2024 ᠣᠨ ᠳᠤ ᠮᠡᠳᠡᠭᠦᠯᠬᠦ ᠪᠠᠷ ᠪᠠᠶᠢᠭ᠎ᠠ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯᠲᠤ ᠰᠢᠶᠠᠨ ᠳᠤ ᠮᠤᠵᠢ ᠶᠢᠨ ᠱᠠᠲᠤᠨ ᠤ ᠲᠤᠬᠠᠢ ᠶᠢᠨ ᠭᠠᠵᠠᠷ ᠲᠤ ᠨᠢ ᠬᠢᠨᠠᠨ ᠵᠢᠯᠣᠭᠤᠳᠴᠤ ᠦᠨᠡᠯᠡᠨ ᠵᠢᠱᠢᠬᠦ ᠶᠢ ᠥᠷᠨᠢᠭᠦᠯᠬᠦ ᠲᠤᠬᠠᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2024/5/21
    ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠵᠥᠪᠯᠡᠯ ᠤᠨ ᠠᠯᠪᠠᠨ ᠭᠡᠷ ᠤᠨ ᠵᠢᠯ ᠤᠨ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠰᠢᠶᠠᠨ ᠤ ᠱᠠᠲᠤᠨ ᠳᠤ ᠥᠪᠡᠰᠦᠪᠡᠨ ᠦᠨᠡᠯᠡᠬᠦ᠂ ᠠᠶᠢᠮᠠᠭ ᠬᠤᠲᠠ ᠶᠢᠨ ᠬᠢᠨ ᠳᠠᠬᠢᠨ ᠬᠢᠨᠠᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠷᠭᠠᠨ ᠬᠥᠮᠥᠵᠢᠯ ᠢ ᠬᠢᠨᠠᠨ ᠵᠢᠯᠣᠭᠤᠳᠬᠤ ᠠᠯᠪᠠᠨ ᠭᠡᠷ ᠬᠠᠮᠢᠶ᠎ᠠ ᠪᠦᠬᠦᠢ ᠬᠤᠰᠢᠭᠤ ᠰᠢᠶᠠᠨ ᠢ ᠰᠦᠯᠵᠢᠶᠡᠨ ᠳᠤ ᠬᠢᠨᠠᠨ ᠪᠠᠶᠢᠴᠠᠭᠠᠬᠤ ᠪᠠ ᠨᠡᠶᠢᠭᠡᠮ ᠤᠨ ᠮᠡᠳᠡᠷᠡᠮᠵᠢ ᠶᠢ ᠪᠠᠶᠢᠴᠠᠭᠠᠭᠰᠠᠨ ᠤ ᠳᠠᠷᠠᠭ᠎ᠠ᠂ 2024 ᠣᠨ ᠤ 5-11 ᠳ᠋ᠦ᠋ᠭᠡᠷ ᠰᠠᠷ᠎ᠠ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠢ ᠬᠢᠨᠠᠨ ᠵᠢᠯᠣᠭᠤᠳᠬᠤ ᠠᠯᠪᠠᠨ ᠭᠡᠷ ᠬᠢᠨᠠᠨ ᠵᠢᠯᠣᠭᠤᠳᠴᠤ ᠦᠨᠡᠯᠡᠨ ᠵᠢᠱᠢᠬᠦ ᠳᠤᠭᠤᠶᠢᠯᠠᠩ ᠪᠠᠶᠢᠭᠤᠯᠵᠤ᠂ ᠬᠥᠬᠡᠬᠤᠲᠠ ᠶᠢᠨ ᠴᠢᠩ ᠱᠦᠢ ᠾᠧ ᠰᠢᠶᠠᠨ᠂ ᠢᠦᠢ ᠴᠢᠦᠸᠡᠨ ᠲᠣᠭᠤᠷᠢᠭ᠂ ᠪᠤᠭᠤᠲᠤ ᠬᠤᠲᠠ ᠶᠢᠨ ᠬᠥᠨᠳᠡᠯᠡᠨ ᠲᠣᠭᠤᠷᠢᠭ᠂ ᠴᠢᠩ ᠱᠠᠨ ᠲᠣᠭᠤᠷᠢᠭ᠂ ᠤᠯᠠᠭᠠᠨᠬᠠᠳᠠ ᠬᠤᠲᠠ ᠶᠢᠨ ᠬᠡᠰᠢᠭᠲᠡᠨ ᠬᠤᠰᠢᠭᠤ᠂ ᠪᠠᠭᠠᠷᠢᠨ ᠪᠠᠷᠠᠭᠤᠨ ᠬᠤᠰᠢᠭᠤ᠂ ᠬᠤᠩᠱᠠᠨ ᠲᠣᠭᠤᠷᠢᠭ᠂ ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠥᠬᠡ ᠬᠤᠰᠢᠭᠤ᠂ ᠰᠢᠯᠤᠭᠤᠨ ᠬᠥᠪᠡᠭᠡᠲᠦ ᠴᠠᠭᠠᠨ ᠬᠤᠰᠢᠭᠤ᠂ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ᠂ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤ᠂ ᠬᠠᠩᠭᠢᠨ ᠬᠤᠶᠢᠲᠤ ᠬᠤᠰᠢᠭᠤ ᠵᠡᠷᠭᠡ 15 ᠬᠤᠰᠢᠭᠤ ᠰᠢᠶᠠᠨ ︵ᠲᠣᠭᠤᠷᠢᠭ︶᠎ ᠳᠤ ᠮᠤᠵᠢ ᠶᠢᠨ ᠱᠠᠲᠤᠨ ᠤ ᠲᠤᠬᠠᠢ ᠶᠢᠨ ᠭᠠᠵᠠᠷ ᠲᠤ ᠨᠢ ᠬᠢᠨᠠᠨ ᠵᠢᠯᠣᠭᠤᠳᠴᠤ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ᠃ ᠢᠯᠡ ᠨᠡᠶᠢᠲᠡᠯᠡᠬᠦ ᠴᠠᠭ 2024 ᠣᠨ ᠤ 4 ᠰᠠᠷ᠎ᠠ ᠶᠢᠨ 24-4 ᠰᠠᠷ᠎ᠠ ᠶᠢᠨ 30᠎ ᠤ ᠡᠳᠦᠷ᠂ ᠢᠯᠡ ᠨᠡᠶᠢᠲᠡᠯᠡᠬᠦ ᠬᠤᠭᠤᠴᠠᠭᠠᠨ ᠳᠤ ᠰᠠᠨᠠᠯ ᠲᠠᠢ ᠪᠣᠯ᠂ ᠤᠲᠠᠰᠤ᠂ ᠢᠮᠧᠯ ᠵᠡᠷᠭᠡ ᠬᠡᠯᠪᠡᠷᠢ ᠪᠠᠷ ᠮᠠᠨ ᠤ ᠠᠯᠪᠠᠨ ᠭᠡᠷ ᠲᠤ ᠲᠤᠰᠬᠠᠵᠤ ᠪᠣᠯᠤᠨ᠎ᠠ᠃         ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ         ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠵᠥᠪᠯᠡᠯ ᠤᠨ ᠠᠯᠪᠠᠨ ᠭᠡᠷ          ᠤᠲᠠᠰᠤ᠄ 0471 - 2856922         ᠢᠮᠧᠯ᠄ jytsjjbyx@163.com         ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳ᠋ᠢᠩ ᠰᠢᠶᠠᠩ ᠵᠠᠮ ᠤᠨ 5 ᠳ᠋ᠤᠭᠠᠷ ᠨᠣᠮᠧᠷ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠲᠢᠩᠬᠢᠮ ᠤᠨ ᠬᠢᠨᠠᠨ ᠵᠢᠯᠣᠭᠤᠳᠬᠤ ᠲᠠᠰᠤᠭ ︵010011︶          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ         ᠣᠷᠳᠣᠨ ᠤ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠵᠥᠪᠯᠡᠯ ᠤᠨ ᠠᠯᠪᠠᠨ ᠭᠡᠷ                    2024 ᠣᠨ ᠤ 4 ᠰᠠᠷ᠎ᠠ ᠶᠢᠨ 23᠎ ᠤ ᠡᠳᠦᠷ    
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2