| | | | | | | | | 5 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠮᠠᠨ ᠤ ᠲᠤᠭᠤᠷᠢᠭ ᠤᠨ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠪᠠ ᠠᠶᠤᠯᠭᠦᠶ ᠦᠢᠯᠡᠳᠪᠦᠷᠢᠯᠡᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ | ᠵᠠᠩ ᠶᠦᠩ ᠸᠧᠨ ᠤᠷᠢᠳ ᠬᠤᠵᠢᠳ ᠵᠢᠦ ᠲᠠᠩ ᠹᠦ᠋ ᠰᠠᠭᠤᠭᠠᠯᠢ ᠲᠣᠭᠤᠷᠢᠭ᠂ ᠢᠦᠢ ᠰᠢ ᠪᠠᠭᠤᠳᠠᠯ᠂ | ᠰᠢᠶᠦ᠋ᠩ ᠲᠧ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ | ᠲᠤᠬᠠᠢ ᠶᠢᠨ ᠲᠠᠯᠠᠪᠠᠢ ᠳᠤ ᠬᠦᠷᠴᠦ᠂ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠤᠬᠠᠢ ᠶᠢᠨ ᠭᠠᠵᠠᠷ ᠲᠤᠨᠢ | ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ | ᠲᠦᠷᠦᠯ ᠵᠦᠢᠯ ᠤᠨ ᠬᠡᠷᠡᠭᠯᠡᠬᠦ ᠭᠠᠵᠠᠷ ᠤᠨ ᠲᠥᠯᠥᠪᠵᠢᠭᠦᠯᠭᠡ᠂ ᠴᠢᠳᠠᠮᠵᠢ ᠶᠢᠨ ᠪᠠᠶᠢᠷᠢᠰᠢᠭᠤᠯᠤᠯᠲᠠ᠂ ᠪᠦᠳᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠬᠤᠭᠤᠴᠠᠭ᠎ᠠ ᠵᠢᠴᠢ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ | ᠨᠠᠷᠢᠨ ᠣᠶᠢᠯᠠᠭᠠᠬᠤ ᠶᠢᠨ ᠬᠠᠮᠲᠤ ᠲᠤᠬᠠᠢ ᠶᠢᠨ ᠲᠠᠯᠠᠪᠠᠢ ᠳᠤ ᠪᠣᠳᠠᠲᠠᠢ ᠰᠢᠢᠳᠪᠦᠷᠢᠯᠡᠬᠦ ᠠᠷᠭ᠎ᠠ ᠶᠢ ᠰᠤᠳᠤᠯᠵᠠᠢ᠃ | ᠵᠠᠩ ᠶᠦᠩ ᠸᠧᠨ ᠬᠡᠯᠡᠭᠰᠡᠨ ᠨᠢ ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯ ᠠᠵᠤ ᠠᠬᠤᠢ ᠶᠢ | ᠬᠥᠭᠵᠢᠭᠦᠯᠬᠦ᠂ ᠠᠷᠠᠳ ᠤᠨ ᠠᠮᠢᠳᠤᠷᠠᠯ ᠢ ᠪᠠᠲᠤᠯᠠᠬᠤ ᠴᠢᠬᠤᠯᠠ ᠲᠤᠯᠭᠠᠭᠤᠷᠢᠯᠠᠯ ᠪᠣᠯᠤᠨ᠎ᠠ᠂ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠪᠠᠷᠢᠯᠭ᠎ᠠ ᠶᠢᠨ ᠬᠤᠭᠤᠴᠠᠭ᠎ᠠ ᠶᠢ ᠠᠮᠵᠢᠨ ᠠᠳᠬᠤᠵᠤ᠂ | ᠪᠠᠷᠢᠯᠭ᠎ᠠ ᠶᠢᠨ ᠠᠮᠤᠷ ᠲᠦᠪᠰᠢᠨ ᠪᠣᠯᠤᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠦᠢᠯᠡᠴᠢᠯᠡᠭᠡᠨ ᠤ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠶᠢᠨ ᠳᠤᠮᠳᠠᠬᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠠᠵᠤ | ᠠᠬᠤᠶᠢᠯᠠᠯ ᠤᠨ ᠡᠷᠲᠡᠬᠡᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃ | ᠠᠶᠤᠯᠭᠦᠢ ᠦᠢᠯᠡᠳᠪᠦᠷᠢᠯᠡᠯ ᠪᠣᠯ ᠠᠵᠤ ᠠᠬᠤᠶᠢᠯᠠᠯ ᠤᠨ ᠠᠮᠢᠨ ᠰᠤᠳᠠᠰᠤ ᠮᠥᠨ᠂ ᠬᠠᠷᠢᠭᠤᠴᠠᠯᠭ᠎ᠠ ᠶᠢ ᠤᠯᠠᠮ | ᠴᠢᠨᠠᠭᠰᠢᠳᠠ ᠴᠢᠩᠭ᠎ᠠ ᠳᠠᠷᠤᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠢᠩᠭᠠᠯᠠᠵᠤ᠂ ᠠᠶᠤᠯ | ᠲᠦᠭᠰᠢᠭᠦᠷᠢ ᠶᠢᠨ ᠬᠠᠮᠢᠶᠠᠷᠤᠯᠲᠠ ᠶᠢᠨ ᠤᠬᠠᠮᠰᠠᠷ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠠᠶᠤᠯᠭᠦᠢ | ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ | ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ᠭᠡᠮ ᠰᠣᠭᠤᠭ ᠢ ᠪᠠᠶᠢᠴᠠᠭᠠᠨ | ᠵᠠᠰᠠᠬᠤ ᠶᠢ ᠴᠢᠩᠭ᠎ᠠ ᠠᠳᠬᠤᠵᠤ᠂ ᠪᠠᠷᠢᠯᠭ᠎ᠠ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ | ᠶᠤᠤ ᠬᠠᠢ ᠮᠢᠩ ᠤᠷᠤᠯᠴᠠᠪᠠ᠃ | ᠨᠠᠶᠢᠷᠠᠭᠤᠯᠤᠭᠴᠢ᠄ ᠸᠠᠩ ᠵᠢᠩ ᠵᠢᠩ | ᠤᠷᠴᠢᠭᠤᠯᠤᠭᠴᠢ᠄ ᠲᠤᠶᠠᠭ᠎ᠠ | |