| | ︽ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠵᠠᠬ᠎ᠠ | ᠳᠡᠯᠭᠡᠭᠦᠷ ᠤᠨ ᠦᠨ᠎ᠡ ᠬᠠᠩᠰᠢ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠡᠷᠡᠭᠯᠡᠭᠴᠢᠳ ᠤᠨ | ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠵᠠᠬ᠎ᠠ ᠳᠡᠯᠭᠡᠭᠦᠷ ᠤᠨ ᠡᠷᠬᠡ ᠲᠡᠭᠰᠢ ᠪᠠᠷ ᠥᠷᠢᠰᠦᠯᠳᠦᠬᠦ ᠡᠮᠬᠢ | ᠳᠢᠭᠯᠢᠮ ᠢ ᠦᠨᠡᠨᠬᠦ ᠬᠠᠮᠠᠭᠠᠯᠠᠵᠤ᠂ ︽ᠪᠡᠭᠡᠵᠢᠩ ᠠᠴᠠ ᠪᠠᠷᠠᠭᠤᠨᠰᠢ ᠨᠢᠭᠡ ᠠᠯᠬᠤᠪᠠᠯ ᠳᠠᠷᠤᠢ ᠤᠯᠠᠭᠠᠨᠴᠠᠪ︾ ᠪᠠ ︽ | ᠲᠠᠯ᠎ᠠ ᠨᠤᠲᠤᠭ ᠤᠨ ᠵᠤᠰᠠᠯᠠᠩ ᠤᠨ ᠬᠤᠲᠠ︾ ᠶᠢᠨ ᠨᠠᠷᠠᠲᠤ ᠳᠡᠮᠳᠡᠭᠳᠦ ᠶᠢ ᠪᠥᠬᠦ ᠲᠠᠯ᠎ᠠ ᠪᠠᠷ ᠤᠬᠠᠭᠤᠯᠬᠤ ᠶᠢᠨ | ᠲᠤᠰᠠᠳᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ︽ᠤᠯᠠᠭᠠᠨᠴᠠᠪ | ᠬᠤᠲᠠ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠤᠯᠠᠮ ᠨᠢᠭᠡ ᠠᠯᠬᠤᠮ ᠵᠢᠷᠤᠮᠵᠢᠭᠤᠯᠬᠤ ᠶᠢ | ᠰᠠᠨᠠᠭᠤᠯᠬᠤ ᠰᠡᠷᠡᠮᠵᠢᠯᠡᠬᠦᠯᠬᠦ ᠵᠠᠬᠢᠳᠠᠯ︾ ᠢ ᠨᠡᠶᠢᠲᠡᠯᠡᠵᠦ᠂ ᠪᠥᠬᠦ ᠬᠤᠲᠠ ᠶᠢᠨ ᠥᠷᠭᠡᠨ ᠣᠯᠠᠨ ᠡᠵᠡᠩᠨᠡᠭᠴᠢᠳ ᠵᠢᠴᠢ | ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠤᠳ ᠲᠤ ᠳᠣᠣᠷᠠᠬᠢ ᠮᠡᠲᠦ ᠰᠠᠨᠠᠭᠤᠯᠤᠶ᠎ᠠ᠄ | ᠨᠢᠭᠡ᠂ ᠪᠡᠶ᠎ᠡ ᠪᠠᠨ ᠴᠢᠩᠭ᠎ᠠ ᠱᠠᠭᠠᠷᠳᠠᠵᠤ᠂ ᠢᠲᠡᠭᠡᠮᠵᠢᠲᠡᠢ ᠪᠠᠷ ᠡᠵᠡᠩᠨᠡᠬᠦ ᠬᠡᠷᠡᠭᠳᠡᠢ᠃ ᠡᠯ᠎ᠡ ᠬᠠᠮᠢᠶ᠎ᠠ ᠪᠦᠬᠦᠢ | ᠡᠵᠡᠩᠨᠡᠭᠴᠢᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨ᠎ᠡ ᠬᠠᠩᠰᠢ ᠶᠢᠨ ᠬᠠᠤᠯᠢ︾ ︽ | ᠦᠨ᠎ᠡ ᠬᠠᠩᠰᠢ ᠶᠢ ᠢᠯᠡ ᠲᠡᠮᠳᠡᠭᠯᠡᠬᠦ ᠪᠠ ᠦᠨ᠎ᠡ ᠬᠠᠩᠰᠢ ᠶᠢᠨ ᠮᠡᠬᠡᠯᠡᠯ ᠢ ᠴᠠᠭᠠᠵᠠᠯᠠᠬᠤ ᠲᠣᠭᠲᠠᠭᠠᠯ︾ ᠵᠡᠷᠭᠡ | ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠲᠥᠪ ᠭᠤᠥᠯᠴᠢ᠂ ᠬᠠᠤᠯᠢ ᠶᠣᠰᠣᠨ ᠤ᠂ ᠦᠨᠡᠨᠴᠢ | ᠰᠢᠳᠤᠷᠭᠤ᠂ ᠢᠲᠡᠭᠡᠮᠵᠢ ᠲᠠᠢ ᠪᠠᠶᠢᠬᠤ ᠵᠠᠷᠴᠢᠮ ᠢ ᠵᠢᠷᠤᠮᠯᠠᠵᠤ᠂ ᠥᠷᠭᠡᠨ ᠣᠯᠠᠨ ᠬᠡᠷᠡᠭᠯᠡᠭᠴᠢᠳ ᠲᠤ ᠦᠨ᠎ᠡ | ᠬᠠᠩᠰᠢ ᠨᠢ ᠵᠦᠢ ᠵᠣᠬᠢᠰᠲᠠᠢ ᠲᠠᠸᠠᠷ ᠪᠠ ᠦᠢᠯᠡᠴᠢᠯᠡᠭᠡ ᠬᠠᠩᠭᠠᠵᠤ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ | ᠡᠮᠬᠢ ᠵᠢᠷᠤᠮ ᠪᠠ ᠣᠯᠠᠨ ᠨᠡᠶᠢᠲᠡ ᠶᠢᠨ ᠠᠰᠢᠭ ᠲᠤᠰᠠ ᠶᠢ ᠤᠬᠠᠮᠰᠠᠷ ᠠᠴᠠ ᠪᠠᠨ ᠬᠠᠮᠠᠭᠠᠯᠠᠬᠤ ᠬᠡᠷᠡᠭᠲᠡᠢ᠃ | ᠬᠤᠶᠠᠷ᠂ ᠦᠨ᠎ᠡ ᠬᠠᠩᠰᠢ ᠶᠢ ᠢᠯᠡ ᠪᠠᠶᠢᠯᠭᠠᠵᠤ᠂ ᠡᠵᠡᠩᠨᠡᠯᠲᠡ ᠶᠢ ᠵᠢᠷᠤᠮᠵᠢᠭᠤᠯᠬᠤ ᠬᠡᠷᠡᠭᠲᠡᠢ᠃ ᠡᠯ᠎ᠡ ᠬᠠᠮᠢᠶ᠎ᠠ | ᠪᠦᠬᠦᠢ ᠡᠵᠡᠩᠨᠡᠭᠴᠢᠳ ᠲᠠᠸᠠᠷ ᠪᠠ ᠦᠢᠯᠡᠴᠢᠯᠡᠭᠡ᠂ ᠠᠵᠢᠯ ᠲᠥᠷᠥᠯ᠂ ᠣᠷᠣᠨ ᠪᠦᠰᠡ ᠵᠡᠷᠭᠡ ᠣᠨᠴᠠᠯᠢᠭ ᠢᠶᠠᠨ | ᠦᠨᠳᠦᠰᠦᠯᠡᠨ᠂ ᠡᠵᠡᠩᠨᠡᠯᠲᠡ ᠶᠢᠨ ᠲᠠᠯᠠᠪᠤᠷ ᠤᠨ ᠢᠶᠠᠨ ᠢᠯᠡ ᠭᠠᠵᠠᠷ ᠲᠤ ᠲᠠᠸᠠᠷ ᠪᠠ ᠦᠢᠯᠡᠴᠢᠯᠡᠭᠡᠨ ᠤ ᠦᠨ᠎ᠡ | ᠬᠠᠩᠰᠢ ᠶᠢ ᠨᠡᠶᠢᠲᠡᠯᠡᠵᠦ᠂ ᠦᠨᠡᠨ ᠪᠣᠳᠠᠲᠠᠢ ᠪᠥᠭᠡᠳ ᠣᠨᠣᠪᠴᠢᠲᠠᠶ᠂ ᠪᠠᠷᠠᠭᠠᠨ ᠤ ᠱᠣᠰᠢᠭ᠎ᠠ ᠲᠡᠮᠳᠡᠭ ᠢ ᠣᠷᠣᠨ | ᠪᠠᠶᠢᠷᠢ ᠳᠤᠨᠢ ᠲᠠᠭᠠᠷᠠᠭᠤᠯᠵᠤ᠂ ᠢᠯᠡᠳᠬᠡᠮᠵᠢ ᠶᠢ ᠢᠯᠡ ᠪᠣᠯᠭᠠᠬᠤ ᠬᠡᠷᠡᠭᠲᠡᠢ᠃ ᠮᠡᠬᠡᠯᠡᠬᠦ ᠴᠢᠨᠠᠷᠲᠠᠢ ᠪᠠ ᠪᠤᠷᠤᠭᠤ | ᠵᠦᠭ ᠬᠥᠲᠥᠯᠬᠦ ᠴᠢᠨᠠᠷᠲᠠᠢ ᠦᠭᠡ ᠬᠡᠯᠡ᠂ ᠦᠰᠦᠭ ᠪᠢᠴᠢᠭ᠂ ᠵᠢᠷᠤᠭ᠂ ᠬᠡᠮᠵᠢᠯᠲᠡ ᠶᠢᠨ ᠨᠢᠭᠡᠴᠢ ᠵᠡᠷᠭᠡ ᠬᠤᠳᠠᠯ | ᠬᠠᠭᠤᠷᠮᠠᠭ ᠦᠨ᠎ᠡ ᠬᠠᠳᠠᠬᠤ᠂ ᠪᠠᠯᠠᠷᠬᠠᠢ ᠦᠨ᠎ᠡ ᠬᠠᠳᠠᠬᠤ ᠶᠢ ᠰᠡᠷᠭᠡᠶᠢᠯᠡᠬᠦ ᠬᠡᠷᠡᠭᠳᠡᠢ᠂ ᠬᠤᠳᠠᠯ ᠬᠠᠭᠤᠷᠮᠠᠭ ᠦᠨ᠎ᠡ | ᠪᠠᠭᠤᠷᠠᠭᠤᠯᠬᠤ᠂ ᠬᠤᠳᠠᠯ ᠬᠠᠭᠤᠷᠮᠠᠭ ᠤᠭ ᠦᠨ᠎ᠡ ᠵᠣᠬᠢᠶᠠᠬᠤ᠂ ᠪᠤᠷᠤᠭᠤ ᠵᠦᠭ ᠬᠥᠲᠥᠯᠬᠦ ᠴᠢᠨᠠᠷᠲᠠᠢ ᠢᠯᠡᠳᠬᠡᠬᠦ | ᠵᠡᠷᠭᠡ ᠪᠠᠷ ᠬᠡᠷᠡᠭᠯᠡᠭᠴᠢᠳ ᠢ ᠥᠳᠥᠭᠡᠨ ᠠᠷᠠᠯᠵᠢᠶᠠᠯᠠᠭᠤᠯᠵᠤ ᠪᠣᠯᠬᠤ ᠦᠭᠡᠢ᠂ ᠬᠠᠳᠠᠭᠰᠠᠨ ᠦᠨ᠎ᠡ ᠠᠴᠠ ᠥᠨᠳᠥᠷ | ᠪᠤᠶᠤ ᠬᠠᠳᠠᠭᠰᠠᠨ ᠦᠨ᠎ᠡ ᠠᠴᠠ ᠭᠠᠳᠠᠨ᠎ᠠ ᠲᠣᠳᠣᠷᠬᠠᠶᠢᠯᠠᠭᠰᠠᠨ ᠦᠭᠡᠢ ᠰᠦᠢᠳᠬᠡᠯ ᠬᠤᠷᠢᠶᠠᠵᠤ ᠪᠣᠯᠬᠤ ᠦᠭᠡᠢ᠃ | | ᠭᠤᠷᠪᠠ᠂ ᠦᠨᠡᠨᠴᠢ ᠢᠲᠡᠭᠡᠮᠵᠢ ᠪᠠᠷ ᠦᠨᠳᠦᠰᠦ ᠪᠣᠯᠭᠠᠵᠤ᠂ ᠬᠠᠤᠯᠢ ᠶᠣᠰᠣᠭᠠᠷ ᠡᠵᠡᠩᠨᠡᠬᠦ ᠬᠡᠷᠡᠭᠳᠡᠢ᠃ | ︵ᠨᠢᠭᠡ︶ ᠵᠢᠭᠤᠯᠴᠢᠯᠠᠯ ᠤᠨ ᠦᠵᠡᠮᠵᠢᠲᠦ ᠣᠷᠣᠨ ︵ᠴᠢᠭ᠋︶ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠦᠨ᠎ᠡ | ᠬᠠᠩᠰᠢ ᠳᠤ ᠵᠢᠭᠰᠠᠭᠠᠨ ᠣᠷᠣᠭᠤᠯᠤᠭᠰᠠᠨ ᠡᠯ᠎ᠡ ᠵᠢᠭᠤᠯᠴᠢᠯᠠᠯ ᠤᠨ ᠦᠵᠡᠮᠵᠢ ᠶᠢᠨ ᠣᠷᠣᠨ ︵ᠴᠢᠭ᠋︶ ᠨᠢ ᠵᠠᠰᠠᠭ ᠤᠨ | ᠣᠷᠳᠣᠨ ᠤ ᠦᠨ᠎ᠡ ᠬᠠᠩᠰᠢ ᠲᠣᠭᠲᠠᠭᠠᠬᠤ᠂ ᠵᠠᠰᠠᠭ ᠤᠨ ᠣᠷᠳᠣᠨ ᠤ ᠵᠢᠯᠤᠭᠤᠳᠬᠤ ᠦᠨ᠎ᠡ ᠬᠠᠩᠰᠢ ᠶᠢᠨ | ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠱᠠᠭᠠᠷᠳᠠᠯᠭ᠎ᠠ ᠶᠣᠰᠣᠭᠠᠷ ᠤᠨᠴᠠᠭᠠᠢ ᠬᠥᠮᠥᠰ ᠲᠤ | ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠵᠠᠬ᠎ᠠ | ᠳᠡᠯᠭᠡᠭᠦᠷ ᠤᠨ ᠲᠣᠬᠢᠷᠠᠭᠤᠯᠤᠯᠲᠠ ᠶᠢᠨ ᠦᠨ᠎ᠡ ᠬᠠᠩᠰᠢ ᠶᠢ ᠬᠡᠷᠡᠭᠵᠢᠭᠦᠯᠵᠦ ᠪᠦᠬᠦᠢ ᠵᠢᠭᠤᠯᠴᠢᠯᠠᠯ ᠤᠨ ᠲᠣᠭᠤᠷᠢᠨ | ᠦᠵᠡᠬᠦ ᠦᠵᠡᠮᠵᠢᠲᠦ ᠣᠷᠣᠨ ︵ᠴᠢᠭ᠋︶ ᠳᠤ ᠲᠣᠭᠲᠠᠭᠠᠯ ᠶᠣᠰᠣᠭᠠᠷ ᠤᠨᠴᠠᠭᠠᠢ ᠵᠢᠭᠤᠯᠴᠢᠯᠠᠭᠴᠢᠳ ᠲᠤ | ᠪᠢᠯᠧᠲ ᠤᠨ ᠦᠨ᠎ᠡ ᠶᠢ ᠬᠠᠰᠤᠵᠤ ᠬᠡᠯᠲᠦᠷᠢᠭᠦᠯᠬᠦ ᠪᠤᠶᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ | ᠦᠵᠡᠭᠦᠯᠬᠦ ᠶᠢ ᠵᠣᠷᠢᠭᠵᠢᠭᠤᠯᠤᠨ᠎ᠠ᠃ ᠡᠩ ᠤᠨ ᠡᠭᠦᠳᠡᠨ ᠪᠢᠯᠧᠲ᠂ ᠣᠨᠴᠠᠭᠠᠶ ᠡᠭᠦᠳᠡᠨ ᠪᠢᠯᠧᠲ ᠪᠠ ᠬᠥᠷᠰᠢ | ᠵᠡᠷᠭᠡᠯᠡᠳᠡᠭᠡ ᠡᠭᠦᠳᠡᠨ ᠪᠢᠯᠧᠲ ᠢ ᠬᠠᠮᠲᠤᠷᠠᠭᠤᠯᠤᠭᠠᠳ ᠬᠤᠯᠪᠣᠭᠠᠯᠠᠭᠰᠠᠨ ᠪᠢᠯᠧᠲ ᠪᠣᠯᠭᠠᠭᠰᠠᠨ ᠪᠠᠶᠢᠪᠠᠯ᠂ | ᠬᠤᠯᠪᠣᠭᠠᠯᠠᠭᠰᠠᠨ ᠪᠢᠯᠧᠲ ᠤᠨ ᠦᠨ᠎ᠡ ᠨᠢ ᠡᠯ᠎ᠡ ᠵᠦᠢᠯ ᠤᠨ ᠡᠭᠦᠳᠡᠨ ᠪᠢᠯᠧᠲ ᠤᠨ ᠦᠨ᠎ᠡ ᠶᠢᠨ ᠨᠡᠶᠢᠯᠡᠪᠦᠷᠢ ᠠᠴᠠ | ᠳᠣᠣᠷ᠎ᠠ ᠪᠠᠶᠢᠬᠤ ᠬᠡᠷᠡᠭᠲᠡᠢ᠃ ᠬᠤᠯᠪᠣᠭᠠᠯᠠᠭᠰᠠᠨ ᠪᠢᠯᠧᠲ ᠪᠣᠯᠣᠨ ᠡᠩ ᠤᠨ ᠪᠢᠯᠧᠲ ᠢ ᠵᠢᠭᠤᠯᠴᠢᠯᠠᠭᠴᠢᠳ | ᠥᠪᠡᠷᠲᠡᠭᠡᠨ ᠰᠣᠩᠭᠤᠵᠤ ᠬᠤᠳᠠᠯᠳᠤᠨ ᠠᠪᠴᠦ ᠳᠡᠶᠢᠯᠦᠭᠰᠡᠨ ᠪᠠᠶᠢᠬᠤ ᠬᠡᠷᠡᠭᠲᠡᠢ᠂ ᠵᠢᠭᠤᠯᠴᠢᠯᠠᠭᠴᠢᠳ ᠲᠤ | ᠠᠯᠪᠠᠳᠠᠯᠭ᠎ᠠ ᠪᠠᠷ ᠨᠡᠶᠢᠯᠡᠭᠦᠯᠦᠨ ᠪᠣᠷᠣᠯᠠᠭᠤᠯᠵᠤ ᠪᠣᠯᠬᠤ ᠦᠭᠡᠢ᠃ ᠦᠵᠡᠮᠵᠢ ᠶᠢᠨ ᠣᠷᠣᠨ ︵ᠴᠢᠭ᠋︶ ᠤ ᠳᠣᠲᠣᠷᠠᠬᠢ | ᠲᠠᠲᠠᠭᠤᠷ ᠲᠡᠷᠭᠡ᠂ ᠲᠣᠭᠤᠷᠢᠨ ᠦᠵᠡᠬᠦ ᠲᠡᠷᠭᠡ᠂ ᠵᠤᠭᠠᠴᠠᠯ ᠤᠨ ᠣᠩᠭᠤᠴᠠ ᠵᠡᠷᠭᠡ ᠵᠠᠮ ᠲᠡᠭᠡᠭᠡᠪᠦᠷᠢ ᠶᠢᠨ | ᠦᠢᠯᠡᠴᠢᠯᠡᠭᠡᠨ ᠤ ᠦᠨ᠎ᠡ ᠬᠠᠩᠰᠢ ᠶᠢ ᠠᠰ ᠲᠤᠨᠢ ᠢᠯᠡᠷᠬᠡᠶᠢᠯᠡᠵᠦ᠂ ᠠᠰ ᠲᠤᠨᠢ ᠪᠣᠷᠣᠯᠠᠭᠤᠯᠬᠤ ᠬᠡᠷᠡᠭᠲᠡᠢ᠂ ᠡᠭᠦᠳᠡᠨ | ᠪᠢᠯᠧᠲ ᠯᠦᠭᠡ ᠨᠡᠶᠢᠯᠡᠭᠦᠯᠦᠨ ᠪᠣᠷᠣᠯᠠᠭᠤᠯᠵᠤ ᠪᠣᠯᠬᠤ ᠦᠭᠡᠢ᠃ | ︵ᠬᠤᠶᠠᠷ︶ ᠡᠯ᠎ᠡ ᠢᠳᠡᠭᠡᠨ ᠤᠮᠳᠠᠭᠠᠨ ᠤ ᠦᠢᠯᠡᠰ ᠤᠨ ᠡᠵᠡᠩᠨᠡᠭᠴᠢ ᠲᠣᠪᠶᠤᠭ᠂ ᠦᠨ᠎ᠡ ᠶᠢᠨ ᠱᠣᠰᠢᠭ᠎ᠠ ᠪᠤᠶᠤ | ᠳᠡᠯᠭᠡᠭᠦᠷ ᠤᠨ ᠳᠣᠲᠣᠷᠠᠬᠢ ᠪᠤᠰᠤᠳ ᠨᠣᠭᠤᠭ᠎ᠠ ᠵᠠᠬᠢᠶᠠᠯᠠᠬᠤ ᠪᠠᠭᠠᠵᠢ ᠶᠢᠨ ᠠᠳᠠᠯᠢ ᠲᠦᠷᠦᠯ᠂ ᠠᠳᠠᠯᠢ ᠬᠡᠮᠵᠢᠶᠡᠨ ᠤ | ᠨᠣᠭᠤᠭ᠎ᠠ ᠶᠢᠨ ᠵᠦᠢᠯ ᠳᠤ ᠡᠷᠬᠡᠪᠰᠢ ᠨᠢᠭᠡᠳᠦᠯᠲᠡᠢ ᠦᠨ᠎ᠡ ᠬᠠᠳᠠᠵᠤ᠂ ︽ᠬᠤᠶᠠᠷ ᠵᠦᠢᠯ ᠤᠨ ᠲᠣᠪᠶᠤᠭ︾ | ᠭᠠᠷᠭᠠᠵᠤ ᠪᠣᠯᠬᠤ ᠦᠭᠡᠢ᠃ ᠢᠳᠡᠭᠡᠨ ᠤᠮᠳᠠᠭᠠᠨ ᠤ ᠳᠡᠯᠭᠡᠭᠦᠷ ᠲᠠᠬᠢ ᠮᠢᠬᠠᠨ ᠤ ᠵᠦᠢᠯ ᠂ ᠤᠨᠴᠠᠭᠠᠶᠢᠯᠠᠨ ᠬᠤᠨᠢᠨ | ᠰᠢᠬᠦᠰᠦ᠂ ᠰᠢᠷᠠᠭᠰᠠᠨ ᠬᠤᠨᠢᠨ ᠭᠤᠶ᠎ᠠ ᠵᠡᠷᠭᠡ ᠦᠨ᠎ᠡ ᠬᠠᠩᠰᠢ ᠪᠠᠷ ᠨᠡᠯᠢᠶᠡᠳ ᠥᠨᠳᠥᠷ ᠢᠳᠡᠭᠡᠨ ᠢ ᠡᠷᠬᠡᠪᠰᠢ ︽ | ᠵᠢᠩ ᠪᠦᠷᠢ ᠳᠡᠭᠡᠨ × × ᠲᠥᠭᠦᠷᠢᠭ︾ ᠮᠡᠳᠦ ᠪᠠᠷ ᠲᠣᠳᠣᠷᠬᠠᠢ ᠪᠥᠭᠡᠳ ᠵᠢᠷᠤᠮᠵᠢᠭᠤᠨ ᠢᠯᠡᠳᠬᠡᠵᠦ᠂ ︽ᠴᠠᠭ | ᠤᠯᠠᠷᠢᠯ ᠤᠨ ᠦᠨ᠎ᠡ︾ ᠵᠡᠷᠭᠡ ᠪᠠᠯᠠᠷᠬᠠᠢ ᠢᠯᠡᠳᠬᠡᠬᠦ ᠶᠢ ᠡᠷᠡᠰ ᠬᠤᠷᠢᠭᠯᠠᠬᠤ ᠬᠡᠷᠡᠭᠲᠡᠢ᠃ | ︵ᠭᠤᠷᠪᠠ︶ ᠡᠯ᠎ᠡ ᠪᠠᠭᠤᠳᠠᠯ᠂ ᠠᠷᠠᠳ ᠤᠨ ᠪᠠᠭᠤᠳᠠᠯ ᠵᠡᠷᠭᠡ ᠶᠢᠨ ᠡᠵᠡᠩᠨᠡᠭᠴᠢ ᠡᠯᠧᠺᠳ᠋ᠷᠣᠨ ᠬᠤᠳᠠᠯᠳᠤᠭᠠᠨ ᠤ | ᠲᠠᠪᠴᠠᠩ ᠮᠡᠳᠦ ᠶᠢᠨ ᠠᠷᠭ᠎ᠠ ᠵᠠᠮ ᠢᠶᠠᠷ ᠲᠠᠸᠠᠷ ᠪᠣᠷᠣᠯᠠᠭᠤᠯᠬᠤ ᠪᠤᠶᠤ ᠦᠢᠯᠡᠴᠢᠯᠡᠭᠡ ᠬᠠᠩᠭᠠᠬᠤ ᠳᠠᠭᠠᠨ ᠥᠰᠥᠭ | ᠪᠢᠴᠢᠭ᠂ ᠵᠢᠷᠤᠭ ᠳᠦᠷᠰᠦ ᠵᠡᠷᠭᠡ ᠠᠷᠭ᠎ᠠ ᠮᠠᠶ᠋ᠢᠭ ᠢᠶᠠᠷ ᠦᠨ᠎ᠡ ᠬᠠᠩᠰᠢ ᠶᠢ ᠢᠯᠡ ᠪᠠᠷ ᠬᠠᠳᠠᠵᠤ᠂ ᠦᠨ᠎ᠡ | ᠬᠠᠩᠰᠢ ᠶᠢᠨ ᠠᠮᠠᠯᠠᠯᠲᠠ ᠪᠠᠨ ᠦᠨᠡᠨᠬᠦ ᠭᠦᠢᠴᠡᠳᠬᠡᠬᠦ ᠬᠡᠷᠡᠭᠲᠡᠢ᠂ ᠡᠯᠧᠺᠳ᠋ᠷᠣᠨ ᠬᠤᠳᠠᠯᠳᠤᠭᠠᠨ ᠤ ᠲᠠᠪᠴᠠᠩ ᠵᠡᠷᠭᠡ | ᠠᠷᠭ᠎ᠠ ᠵᠠᠮ ᠢᠶᠠᠷ ᠥᠷᠥᠭᠡ ᠵᠠᠬᠢᠶᠠᠯᠠᠬᠤ ᠳᠤ ᠵᠠᠬᠢᠶᠠᠯᠠᠭ᠎ᠠ ᠨᠢ ᠬᠦᠴᠦᠨ ᠲᠠᠢ ᠪᠣᠯᠤᠭᠰᠠᠨ ᠪᠠᠶᠢᠳᠠᠯ ᠳᠣᠣᠷ᠎ᠠ ᠭᠠᠭᠴᠠ | ᠲᠠᠯ᠎ᠠ ᠠᠴᠠ ᠭᠡᠷ᠎ᠡ ᠶᠢ ᠡᠪᠳᠡᠬᠦ ᠪᠤᠶᠤ ᠳᠤᠷ᠎ᠠ ᠪᠠᠷ ᠢᠶᠠᠨ ᠦᠨ᠎ᠡ ᠬᠠᠩᠰᠢ ᠶᠢ ᠥᠰᠬᠡᠵᠦ ᠪᠣᠯᠬᠤ ᠦᠭᠡᠢ᠂ | ᠬᠡᠷᠡᠭᠯᠡᠭᠴᠢᠳ ᠢ ᠪᠤᠷᠤᠭᠤ ᠪᠠᠷ ᠬᠥᠲᠥᠯᠥᠨ ᠮᠡᠬᠡᠯᠡᠵᠦ ᠪᠣᠯᠬᠤ ᠤᠶᠢᠭᠡᠢ᠃ | ︵ᠳᠥᠷᠪᠡ︶ ᠡᠯ᠎ᠡ ᠬᠤᠳᠠᠯᠳᠤᠭᠠᠨ ᠤ ᠲᠠᠯᠠᠪᠤᠷ᠂ ᠵᠠᠬ᠎ᠠ ᠳᠡᠯᠭᠡᠭᠦᠷ ᠤᠨ ᠵᠢᠵᠢᠭᠯᠡᠨ ᠬᠤᠳᠠᠯᠳᠤᠬᠤ ᠨᠢᠭᠡᠴᠢ ᠵᠢᠴᠢ | ᠨᠡᠶᠢᠭᠡᠮ ᠲᠣᠭᠤᠷᠢᠭ ᠤᠨ ᠬᠠᠮᠲᠤ ᠪᠠᠷ ᠬᠤᠳᠠᠯᠳᠤᠨ ᠠᠪᠬᠤ᠂ ᠭᠠᠳᠠᠭᠰᠢ ᠬᠤᠳᠠᠯᠳᠤᠬᠤ ᠵᠡᠷᠭᠡ ᠡᠯᠧᠺᠳ᠋ᠷᠣᠨ | ᠬᠤᠳᠠᠯᠳᠤᠭᠠᠨ ᠤ ᠲᠠᠪᠴᠠᠩ ᠢᠯᠡ ᠲᠣᠳᠣ᠂ ᠡᠷᠬᠡ ᠲᠡᠭᠰᠢ ᠪᠠ ᠦᠨᠡᠨᠴᠢ ᠢᠲᠡᠭᠡᠮᠵᠢᠲᠡᠢ ᠡᠵᠡᠩᠨᠡᠯᠲᠡ ᠶᠢᠨ | ᠵᠠᠷᠴᠢᠮ ᠢ ᠵᠢᠷᠤᠮᠯᠠᠵᠤ᠂ ᠦᠨ᠎ᠡ ᠪᠠᠭᠤᠷᠠᠭᠤᠯᠬᠤ᠂ ᠲᠡᠮᠳᠡᠭᠲᠦ ᠪᠤᠴᠠᠭᠠᠬᠤ ᠵᠡᠷᠭᠡ ᠬᠠᠷᠠᠭᠠᠯᠵᠠᠯ ᠲᠠᠢ ᠪᠠᠷ | ᠪᠣᠷᠤᠯᠠᠭᠤᠯᠭ᠎ᠠ ᠠᠬᠢᠭᠤᠯᠬᠤ ᠠᠵᠢᠯᠯᠠᠭ᠎ᠠ ᠶᠢ ᠤᠬᠠᠮᠰᠠᠷ ᠠᠴᠠ ᠪᠠᠨ ᠵᠢᠷᠤᠮᠵᠢᠭᠤᠯᠬᠤ ᠬᠡᠷᠡᠭᠲᠡᠢ᠃ ᠲᠠᠸᠠᠷ ᠢ ᠦᠨ᠎ᠡ | ᠪᠠᠭᠤᠷᠠᠭᠤᠯᠤᠨ ᠪᠣᠷᠣᠯᠠᠭᠤᠯᠬᠤ ᠳᠤ ᠡᠷᠬᠡᠪᠰᠢ ᠦᠨ᠎ᠡ ᠪᠠᠭᠤᠷᠠᠭᠤᠯᠬᠤ ᠠᠴᠠ ᠡᠮᠦᠨᠡᠬᠢ ᠳᠤᠯᠤᠭᠠᠨ ᠡᠳᠦᠷ ᠤᠨ | ᠳᠣᠲᠣᠷ᠎ᠠ ᠪᠣᠳᠠᠲᠠᠢ ᠪᠣᠷᠣᠯᠠᠭᠤᠯᠤᠭᠰᠠᠨ ᠬᠤᠯᠪᠣᠭᠳᠠᠯ ᠪᠦᠬᠦᠢ ᠮᠠᠲ᠋ᠧᠷᠢᠶᠠᠯ ᠢ ᠦᠯᠡᠳᠡᠭᠡᠵᠦ᠂ ᠬᠢᠨᠠᠨ ᠪᠠᠶᠢᠴᠠᠭᠠᠬᠤ ᠳᠤ | ᠪᠡᠯᠡᠳᠬᠡᠵᠦ᠂ ᠦᠨ᠎ᠡ ᠬᠠᠩᠰᠢ ᠶᠢᠨ ᠮᠡᠬᠡᠯᠡᠯ ᠢ ᠴᠢᠩᠭ᠎ᠠ ᠴᠠᠭᠠᠵᠠᠯᠠᠬᠤ ᠬᠡᠷᠡᠭᠲᠡᠢ᠃ | ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠦᠶᠯᠡ ᠠᠵᠢᠯᠯᠠᠭ᠎ᠠ ᠳᠤ ᠴᠢᠭᠯᠡᠬᠦᠯᠦᠭᠰᠡᠨ ᠬᠢᠨᠠᠯᠲᠠ | ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠣᠯᠠᠨ ᠲᠦᠮᠡᠨ ᠤ ᠦᠨ᠎ᠡ ᠬᠠᠩᠰᠢ ᠶᠢᠨ ᠵᠠᠭᠠᠯᠳᠤᠯᠭ᠎ᠠ | ᠢᠯᠡᠴᠢᠯᠡᠨ ᠮᠡᠳᠡᠭᠦᠯᠦᠯᠲᠡ ᠶᠢ ᠴᠠᠭ ᠲᠤᠬᠠᠢ ᠳᠤᠨᠢ ᠭᠥᠯᠢᠶᠡᠨ ᠠᠪᠴᠤ ᠰᠢᠢᠳᠪᠦᠷᠢᠯᠡᠨ᠎ᠡ᠃ ᠰᠠᠨᠠᠭᠤᠯᠵᠤ | ᠰᠡᠷᠡᠮᠵᠢᠯᠡᠭᠦᠯᠦᠭᠰᠡᠨ ᠪᠣᠯᠪᠠᠴᠤ ᠮᠥᠨ ᠵᠢᠷᠤᠮᠵᠢᠭᠠᠳᠤᠢ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠦᠨ᠎ᠡ | ᠬᠠᠩᠰᠢ ᠶᠢᠨ ᠲᠠᠯ᠎ᠠ ᠪᠠᠷ ᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠪᠠᠶᠢᠴᠠᠭᠠᠨ ᠲᠣᠳᠣᠯᠠᠮᠠᠭᠴᠠ ᠬᠠᠤᠯᠢ | ᠶᠣᠰᠣᠭᠠᠷ ᠴᠢᠩᠭ᠎ᠠ ᠰᠢᠢᠳᠪᠦᠷᠢᠯᠡᠵᠦ᠂ ᠦᠢᠯᠡ ᠪᠠᠶᠢᠳᠠᠯ ᠨᠢ ᠬᠠᠷ᠎ᠠ ᠬᠤᠣᠷᠲᠠᠢ᠂ ᠰᠢᠨᠵᠢ ᠴᠢᠨᠠᠷ ᠨᠢ ᠬᠦᠨᠳᠦ | ᠨᠣᠴᠢᠲᠠᠢ᠂ ᠨᠥᠯᠥᠭᠡ ᠶᠡᠬᠡᠲᠡᠢ ᠬᠠᠤᠯᠢ ᠠᠴᠠ ᠵᠥᠷᠢᠴᠡᠭᠰᠡᠨ ᠬᠡᠷᠡᠭ ᠢ ᠢᠯᠡ ᠪᠠᠷ ᠢᠯᠡᠴᠢᠯᠡᠨ᠎ᠡ᠃ ᠤᠯᠠᠭᠠᠨᠴᠠᠪ | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠤᠯᠠᠭᠠᠨᠴᠠᠪ ᠬᠤᠲᠠ ᠶᠢᠨ ᠵᠢᠭᠤᠯᠴᠢᠯᠠᠯ ᠤᠨ ᠦᠢᠯᠡᠰ ᠵᠢᠴᠢ ᠬᠠᠮᠢᠶ᠎ᠠ ᠪᠦᠬᠦᠢ ᠠᠵᠢᠯ | ᠲᠥᠷᠥᠯ ᠤᠨ ᠡᠵᠡᠩᠨᠡᠭᠴᠢᠳ ᠤᠨ ᠦᠨ᠎ᠡ ᠬᠠᠩᠰᠢ ᠶᠢᠨ ᠠᠵᠢᠯᠯᠠᠭ᠎ᠠ ᠳᠤ ᠬᠢᠨᠠᠯᠲᠠ ᠲᠠᠯᠪᠢᠬᠤ ᠶᠢ ᠪᠠᠶᠠᠷᠯᠠᠨ | ᠤᠭᠲᠤᠨ᠎ᠠ᠃ | ᠦᠨ᠎ᠡ ᠬᠠᠩᠰᠢ ᠶᠢ ᠢᠯᠡᠴᠢᠯᠡᠨ ᠮᠡᠳᠡᠭᠦᠯᠬᠦ ᠵᠠᠭᠠᠯᠳᠤᠯᠭ᠎ᠠ ᠶᠢᠨ ᠤᠲᠠᠰᠤ᠄ 1234512315 | ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | 2024 ᠣᠨ ᠤ 4 ᠰᠠᠷ᠎ᠠ ᠶᠢᠨ 23 ᠤ ᠡᠳᠦᠷ | |