠲᠤᠰ ᠲᠤᠰ ᠤᠨ ᠬᠥᠭᠵᠢᠯ ᠮᠠᠨᠳᠤᠯ ᠢᠶᠠᠨ ᠪᠡᠶᠡᠯᠡᠭᠦᠯᠦᠨ᠎ᠡ᠃    ᠬᠤᠶᠠᠷ ᠲᠤ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠪᠠᠷ ᠬᠥᠳᠡᠯᠭᠡᠬᠦ ᠬᠦᠴᠦᠨ ᠪᠤᠯᠭᠠᠬᠤ ᠶᠢ ᠪᠠᠷᠢᠮᠲᠠᠯᠠᠵᠤ᠂ ᠳᠤᠮᠳᠠᠳᠤ ᠤᠷᠤᠰ ᠤᠨ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠢ ᠪᠠᠶᠢᠬᠤ ᠰᠢᠨ᠎ᠡ ᠪᠠᠶᠢᠷᠢᠰᠢᠯ ᠢ ᠪᠠᠶᠢᠭᠤᠯᠤᠨ᠎ᠠ᠃ ᠨᠢᠳᠤᠨᠤᠨ ᠳᠤᠮᠳᠠᠳᠤ ᠤᠷᠤᠰ ᠤᠨ ᠬᠤᠶᠠᠷ ᠲᠠᠯ᠎ᠠ ᠶᠢᠨ ᠠᠷᠠᠯᠵᠢᠶᠠᠨ ᠤ ᠬᠡᠮᠵᠢᠶ᠎ᠡ 2400 ᠳ᠋ᠦᠩᠰᠢᠭᠤᠷ ᠳ᠋ᠣᠯᠯᠠᠷ ᠢ ᠳᠠᠪᠠᠵᠤ ᠂ 10 ᠵᠢᠯ ᠤᠨ ᠡᠮᠦᠨᠡᠬᠢ ᠠᠴᠠ 1.7 ᠲᠠᠭᠢᠨ ᠰᠢᠬᠠᠮ ᠨᠡᠮᠡᠭᠳᠡᠵᠡᠢ᠃ ᠡᠨᠡ ᠪᠣᠯ ᠳᠤᠮᠳᠠᠳᠤ ᠤᠷᠤᠰ ᠬᠤᠶᠠᠷ ᠤᠯᠤᠰ ᠤᠨ ᠪᠦᠭᠦ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠦᠭᠰᠡᠨ ᠤ ᠬᠤᠷᠢᠶᠠᠩᠭᠤᠢ ᠳᠦᠷᠰᠦ ᠪᠣᠯᠣᠨ᠎ᠠ᠃ ᠪᠢ ᠶᠡᠷᠦᠩᠬᠡᠶᠢᠯᠡᠭᠴᠢ ᠫᠦᠲ᠋ᠢᠨ ᠲᠠᠢ ᠬᠠᠮᠲᠤ ᠪᠠᠷ ᠬᠤᠶᠠᠷ ᠤᠯᠤᠰ ᠤᠨ ᠠᠰᠢᠭ ᠲᠤᠰᠠ ᠶᠢᠨ ᠨᠡᠶᠢᠯᠡᠯ ᠴᠡᠭ ᠢ ᠢᠳᠡᠪᠬᠢᠲᠡᠢ ᠡᠷᠢᠯᠬᠢᠯᠡᠵᠦ᠂ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠠᠰᠢᠭ ᠲᠤᠰᠠ ᠶᠢᠨ ᠠᠭᠤᠰᠤᠯᠴᠠᠯ ᠢ ᠭᠦᠨᠵᠡᠭᠡᠶᠢᠷᠡᠭᠦᠯᠵᠦ᠂ ᠬᠠᠮᠲᠤ ᠪᠠᠷ ᠠᠮᠵᠢᠯᠲᠠ ᠪᠦᠲᠦᠮᠵᠢ ᠣᠯᠬᠤ ᠶᠢ ᠪᠡᠶᠡᠯᠡᠭᠦᠯᠦᠨ᠎ᠡ ᠭᠡᠵᠦ ᠰᠠᠨᠠᠯ ᠨᠢᠭᠡᠲᠡᠢ ᠦᠵᠡᠪᠡ᠃ ᠬᠠᠮᠲᠤᠷᠠᠯᠴᠠᠭᠠᠨ ᠤ ᠪᠦᠲᠦᠴᠡ ᠶᠢ ᠴᠢᠨᠠᠭᠰᠢᠳᠠ ᠰᠢᠯᠢᠳᠡᠭᠵᠢᠭᠦᠯᠵᠦ᠂ ᠠᠵᠤ ᠠᠬᠤᠢ ᠠᠷᠠᠯᠵᠢᠶ᠎ᠠ ᠵᠡᠷᠭᠡ ᠤᠯᠠᠮᠵᠢᠯᠠᠯᠲᠤ ᠬᠦᠷᠢᠶ᠎ᠡ ᠴᠠᠷᠠᠭᠠᠨ ᠳᠠᠬᠢ ᠬᠠᠮᠲᠤᠷᠠᠯᠴᠠᠭᠠᠨ ᠤ ᠰᠠᠶᠢᠨ ᠰᠠᠶᠢᠬᠠᠨ ᠬᠠᠨᠳᠤᠰᠢ ᠶᠢ ᠰᠠᠶᠢᠲᠤᠷ ᠪᠠᠬᠢᠵᠢᠭᠦᠯᠵᠦ᠂ ᠰᠠᠭᠤᠷᠢ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠤᠨ ᠲᠣᠣᠷ ᠰᠦᠯᠵᠢᠶ᠎ᠡ ᠶᠢ ᠪᠠᠶᠢᠭᠤᠯᠬᠤ ᠶᠢ ᠳᠡᠮᠵᠢᠵᠦ᠂ ᠬᠤᠰᠢᠭᠤᠷᠠᠯ ᠬᠦᠷᠢᠶ᠎ᠡ ᠴᠠᠷᠠᠭᠠᠨ ᠳᠠᠬᠢ ᠬᠠᠮᠲᠤᠷᠠᠯᠴᠠᠭᠠᠨ ᠤ ᠳᠠᠯᠳᠠ ᠬᠦᠴᠦᠨ ᠢ ᠦᠷᠭᠦᠯᠵᠢᠯᠡᠨ ᠪᠠᠳᠠᠷᠠᠭᠤᠯᠵᠤ᠂ ᠪᠣᠭᠤᠮᠲᠠ ᠪᠣᠯᠣᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠬᠠᠮᠠᠭᠠᠯᠠᠨ᠎ᠠ᠃    ᠭᠤᠷᠪᠠ ᠳᠤ᠂ ᠦᠶ᠎ᠡ ᠶᠢᠨ ᠦᠶ᠎ᠡ ᠤᠯᠠᠮᠵᠢᠯᠠᠭᠰᠠᠨ ᠨᠥᠬᠦᠷᠯᠡᠯ ᠢᠶᠠᠷ ᠰᠠᠭᠤᠷᠢ ᠪᠤᠯᠭᠠᠬᠤ ᠶᠢ ᠪᠠᠷᠢᠮᠲᠠᠯᠠᠵᠤ᠂ ᠳᠤᠮᠳᠠᠳᠤ ᠤᠷᠤᠰ ᠤᠨ ᠨᠥᠬᠦᠷᠯᠡᠯ ᠤᠨ ᠭᠠᠯ ᠪᠠᠮᠪᠠᠷ ᠢ ᠬᠠᠮᠲᠤ ᠪᠠᠷ ᠳᠠᠮᠵᠢᠭᠤᠯᠤᠨ᠎ᠠ᠃ ᠳᠤᠮᠳᠠᠳᠤ ᠣᠷᠣᠰ ᠬᠤᠶᠠᠷ ᠤᠯᠤᠰ ᠴᠥᠮ ᠥᠨᠢ ᠤᠳᠠᠭᠠᠨ ᠲᠡᠦᠬᠡ ᠪᠠ ᠭᠡᠷᠡᠯ ᠰᠠᠴᠤᠷᠠᠩᠭᠤᠢ ᠰᠣᠶᠣᠯ ᠲᠠᠢ ᠪᠠᠶᠢᠵᠤ᠂ ᠫᠦᠱᠺᠢᠨ᠂ ᠲᠤᠯᠰᠲ᠋ᠤᠢ ᠶᠢᠨ ᠪᠦᠲᠦᠭᠡᠯ ᠢ ᠳᠤᠮᠳᠠᠳᠤ ᠤᠯᠤᠰ ᠲᠤ ᠳᠠᠶᠠᠭᠠᠷ ᠢᠶᠠᠨ ᠮᠡᠳᠡᠳᠡᠭ᠂ ᠪᠡᠭᠡᠵᠢᠩ ᠵᠦᠴᠦᠭᠡ᠂ ᠨᠡᠷᠡᠬᠦᠢ ᠨᠢᠳᠤᠷᠭ᠎ᠠ ᠵᠡᠷᠭᠡ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠨᠢ ᠴᠦ ᠣᠷᠣᠰ ᠤᠨ ᠠᠷᠠᠳ ᠲᠦᠮᠡᠨ ᠤ ᠪᠠᠭ᠋ᠠᠷᠬᠠᠯ ᠢ ᠶᠡᠬᠡᠳᠡ ᠣᠯᠣᠭᠰᠠᠨ ᠶᠤᠮ᠃ ᠣᠳᠣᠬᠠᠨ ᠳᠤ ᠬᠤᠶᠠᠷ ᠲᠠᠯ᠎ᠠ ᠪᠠᠷ ᠢᠶᠠᠨ ︽2030 ᠣᠨ ᠠᠴᠠ ᠡᠮᠦᠨᠡᠬᠢ ᠳᠤᠮᠳᠠᠳᠤ ᠤᠷᠤᠰ ᠤᠨ ᠰᠣᠶᠣᠯ ᠢᠷᠭᠡᠨᠰᠢᠯ ᠤᠨ ᠬᠠᠮᠲᠤᠷᠠᠯᠴᠠᠭᠠᠨ ᠤ ᠵᠠᠮ ᠱᠤᠭᠤᠮ ᠤᠨ ᠵᠢᠷᠤᠭ︾᠎ ᠢ ᠨᠠᠶᠢᠳᠠᠪᠤᠷᠢᠵᠢᠭᠤᠯᠬᠤ ᠪᠠᠷ ᠭᠤᠣᠯ ᠰᠢᠵᠢᠮ ᠪᠤᠯᠭᠠᠵᠤ᠂ ᠰᠣᠶᠣᠯ ᠢᠷᠭᠡᠨᠰᠢᠯ ᠤᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠲᠠᠰᠤᠷᠠᠯᠳᠡ ᠦᠭᠡᠢ ᠥᠷᠭᠡᠳᠬᠡᠵᠦ ᠪᠠᠶᠢᠨ᠎ᠠ᠃ ᠪᠢ ᠶᠡᠷᠦᠩᠬᠡᠶᠢᠯᠡᠭᠴᠢ ᠫᠦᠲ᠋ᠢᠨ ᠲᠠᠢ ᠬᠠᠮᠲᠤ ᠪᠠᠷ ᠡᠨᠡ ᠵᠢᠯ ᠪᠠ ᠢᠷᠡᠬᠦ ᠵᠢᠯ ᠢ ︽ᠳᠤᠮᠳᠠᠳᠤ ᠤᠷᠤᠰ ᠤᠨ ᠰᠣᠶᠣᠯ ᠤᠨ ᠣᠨ︾᠎ ᠢᠶᠠᠷ ᠲᠣᠭᠲᠠᠭᠠᠵᠤ᠂ ᠬᠤᠶᠠᠷ ᠲᠠᠯ᠎ᠠ ᠪᠠᠷ ᠢᠶᠠᠨ ᠤᠯᠠᠨ ᠲᠦᠮᠡᠨ ᠲᠠᠢ ᠣᠶᠢᠷᠠᠲᠤᠭᠰᠠᠨ᠂ ᠠᠷᠠᠳ ᠤᠨ ᠰᠡᠳᠬᠢᠯ ᠢ ᠬᠤᠯᠪᠣᠭᠰᠠᠨ᠂ ᠬᠠᠯᠠᠭᠤᠨ ᠰᠡᠳᠬᠢᠯᠭᠡ ᠲᠠᠢ ᠠᠯᠢ ᠤᠯᠠᠨ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠶᠢ ᠥᠷᠨᠢᠭᠦᠯᠵᠦ᠂ ᠬᠤᠶᠠᠷ ᠤᠯᠤᠰ ᠤᠨ ᠨᠡᠶᠢᠭᠡᠮ ᠤᠨ ᠡᠯ᠎ᠡ ᠡᠲᠡᠭᠡᠳ᠂ ᠡᠯ᠎ᠡ ᠭᠠᠵᠠᠷ ᠤᠨ ᠬᠢᠨ ᠤ ᠶᠠᠪᠤᠯᠴᠠᠭ᠎ᠠ ᠪᠠᠨ ᠴᠢᠩᠭᠠᠳᠬᠠᠬᠤ ᠶᠢ ᠵᠣᠷᠢᠭᠵᠢᠭᠤᠯᠵᠤ᠂ ᠠᠷᠠᠳ ᠤᠨ ᠰᠡᠳᠬᠢᠯ ᠤᠨ ᠣᠶᠢᠯᠠᠭᠠᠯᠴᠠᠭ᠎ᠠ ᠨᠡᠪᠲᠡᠷᠡᠯᠴᠡᠭᠡ᠂ ᠳᠣᠲᠣᠨᠣᠰᠤᠭ ᠶᠠᠪᠤᠯᠴᠠᠭ᠎ᠠ ᠶᠢ ᠨᠡᠩ ᠰᠠᠶᠢᠲᠤᠷ ᠠᠬᠢᠭᠤᠯᠤᠨ᠎ᠠ᠃    ᠳᠥᠷᠪᠡ ᠳᠤ᠂ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠷ ᠲᠤᠯᠭᠠᠭᠤᠷᠢᠯᠠᠯ ᠪᠤᠯᠭᠠᠬᠤ ᠶᠢ ᠪᠠᠷᠢᠮᠲᠠᠯᠠᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠵᠥᠪ ᠴᠢᠭᠯᠡᠯ ᠢ ᠬᠥᠲᠥᠯᠥᠨ ᠳᠠᠭᠠᠭᠤᠯᠤᠨ᠎ᠠ᠃ ᠬᠤᠶᠠᠷ ᠲᠠᠯ᠎ᠠ ᠪᠠᠷ ᠢᠶᠠᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠬᠤᠷᠢᠨ ᠤᠯᠤᠰ ᠤᠨ ᠪᠦᠯᠦᠭᠯᠡᠯ ᠵᠡᠷᠭᠡ ᠤᠯᠠᠨ ᠲᠠᠯᠠᠲᠤ ᠲᠠᠪᠴᠠᠩ ᠳᠤ ᠵᠣᠬᠢᠴᠠᠭᠤᠯᠭ᠎ᠠ ᠪᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠵᠢᠩᠬᠢᠨᠢ ᠤᠯᠠᠨ ᠲᠠᠯᠠᠲᠤ ᠦᠵᠡᠯ ᠢᠶᠠᠷ ᠳᠡᠯᠡᠬᠡᠢ ᠶᠢᠨ ᠤᠯᠠᠨ ᠲᠦᠢᠯᠰᠢᠷᠠᠯᠲᠠ ᠪᠠ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠤᠨ᠎ᠠ᠃ ᠡᠨᠡ ᠵᠢᠯ ᠤᠷᠤᠰ ᠠᠯᠳᠠᠨ ᠲᠣᠭᠤᠰᠭ᠋᠎ᠠ ᠤᠯᠤᠰ ᠤᠳ ᠤᠨ ᠵᠢᠵᠢᠭᠦᠷ ᠲᠡᠷᠢᠭᠦᠯᠡᠭᠴᠢ ᠤᠯᠤᠰ ᠤᠨ ᠲᠤᠰᠢᠶᠠᠯ ᠢ ᠡᠭᠦᠷᠭᠡᠯᠡᠨ᠎ᠡ᠂ ᠵᠢᠯ ᠤᠨ ᠳᠣᠲᠣᠷ᠎ᠠ ᠳᠤᠮᠳᠠᠳᠤ ᠶᠢᠨ ᠲᠠᠯ᠎ᠠ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠤᠨ ᠲᠤᠰᠢᠶᠠᠯ ᠢ ᠭᠥᠯᠢᠶᠡᠨ ᠠᠪᠤᠨ᠎ᠠ᠂ ᠬᠤᠶᠠᠷ ᠲᠠᠯ᠎ᠠ ᠪᠠᠷ ᠢᠶᠠᠨ ᠲᠡᠷᠢᠭᠦᠯᠡᠭᠴᠢ ᠤᠯᠤᠰ ᠤᠨ ᠠᠵᠢᠯ ᠢᠶᠠᠨ ᠬᠠᠷᠢᠯᠴᠠᠨ ᠲᠡᠮᠵᠢᠵᠤ᠂ ᠨᠡᠩ ᠪᠦᠭᠦ ᠲᠠᠯ᠎ᠠ ᠶᠢᠨ᠂ ᠨᠠᠷᠢᠨ ᠨᠢᠭᠲᠠ᠂ ᠪᠣᠳᠠᠲᠠᠢ ᠶᠢ ᠡᠷᠬᠢᠮᠯᠡᠭᠰᠡᠨ᠂ ᠪᠠᠭᠲᠠᠭᠠᠮᠵᠢᠲᠠᠢ ᠴᠢᠨᠠᠷ ᠰᠠᠶᠢᠲᠠᠢ ᠬᠠᠨᠢᠲᠠᠨ ᠤ ᠬᠠᠷᠢᠯᠴᠠᠭ᠎ᠠ ᠶᠢ ᠪᠠᠶᠢᠭᠤᠯᠵᠤ᠂ ︽ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ︾᠎ ᠢ ᠪᠦᠯᠬᠦᠮᠳᠡᠭᠦᠯᠦᠨ ᠪᠤᠵᠠᠭᠠᠶᠢᠷᠠᠭᠤᠯᠤᠨ᠎ᠠ᠃    ᠲᠠᠪᠤ ᠳᠤ᠂ ᠲᠥᠪ ᠭᠤᠣᠯᠴᠢ ᠰᠢᠳᠤᠷᠭᠤ ᠶᠣᠰᠣ ᠪᠠᠷ ᠵᠣᠷᠢᠯᠲᠠ ᠪᠤᠯᠭᠠᠬᠤ ᠶᠢ ᠪᠠᠷᠢᠮᠲᠠᠯᠠᠵᠤ᠂ ᠬᠠᠯᠠᠮᠰᠢᠯ ᠠᠰᠠᠭᠤᠳᠠᠯ ᠢ ᠤᠯᠤᠰ ᠲᠦᠷᠦ ᠪᠠᠷ ᠰᠢᠢᠳᠪᠦᠷᠢᠯᠡᠬᠦ ᠶᠢ ᠠᠬᠢᠭᠤᠯᠬᠤ ᠪᠠᠷ ᠴᠢᠷᠮᠠᠶᠢᠨ᠎ᠠ᠃ ᠣᠳᠣᠬᠠᠨ ᠤ ᠳᠡᠯᠡᠬᠡᠢ ᠶᠢᠷᠲᠢᠨᠴᠦ ᠳᠤ ᠬᠦᠢᠲᠡᠨ ᠲᠠᠶᠢᠨ ᠤ ᠰᠡᠳᠬᠢᠬᠦᠢ ᠰᠠᠷᠨᠢᠭ᠎ᠠ ᠦᠭᠡᠢ ᠪᠠᠶᠢᠵᠤ᠂ ᠭᠠᠭᠴᠠ ᠲᠠᠯ᠎ᠠ ᠪᠠᠷ ᠢᠶᠠᠨ ᠡᠵᠡᠷᠬᠡᠭᠴᠢ ᠪᠤᠯᠬᠤ᠂ ᠯᠡᠭᠧᠷ ᠤᠨ ᠡᠰᠡᠷᠭᠦᠴᠡᠯᠳᠦᠯ᠂ ᠬᠦᠴᠦᠷᠬᠡᠭᠯᠡᠯ ᠤᠨ ᠤᠯᠤᠰ ᠲᠦᠷᠦ ᠨᠢ ᠳᠡᠯᠡᠬᠡᠢ ᠶᠢᠨ ᠡᠩᠬᠡ ᠲᠠᠶᠢᠪᠤᠩ ᠪᠠ ᠡᠯ᠎ᠡ ᠤᠯᠤᠰ ᠤᠨ ᠠᠮᠤᠷ ᠲᠦᠪᠰᠢᠨ ᠢ ᠰᠦᠷᠳᠡᠭᠦᠯᠵᠦ ᠪᠠᠶᠢᠨ᠎ᠠ᠃ ᠫᠠᠯᠧᠰᠲ᠋ᠠᠶᠢᠨ ᠢᠰᠷᠧᠯ ᠤᠨ ᠮᠥᠷᠭᠦᠯᠳᠦᠭᠡᠨ ᠤ ᠠᠰᠠᠭᠤᠳᠠᠯ ᠢ ᠰᠢᠢᠳᠪᠦᠷᠢᠯᠡᠬᠦ ᠶᠠᠪᠤᠳᠠᠯ ᠲᠤᠯᠭᠠᠮ ᠪᠣᠯᠣᠭᠠᠳ ᠪᠠᠶᠢᠨ᠎ᠠ ᠭᠡᠵᠦ ᠪᠢ ᠶᠡᠷᠦᠩᠬᠡᠶᠢᠯᠡᠭᠴᠢ ᠫᠦᠲ᠋ᠢᠨ ᠲᠠᠢ ᠰᠠᠨᠠᠯ ᠨᠢᠭᠡᠲᠡᠢ ᠦᠵᠡᠪᠡ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠢᠢᠳᠪᠦᠷᠢ ᠶᠢ ᠦᠨᠡᠨ ᠬᠦ ᠬᠡᠷᠡᠭᠵᠢᠭᠦᠯᠵᠦ᠂ ︽ᠬᠤᠶᠠᠷ ᠤᠯᠤᠰ ᠤᠨ ᠲᠥᠰᠥᠯ ︾᠎ ᠢᠶᠠᠷ ᠰᠠᠭᠤᠷᠢ ᠪᠣᠯᠭᠠᠨ ᠫᠠᠯᠧᠰᠲ᠋ᠠᠶᠢᠨ ᠤ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠦᠺᠷᠠᠶᠢᠨ ᠤ ᠬᠢᠮᠤᠷᠠᠯ ᠢ ᠤᠯᠤᠰ ᠲᠥᠷᠥ ᠪᠠᠷ ᠰᠢᠢᠳᠪᠦᠷᠢᠯᠡᠬᠦ ᠪᠣᠯ ᠵᠥᠪ ᠴᠢᠭᠯᠡᠯ ᠮᠥᠨ ᠭᠡᠵᠦ ᠬᠤᠶᠠᠷ ᠲᠠᠯ᠎ᠠ ᠪᠠᠷ ᠢᠶᠠᠨ ᠰᠠᠨᠠᠯ ᠨᠢᠭᠡᠲᠡᠢ ᠦᠵᠡᠵᠦ ᠪᠠᠶᠢᠨ᠎ᠠ᠃ ᠳᠤᠮᠳᠠᠳᠤ ᠤᠯᠤᠰ ᠤᠨ ᠡᠨᠡ ᠬᠦ ᠠᠰᠠᠭᠤᠳᠠᠯ ᠳᠡᠭᠡᠷᠡᠬᠢ ᠵᠣᠭᠰᠣᠯᠲᠠ ᠪᠣᠯ ᠢᠮᠠᠭᠲᠠ ᠶᠢᠨ ᠪᠥᠭᠡᠳ ᠲᠣᠳᠣᠷᠬᠠᠢ ᠶᠤᠮ᠂ ᠡᠭᠦᠨ ᠳᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢ ᠵᠢᠷᠤᠮᠯᠠᠬᠤ᠂ ᠡᠯ᠎ᠡ ᠤᠯᠤᠰ ᠤᠨ ᠡᠷᠬᠡ ᠮᠡᠳᠡᠯ ᠪᠠ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠦᠨᠳᠦᠳᠬᠡᠬᠦ᠂ ᠡᠯ᠎ᠡ ᠲᠠᠯ᠎ᠠ ᠶᠢᠨ ᠬᠢᠨ ᠤ ᠠᠮᠤᠷ ᠲᠦᠪᠰᠢᠨ ᠤ ᠲᠤᠬᠠᠢ ᠵᠦᠢ ᠶᠣᠰᠣᠨ ᠤ ᠠᠩᠬᠠᠷᠤᠯ ᠢ ᠬᠦᠨᠳᠦᠳᠬᠡᠬᠦ᠂ ᠲᠡᠩᠴᠡᠭᠦᠷᠢᠲᠡᠢ᠂ ᠪᠦᠲᠦᠮᠵᠢᠲᠡᠢ᠂ ᠦᠷᠭᠦᠯᠵᠢᠯᠡᠬᠦ ᠰᠢᠨ᠎ᠡ ᠮᠠᠶ᠋ᠢᠭ ᠤᠨ ᠠᠮᠤᠷ ᠲᠦᠪᠰᠢᠨ ᠤ ᠪᠣᠷᠣ ᠲᠥᠯᠥᠪ ᠢ ᠪᠠᠶᠢᠭᠤᠯᠬᠤ ᠵᠡᠷᠭᠡ ᠶᠢ ᠪᠠᠭᠲᠠᠭᠠᠨ᠎ᠠ᠃ ᠳᠤᠮᠳᠠᠳᠤ ᠤᠯᠤᠰ ᠡᠸᠦ᠋ᠷᠦᠫᠡ ᠲᠢᠪ ᠤᠨ ᠡᠬᠡ ᠬᠠᠭᠤᠷᠠᠢ ᠡᠷᠲᠡᠬᠡᠨ ᠡᠩᠬᠡ ᠲᠠᠶᠢᠪᠤᠩ ᠲᠣᠭᠲᠠᠭᠤᠨ ᠪᠠᠶᠢᠳᠠᠯ ᠢᠶᠠᠨ ᠰᠡᠷᠭᠦᠭᠡᠬᠦ ᠶᠢ ᠬᠦᠰᠡᠵᠦ ᠪᠠᠶᠢᠨ᠎ᠠ᠂ ᠳᠤᠷᠠᠲᠠᠶ᠎ᠠ ᠡᠭᠦᠨ ᠤ ᠲᠥᠯᠥᠭᠡ ᠦᠷᠭᠦᠯᠵᠢᠯᠡᠨ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠦᠨ᠎ᠡ ᠭᠡᠵᠦ ᠴᠢᠬᠤᠯᠠᠴᠢᠯᠠᠪᠠ᠃ᠰᠢ ᠶᠢᠨ ᠫᠢᠩ᠂ ᠤᠯᠠᠨ ᠤ ᠬᠦᠴᠦᠨ ᠳᠤ ᠣᠪᠣᠭ᠎ᠠ ᠪᠣᠰᠣᠨ᠎ᠠ᠂ ᠲᠤᠰᠤᠯ ᠬᠤᠷᠠᠮᠳᠤᠵᠤ ᠲᠠᠯᠠᠢ ᠪᠣᠯᠣᠨ᠎ᠠ᠃ 75 ᠵᠢᠯ ᠤᠨ ᠪᠠᠲᠤ ᠪᠠᠬᠢ ᠬᠤᠷᠠᠮᠳᠤᠭᠤᠯᠤᠯ ᠢᠶᠠᠷ ᠳᠡᠮᠵᠢᠨ ᠳᠤᠮᠳᠠᠳᠤ ᠣᠷᠣᠰ ᠬᠤᠶᠠᠷ ᠤᠯᠤᠰ ᠤᠨ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠪᠠ ᠪᠦᠭᠦ ᠲᠠᠯ᠎ᠠ ᠶᠢᠨ ᠬᠠᠮᠲᠤᠷᠠᠯᠴᠠᠭ᠎ᠠ ᠨᠢ ᠨᠢᠭᠡᠨᠲᠡ ᠬᠤᠶᠠᠷ ᠲᠠᠯ᠎ᠠ ᠶᠢᠨ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠲᠠᠰᠤᠷᠠᠯᠲᠠ ᠦᠭᠡᠢ ᠤᠷᠤᠭᠰᠢᠯᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠵᠤ ᠪᠦᠷᠢᠯᠳᠦᠪᠡ᠃ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠳᠤᠮᠳᠠᠳᠤ ᠤᠷᠤᠰ ᠬᠤᠶᠠᠷ ᠲᠠᠯ᠎ᠠ ᠪᠠᠷ ᠢᠶᠠᠨ ᠢᠮᠠᠭᠲᠠ ᠤᠭ ᠰᠠᠨᠠᠭ᠎ᠠ ᠪᠠᠨ ᠪᠠᠲᠤ ᠰᠠᠬᠢᠵᠤ᠂ ᠬᠦᠴᠦ ᠪᠠᠨ ᠬᠠᠮᠲᠤᠳᠬᠠᠨ ᠬᠠᠷᠢᠭᠤᠴᠠᠯᠭ᠎ᠠ ᠡᠭᠦᠷᠭᠡᠯᠡᠵᠦ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠴᠦ᠂ ᠳᠡᠯᠡᠬᠡᠢ ᠶᠢᠨ ᠠᠮᠤᠷ ᠲᠦᠪᠰᠢᠨ ᠲᠣᠭᠲᠠᠭᠤᠨ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠵᠢᠭᠠᠵᠤ ᠭᠠᠷᠭᠠᠪᠠ᠃ᠫᠦᠲ᠋ᠢᠨ᠂ ᠨᠢᠳᠤᠨᠤᠨ ᠲᠡᠷᠢᠭᠦᠯᠡᠭᠴᠢ ᠰᠢ ᠶᠢᠨ ᠫᠢᠩ ᠦᠷᠭᠦᠯᠵᠢᠯᠡᠨ ᠲᠤᠰᠢᠶᠠᠯ ᠡᠭᠦᠷᠭᠡᠯᠡᠭᠡᠳ ᠤᠳᠠᠭᠰᠠᠨ ᠦᠭᠡᠢ ᠤᠷᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠪᠠᠶᠢᠨ᠎ᠠ᠂ ᠪᠢ ᠡᠨᠡ ᠤᠳᠠᠭ᠎ᠠ ᠦᠷᠭᠦᠯᠵᠢᠯᠡᠨ ᠲᠤᠰᠢᠶᠠᠯ ᠡᠭᠦᠷᠭᠡᠯᠡᠭᠰᠡᠨ ᠤ ᠲᠠᠷᠠᠭ᠎ᠠ ᠳᠤᠮᠳᠠᠳᠤ ᠤᠯᠤᠰ ᠢ ᠠᠩᠬ᠎ᠠ ᠤᠳᠠᠭ᠎ᠠ ᠠᠶᠢᠯᠴᠢᠯᠠᠯᠲᠠ ᠬᠢᠬᠦ ᠤᠯᠤᠰ ᠪᠤᠯᠭᠠᠬᠰᠠᠨ ᠨᠢ ᠤᠷᠤᠰ ᠳᠤᠮᠳᠠᠳᠤ ᠶᠢᠨ ᠬᠠᠷᠢᠯᠴᠠᠭ᠎ᠠ ᠶᠢᠨ ᠣᠨᠴᠠᠭᠠᠢ ᠴᠢᠨᠠᠷ ᠪᠣᠯᠣᠨ ᠥᠨᠳᠥᠷ ᠲᠦᠪᠰᠢᠨ ᠵᠢᠴᠢ ᠤᠷᠤᠰ ᠳᠤᠮᠳᠠᠳᠤ ᠬᠤᠶᠠᠷ ᠲᠠᠯ᠎ᠠ ᠪᠠᠷ ᠢᠶᠠᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠳᠠᠬᠢᠨᠲᠠ ᠢᠯᠡᠳᠬᠡᠪᠡ᠃ ᠤᠷᠤᠰ ᠳᠤᠮᠳᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠲᠤᠷᠰᠢ ᠬᠤᠶᠠᠷ ᠤᠯᠤᠰ ᠤᠨ ᠬᠠᠷᠢᠯᠴᠠᠭ᠎ᠠ ᠨᠢᠭᠡᠨᠲᠡ ᠲᠣᠮᠣ ᠤᠯᠤᠰ ᠂ ᠬᠥᠷᠰᠢ ᠤᠯᠤᠰ ᠤᠨ ᠬᠠᠨᠢᠲᠠᠨ ᠤ ᠬᠠᠷᠢᠯᠴᠠᠭ᠎ᠠ ᠪᠠᠨ ᠬᠥᠭᠵᠢᠭᠦᠯᠬᠦ ᠬᠡᠪ ᠳᠠᠭᠤᠷᠢᠶᠠᠯ ᠪᠣᠯᠵᠤ᠂ ᠬᠤᠶᠠᠷ ᠤᠯᠤᠰ ᠤᠨ ᠬᠠᠮᠲᠤᠷᠠᠯᠴᠠᠭᠠᠨ ᠤ ᠠᠭᠤᠯᠭ᠎ᠠ ᠪᠠᠶᠠᠯᠢᠭ᠂ ᠦᠷ᠎ᠡ ᠪᠦᠲᠦᠭᠡᠯ ᠡᠯᠪᠡᠭ ᠪᠣᠯᠵᠠᠢ᠃ ᠪᠢ ᠲᠡᠷᠢᠭᠦᠯᠡᠭᠴᠢ ᠰᠢ ᠶᠢᠨ ᠫᠢᠩ ᠲᠠᠢ ᠨᠢᠭᠲᠠ ᠣᠯᠣᠯᠴᠠᠭ᠎ᠠ ᠪᠠ ᠰᠠᠶᠢᠨ ᠰᠠᠶᠢᠬᠠᠨ ᠬᠠᠷᠢᠯᠴᠠᠭ᠎ᠠ ᠪᠠᠨ ᠪᠠᠲᠤᠯᠠᠵᠤ᠂ ᠮᠠᠨ ᠤ ᠬᠤᠶᠠᠷ ᠲᠠᠯ᠎ᠠ ᠪᠠᠷ ᠢᠶᠠᠨ ᠤᠷᠤᠰ ᠳᠤᠮᠳᠠᠳᠤ ᠶᠢᠨ ᠬᠠᠷᠢᠯᠴᠠᠭᠠᠨ ᠤ ᠣᠳᠣᠬᠢ ᠪᠠᠶᠢᠳᠠᠯ ᠳᠤ ᠰᠡᠳᠬᠢᠯ ᠬᠠᠨᠤᠮᠵᠢᠲᠠᠢ ᠪᠠᠶᠢᠬᠤ ᠪᠠᠨ ᠢᠯᠡᠳᠬᠡᠵᠦ᠂ ᠢᠷᠡᠭᠡᠳᠦᠢ ᠶᠢᠨ ᠬᠠᠮᠲᠤᠷᠠᠯᠴᠠᠭ᠎ᠠ ᠳᠤ ᠢᠲᠡᠭᠡᠯ ᠳᠦᠭᠦᠷᠡᠩ ᠪᠠᠶᠢᠨ᠎ᠠ᠃ ᠤᠷᠤᠰ ᠤᠨ ᠲᠠᠯ᠎ᠠ ᠶᠢᠨ ᠬᠢᠨ ᠳᠤᠮᠳᠠᠳᠤ ᠤᠯᠤᠰ ᠢ ᠤᠷᠳᠤ ᠬᠤᠭᠤᠴᠠᠭᠠᠨ ᠤ ᠨᠠᠶᠢᠳᠠᠪᠤᠷᠢᠲᠠᠢ ᠬᠠᠮᠲᠤᠷᠠᠯᠴᠠᠭᠠᠨ ᠤ ᠬᠠᠨᠢᠲᠠᠨ ᠢᠶᠠᠨ ᠪᠤᠯᠭᠠᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠤᠰ ᠲᠦᠷᠦ᠂ ᠠᠵᠤ ᠠᠬᠤᠢ᠂ ᠰᠣᠶᠣᠯ᠂ ᠰᠤᠷᠭᠠᠨ ᠬᠥᠮᠦᠵᠢᠯ᠂ ᠠᠮᠤᠷ ᠲᠦᠪᠰᠢᠨ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠦᠷᠭᠦᠯᠵᠢᠯᠡᠨ ᠥᠷᠭᠡᠳᠬᠡᠵᠦ᠂ ︽ᠤᠷᠤᠰ ᠳᠤᠮᠳᠠᠳᠤ ᠶᠢᠨ ᠰᠣᠶᠣᠯ ᠤᠨ ᠣᠨ︾᠎ ᠢ ᠰᠠᠶᠢᠲᠤᠷ ᠡᠷᠭᠢᠯᠡᠵᠦ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠭᠦᠨᠵᠡᠭᠡᠶᠢᠷᠡᠭᠦᠯᠦᠨ᠎ᠡ᠃ ᠤᠷᠤᠰ ᠳᠤᠮᠳᠠᠳᠤ ᠤᠯᠠᠨ ᠤᠯᠤᠰ ᠤᠨ ᠲᠠᠪᠴᠠᠩ ᠳᠡᠭᠡᠷ᠎ᠡ ᠨᠢᠭᠲᠠ ᠬᠠᠮᠵᠢᠯᠴᠠᠭ᠎ᠠ ᠪᠠᠨ ᠪᠠᠲᠤᠯᠠᠵᠤ᠂ ᠨᠡᠩ ᠠᠷᠠᠳᠴᠢᠯᠠᠯ ᠲᠠᠢ ᠤᠯᠠᠨ ᠲᠦᠢᠯᠵᠢᠭ᠌ᠰᠠᠨ ᠳᠡᠯᠡᠬᠡᠢ ᠶᠢᠨ ᠡᠮᠬᠢ ᠳᠢᠭᠯᠢᠮ ᠢ ᠪᠠᠶᠢᠭᠤᠯᠬᠤ ᠪᠠᠷ ᠬᠠᠮᠲᠤ ᠪᠠᠷ ᠴᠢᠷᠮᠠᠶᠢᠵᠤ᠂ ᠳᠤᠷᠠᠲᠠᠶ᠎ᠠ ᠠᠯᠳᠠᠨ ᠲᠣᠭᠤᠰᠭ᠋᠎ᠠ ᠤᠯᠤᠰ ᠤᠳ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠵᠡᠷᠭᠡ ᠪᠣᠷᠣ ᠲᠥᠯᠥᠪ ᠤᠨ ᠳᠣᠲᠣᠷᠠᠬᠢ ᠬᠠᠮᠲᠤᠷᠠᠯᠴᠠᠭ᠎ᠠ ᠵᠢᠴᠢ ᠳᠡᠯᠡᠬᠡᠢ ᠶᠢᠨ ᠪᠠ ᠭᠠᠵᠠᠷ ᠣᠷᠣᠨ ᠤ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠢ ᠣᠯᠣᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠭᠠᠵᠠᠷ ᠣᠷᠣᠨ ᠪᠣᠯᠣᠨ ᠳᠡᠯᠡᠬᠡᠢ ᠶᠢᠨ ᠡᠩᠬᠡ ᠲᠠᠶᠢᠪᠤᠩ ᠬᠥᠭᠵᠢᠯᠲᠡ ᠶᠢ ᠠᠬᠢᠭᠤᠯᠤᠨ᠎ᠠ ᠭᠡᠵᠦ ᠢᠯᠡᠳᠬᠡᠪᠡ     ᠼᠠᠢ ᠴᠢ᠂ ᠳ᠋ᠢᠩ ᠰᠢᠤᠸᠠᠢ ᠰᠢᠶᠠᠩ᠂ ᠸᠠᠩ ᠢ᠂ ᠾᠧ ᠯᠢ ᠹᠧᠩ᠂ ᠵᠠᠩ ᠭᠦᠸᠧ ᠴᠢᠩ᠂ ᠱᠧᠨ ᠢ ᠴᠢᠨ ᠨᠠᠷ ᠣᠷᠣᠯᠴᠠᠪᠠ᠃ 
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2