ᠰᠢ ᠶᠢᠨ ᠫᠢᠩ ᠵᠢᠭᠤᠯᠴᠢᠯᠠᠯ ᠤᠨ ᠠᠵᠢᠯ ᠳᠤ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ ᠤᠳᠤ ᠦᠶ᠎ᠡ ᠶᠢᠨ ᠵᠢᠭᠤᠯᠴᠢᠯᠠᠯ ᠤᠨ ᠦᠢᠯᠡᠰ ᠤᠨ ᠰᠢᠰᠲ᠋ᠧᠮ ᠢ ᠬᠦᠴᠦᠯᠡᠨ ᠲᠡᠭᠦᠯᠳᠡᠷᠵᠢᠭᠦᠯᠵᠦ ᠵᠢᠭᠤᠯᠴᠢᠯᠠᠯ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠵᠤ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/5/21
    ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 17᠎ ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠵᠢᠭᠤᠯᠴᠢᠯᠠᠯ ᠤᠨ ᠠᠵᠢᠯ ᠳᠤ ᠴᠢᠬᠤᠯᠠ ᠵᠢᠭᠠᠪᠤᠷᠢ ᠥᠭᠴᠦ᠂ ᠥᠭᠡᠷᠡᠴᠢᠯᠡᠯᠲᠡ ᠨᠡᠭᠡᠭᠡᠯᠲᠡ ᠢᠯᠠᠩᠭᠤᠶ᠎ᠠ ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠤᠨ ᠵᠢᠭᠤᠯᠴᠢᠯᠠᠯ ᠤᠨ ᠬᠥᠭᠵᠢᠯᠲᠡ ᠦᠳᠲᠡᠷ ᠲᠦᠷᠭᠡᠨ ᠬᠥᠭᠵᠢᠵᠦ᠂ ᠪᠦᠭᠦ ᠪᠥᠮᠪᠥᠷᠴᠡᠭ ᠤᠨ ᠬᠠᠮᠤᠭ ᠤᠨ ᠶᠡᠭᠡ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠢ ᠪᠦᠷᠢᠯᠳᠦᠭᠦᠯᠵᠦ᠂ ᠣᠯᠠᠨ ᠤᠯᠤᠰ ᠤᠨ ᠵᠢᠭᠤᠯᠴᠢᠯᠠᠯ ᠤᠨ ᠬᠠᠮᠤᠭ ᠤᠨ ᠶᠡᠭᠡ ᠵᠣᠴᠢᠨ ᠤᠯᠤᠰ ᠪᠠ ᠭᠤᠣᠯ ᠬᠠᠷᠠᠯᠲᠠᠲᠤ ᠭᠠᠵᠠᠷ ᠪᠣᠯᠪᠠ᠂ ᠵᠢᠭᠤᠯᠴᠢᠯᠠᠯ ᠤᠨ ᠦᠢᠯᠡᠰ ᠪᠠᠭ᠎ᠠ ᠠᠴᠠ ᠪᠠᠨ ᠶᠡᠭᠡ᠂ ᠪᠠᠭᠤᠷᠠᠢ ᠠᠴᠠ ᠪᠠᠨ ᠬᠦᠴᠦᠷᠬᠡᠭ ᠪᠣᠯᠵᠤ᠂ ᠡᠳᠦᠷ ᠢᠷᠡᠬᠦᠶ᠎ᠡ ᠰᠢᠨ᠎ᠡ ᠪᠠᠷ ᠮᠠᠨᠳᠤᠭᠰᠠᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠤᠯᠭᠠᠭᠤᠷᠢ ᠠᠵᠤ ᠦᠢᠯᠡᠰ ᠪᠣᠯᠣᠨ ᠴᠠᠭ ᠦᠶ᠎ᠡ ᠶᠢᠨ ᠢᠯᠡᠷᠬᠡᠢ ᠣᠨᠴᠠᠯᠢᠭ ᠪᠦᠬᠦᠢ ᠠᠷᠠᠳ ᠤᠨ ᠠᠮᠢᠳᠤᠷᠠᠯ ᠤᠨ ᠠᠵᠤ ᠦᠢᠯᠡᠰ᠂ ᠵᠣᠯ ᠵᠢᠷᠭᠠᠯᠲᠤ ᠠᠵᠤ ᠦᠢᠯᠡᠰ ᠪᠣᠯᠵᠤ᠂ ᠥᠪᠡᠷᠮᠢᠴᠡ ᠣᠨᠴᠠᠯᠢᠭ ᠪᠦᠬᠦᠢ ᠳᠤᠮᠳᠠᠳᠤ ᠤᠯᠤᠰ ᠤᠨ ᠵᠢᠭᠤᠯᠴᠢᠯᠠᠯ ᠤᠨ ᠬᠥᠭᠵᠢᠯᠲᠡ ᠶᠢᠨ ᠵᠠᠮ ᠢ ᠠᠮᠵᠢᠯᠲᠠ ᠲᠠᠢ ᠪᠠᠷ ᠨᠡᠭᠡᠭᠡᠵᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠰᠢᠨ᠎ᠡ ᠴᠠᠭ ᠦᠶ᠎ᠡ ᠰᠢᠨ᠎ᠡ ᠠᠶᠠᠨ ᠳᠤ ᠵᠢᠭᠤᠯᠴᠢᠯᠠᠯ ᠤᠨ ᠬᠥᠭᠵᠢᠯᠲᠡ ᠰᠢᠨ᠎ᠡ ᠠᠵᠠ ᠲᠣᠭᠢᠶᠠᠯ ᠰᠢᠨ᠎ᠡ ᠥᠷᠢᠰᠦᠯᠳᠦᠭᠡᠨ ᠳᠤ ᠲᠤᠯᠭᠠᠷᠠᠵᠤ ᠪᠤᠢ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠠᠷ ᠪᠦᠭᠦ ᠲᠠᠯ᠎ᠠ ᠪᠠᠷ ᠲᠤᠭᠤᠰᠢᠯᠠᠭᠤᠯᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠠᠭᠤᠰᠤᠯᠴᠠᠨ ᠬᠥᠭᠵᠢᠬᠦ ᠶᠢ ᠪᠠᠷᠢᠮᠲᠠᠯᠠᠵᠤ᠂ ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ᠂ ᠬᠠᠩᠭᠠᠯᠭ᠎ᠠ ᠬᠢᠭᠡᠳ ᠬᠡᠷᠡᠭᠴᠡᠭᠡ ᠱᠠᠭᠠᠷᠳᠠᠯᠭ᠎ᠠ᠂ ᠬᠠᠮᠠᠭᠠᠯᠠᠯᠲᠠ ᠬᠢᠭᠡᠳ ᠨᠡᠭᠡᠭᠡᠨ ᠬᠥᠭᠵᠢᠭᠦᠯᠦᠯᠲᠡ᠂ ᠤᠯᠤᠰ ᠤᠨ ᠳᠣᠲᠣᠭᠠᠳᠤ ᠬᠢᠭᠡᠳ ᠣᠯᠠᠨ ᠤᠯᠤᠰ᠂ ᠬᠥᠭᠵᠢᠯᠲᠡ ᠬᠢᠭᠡᠳ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠣᠲᠣ ᠦᠶ᠎ᠡ ᠶᠢᠨ ᠵᠢᠭᠤᠯᠴᠢᠯᠠᠯ ᠤᠨ ᠦᠢᠯᠡᠰ ᠤᠨ ᠰᠢᠰᠲ᠋ᠧᠮ ᠢ ᠬᠦᠴᠦᠯᠡᠨ ᠲᠡᠭᠦᠯᠳᠡᠷᠵᠢᠭᠦᠯᠵᠦ᠂ ᠵᠢᠭᠤᠯᠴᠢᠯᠠᠯ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠵᠤ᠂ ᠵᠢᠭᠤᠯᠴᠢᠯᠠᠯ ᠤᠨ ᠦᠢᠯᠡᠰ ᠢ ᠰᠠᠶᠢᠨ ᠰᠠᠶᠢᠬᠠᠨ ᠠᠮᠢᠳᠤᠷᠠᠯ ᠳᠤ ᠨᠠᠩ ᠰᠠᠶᠢᠲᠤᠷ ᠦᠢᠯᠡᠴᠢᠯᠡᠭᠦᠯᠵᠦ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ᠣᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ ᠳᠤᠮᠳᠠᠳᠤ ᠤᠯᠤᠰ ᠤᠨ ᠳᠦᠷᠢ ᠲᠥᠷᠬᠦ ᠶᠢ ᠢᠯᠡᠷᠡᠭᠦᠯᠵᠦ ᠂ ᠪᠣᠯᠪᠠᠰᠤᠨ ᠤ ᠲᠣᠯᠢᠯᠠᠯ ᠢ ᠨᠡᠮᠡᠭᠳᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠪᠤᠳᠤᠯ ᠢᠶᠠᠨ ᠦᠨᠡᠨ ᠬᠦ ᠴᠢᠩᠭᠠᠳᠬᠠᠵᠤ᠂ ᠠᠵᠢᠯ ᠢᠶᠠᠨ ᠬᠤᠪᠢᠶᠠᠷᠢᠯᠠᠨ ᠬᠠᠮᠵᠢᠯᠴᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠪᠦᠭᠦ ᠤᠯᠤᠰ ᠤᠨ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ 5 ᠰᠠᠷ᠎ᠠ ᠶᠢᠨ 17᠎ ᠤ ᠡᠳᠦᠷ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠤᠬᠠᠭᠤᠯᠬᠤ ᠬᠡᠯᠲᠡᠰ ᠤᠨ ᠳᠠᠷᠤᠭ᠎ᠠ ᠯᠢ ᠱᠤ᠋ ᠯᠧᠢ ᠬᠤᠷᠠᠯ ᠳᠡᠭᠡᠷ᠎ᠡ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠭᠰᠠᠨ ᠪᠥᠭᠡᠳ ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠣᠨ ᠵᠢᠭᠤᠯᠴᠢᠯᠠᠯ ᠤᠨ ᠬᠥᠭᠵᠢᠯᠲᠡ ᠶᠢᠨ ᠲᠤᠬᠠᠢ ᠠᠯᠢ ᠣᠯᠠᠨ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠣᠶᠣᠯ ᠢᠶᠠᠷ ᠵᠢᠭᠤᠯᠴᠢᠯᠠᠯ ᠢ ᠱᠤᠭᠤᠬᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠬᠦ ᠶᠢ ᠪᠠᠷᠢᠮᠲᠠᠯᠠᠵᠤ᠂ ᠥᠪᠡᠷᠮᠢᠴᠡ ᠣᠨᠴᠠᠯᠢᠭ ᠲᠠᠢ ᠳᠤᠮᠳᠠᠳᠤ ᠤᠯᠤᠰ ᠤᠨ ᠵᠢᠭᠤᠯᠴᠢᠯᠠᠯ ᠤᠨ ᠬᠥᠭᠵᠢᠯᠲᠡ ᠶᠢᠨ ᠵᠠᠮ ᠢᠶᠠᠷ ᠵᠠᠮᠨᠠᠬᠤ ᠬᠡᠷᠡᠭᠲᠡᠢ᠃ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠵᠢᠭᠤᠯᠴᠢᠯᠠᠯ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠵᠤ᠂ ᠰᠢᠰᠲ᠋ᠧᠮ ᠲᠠᠢ ᠲᠥᠯᠥᠪᠵᠢᠭᠦᠯᠬᠦ ᠪᠠ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠬᠤ ᠶᠢ ᠴᠢᠩᠭᠠᠳᠬᠠᠵᠤ᠂ ᠰᠣᠶᠣᠯ ᠤᠨ ᠥᠪ ᠪᠣᠯᠣᠨ ᠠᠮᠢ ᠠᠬᠤᠢ ᠶᠢᠨ ᠡᠬᠢ ᠪᠠᠶᠠᠯᠢᠭ ᠢ ᠬᠠᠮᠠᠭᠠᠯᠠᠵᠤ᠂ ᠬᠠᠩᠭᠠᠯᠭ᠎ᠠ ᠶᠢᠨ ᠲᠦᠪᠰᠢᠨ ᠪᠣᠯᠣᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠣᠯᠠᠨ ᠤᠯᠤᠰ ᠤᠨ ᠵᠢᠭᠤᠯᠴᠢᠯᠠᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠦ ᠢᠯᠡᠳᠬᠡᠪᠡ᠃    ᠲᠥᠷᠥ ᠶᠢᠨ ᠶᠠᠪᠤᠳᠠᠯ ᠤᠨ ᠭᠡᠰᠢᠭᠦᠨ ᠱᠧᠨ ᠢ ᠴᠢᠨ ᠬᠤᠷᠠᠯ ᠢ ᠡᠷᠭᠢᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃    ᠰᠣᠶᠣᠯ ᠪᠠ ᠵᠢᠭᠤᠯᠴᠢᠯᠠᠯ ᠤᠨ ᠶᠠᠮᠤᠨ᠂ ᠭᠠᠳᠠᠭᠠᠳᠤ ᠶᠠᠪᠤᠳᠠᠯ ᠤᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠬᠠᠷᠠᠮᠥ᠋ᠷᠡᠨ ᠮᠤᠵᠢ᠂ ᠵᠧᠵᠢᠶᠠᠩ ᠮᠤᠵᠢ᠂ ᠬᠤᠨᠠᠨ ᠮᠤᠵᠢ᠂ ᠭᠦᠢᠵᠧᠦ ᠮᠤᠵᠢ ᠶᠢᠨ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠪᠡ᠃    ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠣᠨ ᠳᠡᠳ᠋ ᠮᠤᠵᠢ ᠶᠢᠨ ᠲᠡᠰ ᠤᠨ ᠬᠤᠳᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠤᠯᠤᠰ ᠤᠨ ᠥᠮᠴᠢᠯᠡᠯ ᠤᠨ ᠴᠢᠬᠤᠯᠠ ᠭᠤᠣᠯᠯᠠᠭᠴᠢ ᠬᠡᠰᠡᠭ ᠠᠵᠤ ᠠᠬᠤᠶᠢᠯᠠᠯ᠂ ᠬᠤᠯᠪᠣᠭᠳᠠᠯ ᠪᠦᠬᠦᠢ ᠰᠣᠶᠣᠯ ᠪᠠ ᠵᠢᠭᠤᠯᠴᠢᠯᠠᠯ ᠤᠨ ᠠᠵᠢᠯ ᠲᠦᠷᠦᠯ ᠤᠨ ᠨᠡᠶᠢᠭᠡᠮᠯᠢᠭ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ 
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2