ᠵᠠᠩ ᠶᠦᠩ ᠸᠧᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠪᠤᠯᠤᠨ ᠠᠶᠤᠯᠬᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/22
705470.jpg
    5 ᠰᠠᠷ᠎ᠠ ᠶᠢᠨ 21᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠮᠠᠨ ᠤ ᠲᠤᠭᠤᠷᠢᠭ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠠᠶᠤᠯᠭᠦᠶ ᠦᠢᠯᠡᠳᠪᠦᠷᠢᠯᠡᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ᠵᠠᠩ ᠶᠦᠩ ᠸᠧᠨ ᠤᠷᠢᠳ ᠬᠤᠵᠢᠳ ᠵᠢᠦ ᠲᠠᠩ ᠹᠦ᠋ ᠰᠠᠭᠤᠭᠠᠯᠢ ᠲᠣᠭᠤᠷᠢᠭ᠂ ᠢᠦᠢ ᠰᠢ ᠪᠠᠭᠤᠳᠠᠯ᠂ ᠰᠢᠶᠦ᠋ᠩ ᠲᠧ ᠣᠷᠴᠢᠨ ᠲᠣᠭᠤᠷᠢᠨ ᠤ ᠬᠠᠮᠠᠭᠠᠯᠠᠯᠲᠠ  ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠦᠷᠦᠯ ᠵᠦᠢᠯ ᠤᠨ ᠬᠡᠷᠡᠭᠯᠡᠬᠦ ᠭᠠᠵᠠᠷ ᠤᠨ ᠲᠥᠯᠥᠪᠵᠢᠭᠦᠯᠭᠡ᠂ ᠴᠢᠳᠠᠮᠵᠢ ᠶᠢᠨ ᠪᠠᠶᠢᠷᠢᠰᠢᠭᠤᠯᠤᠯᠲᠠ᠂ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠤᠭᠤᠴᠠᠭ᠎ᠠ ᠵᠢᠴᠢ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠨᠠᠷᠢᠨ ᠣᠶᠢᠯᠠᠭᠠᠬᠤ ᠶᠢᠨ ᠬᠠᠮᠲᠤ ᠲᠤᠬᠠᠢ ᠶᠢᠨ ᠲᠠᠯᠠᠪᠠᠢ ᠳᠤ ᠪᠣᠳᠠᠲᠠᠢ ᠰᠢᠢᠳᠪᠦᠷᠢᠯᠡᠬᠦ ᠠᠷᠭ᠎ᠠ ᠶᠢ ᠰᠤᠳᠤᠯᠵᠠᠢ᠃    ᠵᠠᠩ ᠶᠦᠩ ᠸᠧᠨ ᠬᠡᠯᠡᠭᠰᠡᠨ ᠨᠢ ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯ ᠠᠵᠤ ᠠᠬᠤᠢ ᠶᠢ ᠬᠥᠭᠵᠢᠭᠦᠯᠬᠦ᠂ ᠠᠷᠠᠳ ᠤᠨ ᠠᠮᠢᠳᠤᠷᠠᠯ ᠢ ᠪᠠᠲᠤᠯᠠᠬᠤ ᠴᠢᠬᠤᠯᠠ ᠲᠤᠯᠭᠠᠭᠤᠷᠢᠯᠠᠯ ᠪᠣᠯᠤᠨ᠎ᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠪᠠᠷᠢᠯᠭ᠎ᠠ ᠶᠢᠨ ᠬᠤᠭᠤᠴᠠᠭ᠎ᠠ ᠶᠢ ᠠᠮᠵᠢᠨ ᠠᠳᠬᠤᠵᠤ᠂ ᠪᠠᠷᠢᠯᠭ᠎ᠠ ᠶᠢᠨ ᠠᠮᠤᠷ ᠲᠦᠪᠰᠢᠨ ᠪᠣᠯᠤᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠢᠯᠡᠴᠢᠯᠡᠭᠡᠨ ᠤ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠳᠤᠮᠳᠠᠬᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠤᠨ ᠡᠷᠲᠡᠬᠡᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠪᠣᠯ ᠠᠵᠤ ᠠᠬᠤᠶᠢᠯᠠᠯ ᠤᠨ ᠠᠮᠢᠨ ᠰᠤᠳᠠᠰᠤ ᠮᠥᠨ᠂ ᠬᠠᠷᠢᠭᠤᠴᠠᠯᠭ᠎ᠠ ᠶᠢ ᠤᠯᠠᠮ ᠴᠢᠨᠠᠭᠰᠢᠳᠠ ᠴᠢᠩᠭ᠎ᠠ ᠳᠠᠷᠤᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠢᠩᠭᠠᠯᠠᠵᠤ᠂ ᠠᠶᠤᠯ ᠲᠦᠭᠰᠢᠭᠦᠷᠢ ᠶᠢᠨ ᠬᠠᠮᠢᠶᠠᠷᠤᠯᠲᠠ ᠶᠢᠨ ᠤᠬᠠᠮᠰᠠᠷ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ᠭᠡᠮ ᠰᠣᠭᠤᠭ ᠢ ᠪᠠᠶᠢᠴᠠᠭᠠᠨ ᠵᠠᠰᠠᠬᠤ ᠶᠢ ᠴᠢᠩᠭ᠎ᠠ ᠠᠳᠬᠤᠵᠤ᠂ ᠪᠠᠷᠢᠯᠭ᠎ᠠ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃    ᠶᠤᠤ ᠬᠠᠢ ᠮᠢᠩ ᠤᠷᠤᠯᠴᠠᠪᠠ᠃             ᠨᠠᠶᠢᠷᠠᠭᠤᠯᠤᠭᠴᠢ᠄  ᠸᠠᠩ ᠵᠢᠩ ᠵᠢᠩ             ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2