| 5 ᠰᠠᠷ᠎ᠠ ᠶᠢᠨ 21 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠺᠠᠩ ᠬᠠᠶ ᠷᠦᠢ ᠲᠤᠭᠤᠷᠢᠭ ᠤᠨ ᠵᠠᠰᠠᠭ ᠤᠨ ᠣᠷᠳᠣᠨ ᠤ 2024 ᠣᠨ ᠤ 11 ᠳ᠋ᠤᠭᠡᠷ | ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 9 ᠳ᠋ᠤᠭᠡᠷ ᠤᠳᠠᠭ᠎ᠠ ᠶᠢᠨ ᠪᠠᠶᠢᠩᠭᠤ ᠶᠢᠨ | ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ | ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾᠂ ᠶᠡᠷᠦᠩᠬᠡᠶ ᠱᠦᠵᠢ ᠰᠢ ᠶᠢᠨ ᠫᠢᠩ ᠤᠨ | ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠴᠢᠬᠤᠯᠠ ᠥᠭᠦᠯᠡᠯᠲᠡ ᠶᠢ | ᠤᠯᠠᠮᠵᠢᠯᠠᠨ ᠰᠤᠷᠤᠯᠴᠠᠵᠤ᠂ ︽ᠵᠢᠨᠢᠩ ᠲᠣᠭᠤᠷᠢᠭ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ | ᠬᠠᠮᠢᠶᠠᠷᠤᠯᠲᠠ ᠶᠢᠨ ᠬᠡᠷᠡᠭᠵᠢᠭᠦᠯᠬᠦ ᠰᠠᠨᠠᠯ︾᠂ ︽2024 ᠣᠨ ᠤ ᠵᠢᠨᠢᠩ ᠲᠣᠭᠤᠷᠢᠭ ᠤᠨ ᠣᠷᠴᠢᠨ ᠲᠣᠭᠤᠷᠢᠨ ᠤ | ᠠᠭᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠵᠢᠭᠦᠯᠬᠦ ᠲᠥᠰᠦᠯ︾ ᠵᠡᠷᠭᠡ ᠶᠢ ᠰᠤᠳᠤᠯᠤᠨ ᠬᠢᠨᠠᠨ ᠵᠥᠪᠯᠡᠵᠦ᠂ | ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠵᠢᠭᠠᠭᠰᠠᠨ ᠨᠢ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ | ᠳᠡᠯᠭᠡᠷᠡᠭᠦᠯᠦᠨ ᠲᠦᠭᠡᠮᠡᠯᠵᠢᠭᠦᠯᠬᠦ ᠪᠣᠯ ᠦᠨᠳᠦᠰᠦᠲᠡᠨ ᠤ ᠠᠵᠢᠯ ᠢ ᠰᠠᠶᠢᠲᠤᠷ ᠬᠢᠬᠦ᠂ ᠦᠨᠳᠦᠰᠦᠲᠡᠨ ᠤ ᠪᠦᠯᠬᠦᠮᠳᠡᠯ ᠢ | ᠴᠢᠩᠭᠠᠳᠬᠠᠬᠤ᠂ ᠤᠯᠤᠰ ᠤᠨ ᠠᠮᠤᠷ ᠲᠦᠪᠰᠢᠨ ᠪᠠ ᠨᠢᠭᠡᠳᠦᠯ ᠢ ᠬᠠᠮᠠᠭᠠᠯᠠᠬᠤ ᠤᠷᠳᠤ ᠬᠤᠭᠤᠴᠠᠭᠠᠨ ᠤ ᠠᠷᠭ᠎ᠠ | ᠪᠤᠳᠤᠯᠭ᠎ᠠ ᠪᠠ ᠦᠨᠳᠦᠰᠦ ᠶᠢ ᠪᠠᠬᠢᠵᠢᠭᠦᠯᠬᠦ ᠠᠷᠭ᠎ᠠ ᠬᠡᠮᠵᠢᠶ᠎ᠡ ᠮᠥᠨ᠃ ᠡᠯ᠎ᠡ ᠱᠠᠲᠤ ᠡᠯ᠎ᠡ ᠰᠠᠯᠠᠭ᠎ᠠ | ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠢᠨᠠᠮᠠᠭᠠᠶ ᠰᠤᠷᠤᠯᠴᠠᠵᠤ᠂ ᠭᠦᠨᠵᠡᠭᠡᠶ | ᠣᠶᠢᠯᠠᠭᠠᠵᠤ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ | ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠶᠢᠨ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠵᠢᠷᠤᠮᠵᠢᠭᠤᠯᠬᠤ ᠪᠠ | ᠪᠠᠷᠢᠮᠵᠢᠶᠠᠵᠢᠭᠤᠯᠬᠤ ᠠᠵᠢᠯ ᠤᠨ ᠱᠠᠭᠠᠷᠳᠠᠯᠭ᠎ᠠ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ | ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠶ ᠭᠦᠢᠴᠡᠳᠬᠡᠵᠦ᠂ ᠦᠭᠡ ᠬᠡᠯᠡ ᠦᠰᠦᠭ | ᠪᠢᠴᠢᠭ ᠤᠨ ᠨᠡᠶᠢᠭᠡᠮ ᠤᠨ ᠬᠡᠷᠡᠭᠯᠡᠭᠡᠨ ᠤ ᠬᠠᠮᠢᠶᠠᠷᠤᠯᠲᠠ᠂ ᠬᠢᠨᠠᠯᠲᠠ ᠲᠠᠯᠪᠢᠯᠲᠠ ᠪᠣᠯᠤᠨ ᠪᠠᠶᠢᠴᠠᠭᠠᠯᠲᠠ ᠪᠠᠨ | ᠴᠢᠩᠭᠠᠳᠬᠠᠵᠤ᠂ ᠦᠭᠡ ᠬᠡᠯᠡ ᠦᠰᠦᠭ ᠪᠢᠴᠢᠭ ᠢ ᠵᠢᠷᠤᠮᠵᠢᠭᠤᠯᠬᠤ ᠠᠵᠢᠯ ᠢ ᠡᠳᠦᠷ ᠲᠤᠲᠤᠮ ᠤᠨ ᠡᠯ᠎ᠡ ᠵᠦᠢᠯ ᠤᠨ | ᠠᠵᠢᠯ ᠳᠤ ᠠᠯᠬᠤᠮ ᠠᠯᠬᠤᠮ ᠢᠶᠠᠷ ᠨᠡᠪᠴᠢᠭᠦᠯᠦᠨ᠂ ᠦᠭᠡ ᠬᠡᠯᠡ ᠦᠰᠦᠭ ᠪᠢᠴᠢᠭ ᠤᠨ ᠠᠵᠢᠯ ᠤᠨ ᠳᠤᠮᠳᠠ ᠬᠠᠤᠯᠢ | ᠶᠣᠰᠣᠭᠠᠷ ᠵᠣᠬᠢᠬᠤ ᠬᠡᠮᠵᠢᠶ᠎ᠡ ᠪᠠᠷ ᠬᠢᠬᠦ ᠬᠡᠷᠡᠭᠲᠡᠶ᠃ ᠤᠬᠠᠭᠤᠯᠭ᠎ᠠ ᠪᠠᠨ ᠴᠢᠩᠭᠠᠳᠬᠠᠵᠤ᠂ ᠤᠬᠠᠭᠤᠯᠭ᠎ᠠ ᠶᠢᠨ ᠠᠷᠭ᠎ᠠ | ᠪᠠᠷᠢᠯ ᠪᠣᠯᠤᠨ ᠠᠵᠢᠯ ᠤᠨ ᠠᠷᠭ᠎ᠠ ᠬᠡᠯᠪᠡᠷᠢ ᠶᠢᠨ ᠰᠢᠨ᠎ᠡ ᠶᠢ ᠢᠳᠡᠪᠬᠢᠲᠡᠢ ᠡᠭᠦᠳᠴᠦ᠂ ᠦᠨᠳᠦᠰᠦᠲᠡᠨ ᠨᠦᠭᠦᠳ ᠤᠨ | ᠺᠠᠳ᠋ᠷ ᠤᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ︽ᠲᠦᠷᠪᠡᠨ ᠬᠠᠮᠲᠤ︾ ᠶᠢᠨ ᠳᠤᠮᠳᠠᠳᠤ ᠶᠢᠨ | ᠦᠨᠳᠦᠰᠦᠲᠡᠨ ᠤ ᠲᠡᠦᠬᠡ ᠶᠢᠨ ᠦᠵᠡᠯᠲᠡ ᠶᠢ ᠪᠠᠲᠤ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠦᠷᠭᠦᠯᠵᠢᠯᠡᠨ ᠪᠠᠲᠤ ᠪᠠᠬᠢ ᠪᠤᠢ ᠪᠣᠯᠭᠠᠬᠤ ᠬᠡᠷᠡᠭᠲᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠭᠡᠬᠦ ᠡᠨᠡ ᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ | ᠬᠢᠵᠦ᠂ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠴᠢᠩᠭ᠎ᠠ | ᠪᠣᠳᠠᠲᠠᠢ ᠰᠠᠶᠢᠲᠤᠷ ᠠᠳᠬᠤᠬᠤ ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠤᠨ ᠴᠢᠬᠤᠯᠠ ᠴᠢᠨᠠᠷ | ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠲᠤᠰ ᠲᠤᠰ ᠤᠨ ᠡᠭᠦᠷᠭᠡ ᠴᠢᠳᠠᠪᠤᠷᠢ ᠡᠭᠦᠷᠭᠡ | ᠬᠠᠷᠢᠭᠤᠴᠠᠯᠭ᠎ᠠ ᠪᠠᠨ ᠴᠢᠩᠭ᠎ᠠ ᠵᠢᠷᠤᠮᠯᠠᠨ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠤᠨ | ᠵᠠᠰᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠵᠤ᠂ ᠲᠡᠦᠬᠡ ᠶᠢᠨ ᠳᠤᠷᠠᠰᠬᠠᠯᠲᠤ | ᠵᠦᠢᠯᠡᠰ ᠢ ᠬᠠᠮᠠᠭᠠᠯᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ | ᠬᠡᠷᠡᠭᠲᠡᠢ᠃ ᠠᠭᠠᠷ ᠮᠠᠨᠳᠠᠯ ᠤᠨ ᠪᠣᠬᠢᠷᠲᠤᠯ ᠢ ᠵᠠᠰᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠵᠤ᠂ ᠤᠨᠢᠨ ᠳᠡᠭᠡᠷ᠎ᠡ ᠨᠢ ᠪᠦᠲᠦᠮᠵᠢᠲᠡᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠴᠤ᠂ ᠠᠮᠢ | ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠠᠭᠠᠷ ᠤᠨ ᠶᠠᠰᠤ | ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ | ᠬᠤᠷᠠᠯ ᠠᠴᠠ᠂ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ ᠪᠠᠰᠠ ︽ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ | ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ | ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ︾ ᠶᠢᠨ ᠲᠣᠭᠤᠷᠢᠨ ᠳᠤ ᠰᠤᠳᠤᠯᠤᠨ | ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠡᠳᠦᠷ | ᠳᠤᠳᠤᠮ ᠤᠨ ᠠᠮᠢᠳᠤᠷᠠᠯ ᠳᠤ ᠠᠭᠤᠰᠤᠯᠴᠠᠭᠤᠯᠵᠤ᠂ ᠪᠠᠶᠢᠩᠭᠤ ᠠᠳᠬᠤᠵᠤ᠂ ︽ᠵᠠᠩᠭᠢᠯᠠᠭ᠎ᠠ ᠶᠢᠨ ᠴᠥᠭᠡᠨ | ᠲᠣᠭᠠᠲᠠᠨ︾ ᠤ ᠬᠦᠳᠦᠯᠦᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠪᠡᠶ᠎ᠡ ᠪᠠᠨ | ᠴᠢᠩᠭ᠎ᠠ ᠱᠠᠭᠠᠷᠳᠠᠬᠤ᠂ ᠲᠤᠰ ᠲᠤᠰ ᠤᠨ ᠬᠠᠷᠢᠭᠤᠴᠠᠯᠭ᠎ᠠ ᠪᠠᠨ ᠴᠢᠩᠭ᠎ᠠ ᠡᠭᠦᠷᠭᠡᠯᠡᠬᠦ᠂ ᠦᠵᠡᠯ ᠰᠠᠨᠠᠭ᠎ᠠ ᠪᠣᠯᠤᠨ | ᠦᠢᠯᠡ ᠠᠵᠢᠯᠯᠠᠭ᠎ᠠ ᠶᠢ ᠴᠢᠩᠭ᠎ᠠ ᠬᠠᠮᠢᠶᠠᠷᠬᠤ᠂ ᠨᠡᠩ ᠤᠬᠠᠮᠰᠠᠷ ᠲᠠᠢ ᠪᠠᠲᠤ ᠪᠣᠯᠭᠠᠬᠤ ᠬᠡᠷᠡᠭᠲᠡᠢ ᠭᠡᠵᠦ | ᠴᠢᠬᠤᠯᠠᠴᠢᠯᠠᠪᠠ᠃ ᠲᠥᠪᠯᠡᠷᠡᠯ ᠤᠨ ᠴᠡᠭ ᠢ ᠪᠠᠲᠤ ᠡᠵᠡᠮᠳᠡᠵᠦ᠂ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ | ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ | ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠶᠢᠨ ᠦᠨᠳᠦᠰᠦᠨ ᠠᠭᠤᠯᠤᠭᠳᠠᠬᠤᠨ ᠢ | ᠡᠵᠡᠮᠳᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠤ᠂ ᠰᠢᠰᠲ᠋ᠧᠮᠲᠦ ᠦᠵᠡᠯᠲᠡ ᠶᠢ | ᠴᠢᠩᠭᠠᠳᠬᠠᠵᠤ᠂ ᠲᠤᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠰᠤᠷᠤᠯᠴᠠᠯᠭ᠎ᠠ | ᠬᠥᠮᠦᠵᠢᠯ ᠤᠨ ᠬᠠᠨᠳᠤᠯᠭᠠᠲᠤ ᠴᠢᠨᠠᠷ᠂ ᠪᠣᠳᠠᠲᠤ ᠪᠦᠲᠦᠮᠵᠢᠲᠦ ᠴᠢᠨᠠᠷ ᠢ ᠴᠢᠩᠭᠠᠳᠬᠠᠬᠤ ᠬᠡᠷᠡᠭᠲᠡᠢ᠃ ᠰᠡᠳᠬᠢᠯ | ᠲᠠᠯᠪᠢᠨ ᠰᠠᠬᠢᠯᠭ᠎ᠠ ᠪᠠᠲᠤ ᠶᠢ ᠰᠤᠷᠤᠯᠴᠠᠵᠤ᠂ ᠰᠠᠬᠢᠯᠭ᠎ᠠ ᠪᠠᠲᠤ ᠶᠢ ᠣᠶᠢᠯᠠᠭᠠᠵᠤ᠂ ᠰᠠᠬᠢᠯᠭ᠎ᠠ ᠪᠠᠲᠤ ᠶᠢ ᠰᠠᠬᠢᠵᠤ᠂ | ᠴᠢᠩᠭ᠎ᠠ ᠲᠣᠳᠣᠷᠬᠠᠢ ᠰᠠᠬᠢᠯᠭ᠎ᠠ ᠪᠠᠲᠤ ᠶᠢᠨ ᠱᠠᠭᠠᠷᠳᠠᠯᠭ᠎ᠠ ᠪᠠᠷ ᠦᠵᠡᠯ ᠰᠠᠨᠠᠭ᠎ᠠ ᠨᠢᠭᠡᠳᠦᠯᠲᠡᠶ᠂ ᠦᠢᠯᠡ ᠠᠵᠢᠯᠯᠠᠭ᠎ᠠ | ᠨᠢᠭᠡᠳᠦᠯᠲᠡᠶ ᠪᠠᠶᠢᠬᠤ ᠶᠢ ᠪᠠᠲᠤᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ | ᠪᠦᠲᠦᠭᠡᠯ ᠢ ᠦᠨᠡᠨ ᠬᠦ ᠮᠠᠨ ᠤ ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ | ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠨᠠᠶᠢᠷᠠᠭᠤᠯᠤᠭᠴᠢ᠄ ᠸᠠᠩ ᠵᠢᠩ ᠵᠢᠩ | ᠤᠷᠴᠢᠭᠤᠯᠤᠭᠴᠢ᠄ ᠲᠤᠶᠠᠭ᠎ᠠ |