ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ 11 ᠳ᠋ᠦ᠋ᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 9 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/22
    5 ᠰᠠᠷ᠎ᠠ ᠶᠢᠨ 21᠎ ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠶ ᠷᠦᠢ ᠲᠤᠭᠤᠷᠢᠭ ᠤᠨ ᠵᠠᠰᠠᠭ ᠤᠨ ᠣᠷᠳᠣᠨ ᠤ 2024 ᠣᠨ ᠤ 11 ᠳ᠋ᠤᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 9 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠴᠢᠬᠤᠯᠠ ᠥᠭᠦᠯᠡᠯᠲᠡ ᠶᠢ ᠤᠯᠠᠮᠵᠢᠯᠠᠨ ᠰᠤᠷᠤᠯᠴᠠᠵᠤ᠂ ︽ᠵᠢᠨᠢᠩ ᠲᠣᠭᠤᠷᠢᠭ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠰᠠᠨᠠᠯ︾᠂ ︽2024 ᠣᠨ ᠤ ᠵᠢᠨᠢᠩ ᠲᠣᠭᠤᠷᠢᠭ ᠤᠨ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠵᠢᠭᠦᠯᠬᠦ ᠲᠥᠰᠦᠯ︾ ᠵᠡᠷᠭᠡ ᠶᠢ ᠰᠤᠳᠤᠯᠤᠨ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠵᠢᠭᠠᠭᠰᠠᠨ ᠨᠢ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠪᠣᠯ ᠦᠨᠳᠦᠰᠦᠲᠡᠨ ᠤ ᠠᠵᠢᠯ ᠢ ᠰᠠᠶᠢᠲᠤᠷ ᠬᠢᠬᠦ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ᠂ ᠤᠯᠤᠰ ᠤᠨ ᠠᠮᠤᠷ ᠲᠦᠪᠰᠢᠨ ᠪᠠ ᠨᠢᠭᠡᠳᠦᠯ ᠢ ᠬᠠᠮᠠᠭᠠᠯᠠᠬᠤ ᠤᠷᠳᠤ ᠬᠤᠭᠤᠴᠠᠭᠠᠨ ᠤ ᠠᠷᠭ᠎ᠠ ᠪᠤᠳᠤᠯᠭ᠎ᠠ ᠪᠠ ᠦᠨᠳᠦᠰᠦ ᠶᠢ ᠪᠠᠬᠢᠵᠢᠭᠦᠯᠬᠦ ᠠᠷᠭ᠎ᠠ ᠬᠡᠮᠵᠢᠶ᠎ᠡ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠢᠨᠠᠮᠠᠭᠠᠶ ᠰᠤᠷᠤᠯᠴᠠᠵᠤ᠂ ᠭᠦᠨᠵᠡᠭᠡᠶ ᠣᠶᠢᠯᠠᠭᠠᠵᠤ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠶᠢᠨ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠵᠢᠷᠤᠮᠵᠢᠭᠤᠯᠬᠤ ᠪᠠ ᠪᠠᠷᠢᠮᠵᠢᠶᠠᠵᠢᠭᠤᠯᠬᠤ ᠠᠵᠢᠯ ᠤᠨ ᠱᠠᠭᠠᠷᠳᠠᠯᠭ᠎ᠠ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠶ ᠭᠦᠢᠴᠡᠳᠬᠡᠵᠦ᠂ ᠦᠭᠡ ᠬᠡᠯᠡ ᠦᠰᠦᠭ ᠪᠢᠴᠢᠭ ᠤᠨ ᠨᠡᠶᠢᠭᠡᠮ ᠤᠨ ᠬᠡᠷᠡᠭᠯᠡᠭᠡᠨ ᠤ ᠬᠠᠮᠢᠶᠠᠷᠤᠯᠲᠠ᠂ ᠬᠢᠨᠠᠯᠲᠠ ᠲᠠᠯᠪᠢᠯᠲᠠ ᠪᠣᠯᠤᠨ ᠪᠠᠶᠢᠴᠠᠭᠠᠯᠲᠠ ᠪᠠᠨ ᠴᠢᠩᠭᠠᠳᠬᠠᠵᠤ᠂ ᠦᠭᠡ ᠬᠡᠯᠡ ᠦᠰᠦᠭ ᠪᠢᠴᠢᠭ ᠢ ᠵᠢᠷᠤᠮᠵᠢᠭᠤᠯᠬᠤ ᠠᠵᠢᠯ ᠢ ᠡᠳᠦᠷ ᠲᠤᠲᠤᠮ ᠤᠨ ᠡᠯ᠎ᠡ ᠵᠦᠢᠯ ᠤᠨ ᠠᠵᠢᠯ ᠳᠤ ᠠᠯᠬᠤᠮ ᠠᠯᠬᠤᠮ ᠢᠶᠠᠷ ᠨᠡᠪᠴᠢᠭᠦᠯᠦᠨ᠂ ᠦᠭᠡ ᠬᠡᠯᠡ ᠦᠰᠦᠭ ᠪᠢᠴᠢᠭ ᠤᠨ ᠠᠵᠢᠯ ᠤᠨ ᠳᠤᠮᠳᠠ ᠬᠠᠤᠯᠢ ᠶᠣᠰᠣᠭᠠᠷ ᠵᠣᠬᠢᠬᠤ ᠬᠡᠮᠵᠢᠶ᠎ᠡ ᠪᠠᠷ ᠬᠢᠬᠦ ᠬᠡᠷᠡᠭᠲᠡᠶ᠃ ᠤᠬᠠᠭᠤᠯᠭ᠎ᠠ ᠪᠠᠨ ᠴᠢᠩᠭᠠᠳᠬᠠᠵᠤ᠂ ᠤᠬᠠᠭᠤᠯᠭ᠎ᠠ ᠶᠢᠨ ᠠᠷᠭ᠎ᠠ ᠪᠠᠷᠢᠯ ᠪᠣᠯᠤᠨ ᠠᠵᠢᠯ ᠤᠨ ᠠᠷᠭ᠎ᠠ ᠬᠡᠯᠪᠡᠷᠢ ᠶᠢᠨ ᠰᠢᠨ᠎ᠡ ᠶᠢ ᠢᠳᠡᠪᠬᠢᠲᠡᠢ ᠡᠭᠦᠳᠴᠦ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ︽ᠲᠦᠷᠪᠡᠨ ᠬᠠᠮᠲᠤ︾᠎ ᠶᠢᠨ ᠳᠤᠮᠳᠠᠳᠤ ᠶᠢᠨ ᠦᠨᠳᠦᠰᠦᠲᠡᠨ ᠤ ᠲᠡᠦᠬᠡ ᠶᠢᠨ ᠦᠵᠡᠯᠲᠡ ᠶᠢ ᠪᠠᠲᠤ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠷᠭᠦᠯᠵᠢᠯᠡᠨ ᠪᠠᠲᠤ ᠪᠠᠬᠢ ᠪᠤᠢ ᠪᠣᠯᠭᠠᠬᠤ ᠬᠡᠷᠡᠭᠲᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠭᠡᠬᠦ ᠡᠨᠡ ᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠵᠦ᠂ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠴᠢᠩᠭ᠎ᠠ ᠪᠣᠳᠠᠲᠠᠢ ᠰᠠᠶᠢᠲᠤᠷ ᠠᠳᠬᠤᠬᠤ ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠤᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠲᠤᠰ ᠲᠤᠰ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠵᠢᠷᠤᠮᠯᠠᠨ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠤᠨ ᠵᠠᠰᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠬᠡᠷᠡᠭᠲᠡᠢ᠃ ᠠᠭᠠᠷ ᠮᠠᠨᠳᠠᠯ ᠤᠨ ᠪᠣᠬᠢᠷᠲᠤᠯ ᠢ ᠵᠠᠰᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠤᠨᠢᠨ ᠳᠡᠭᠡᠷ᠎ᠡ ᠨᠢ ᠪᠦᠲᠦᠮᠵᠢᠲᠡᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠴᠤ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ ᠬᠤᠷᠠᠯ ᠠᠴᠠ᠂ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠪᠠᠰᠠ ︽ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ︾᠎ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠵᠤ ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠡᠳᠦᠷ ᠳᠤᠳᠤᠮ ᠤᠨ ᠠᠮᠢᠳᠤᠷᠠᠯ ᠳᠤ ᠠᠭᠤᠰᠤᠯᠴᠠᠭᠤᠯᠵᠤ᠂ ᠪᠠᠶᠢᠩᠭᠤ ᠠᠳᠬᠤᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾᠎ ᠤ ᠬᠦᠳᠦᠯᠦᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠪᠡᠶ᠎ᠡ ᠪᠠᠨ ᠴᠢᠩᠭ᠎ᠠ ᠱᠠᠭᠠᠷᠳᠠᠬᠤ᠂ ᠲᠤᠰ ᠲᠤᠰ ᠤᠨ ᠬᠠᠷᠢᠭᠤᠴᠠᠯᠭ᠎ᠠ ᠪᠠᠨ ᠴᠢᠩᠭ᠎ᠠ ᠡᠭᠦᠷᠭᠡᠯᠡᠬᠦ᠂  ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠶᠢ ᠴᠢᠩᠭ᠎ᠠ ᠬᠠᠮᠢᠶᠠᠷᠬᠤ᠂ ᠨᠡᠩ ᠤᠬᠠᠮᠰᠠᠷ ᠲᠠᠢ ᠪᠠᠲᠤ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠲᠥᠪᠯᠡᠷᠡᠯ ᠤᠨ ᠴᠡᠭ ᠢ ᠪᠠᠲᠤ ᠡᠵᠡᠮᠳᠡᠵᠦ᠂ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠶᠢᠨ ᠦᠨᠳᠦᠰᠦᠨ ᠠᠭᠤᠯᠤᠭᠳᠠᠬᠤᠨ ᠢ ᠡᠵᠡᠮᠳᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠤ᠂ ᠰᠢᠰᠲ᠋ᠧᠮᠲᠦ ᠦᠵᠡᠯᠲᠡ ᠶᠢ ᠴᠢᠩᠭᠠᠳᠬᠠᠵᠤ᠂ ᠲᠤᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠰᠤᠷᠤᠯᠴᠠᠯᠭ᠎ᠠ ᠬᠥᠮᠦᠵᠢᠯ ᠤᠨ ᠬᠠᠨᠳᠤᠯᠭᠠᠲᠤ ᠴᠢᠨᠠᠷ᠂ ᠪᠣᠳᠠᠲᠤ ᠪᠦᠲᠦᠮᠵᠢᠲᠦ ᠴᠢᠨᠠᠷ ᠢ ᠴᠢᠩᠭᠠᠳᠬᠠᠬᠤ ᠬᠡᠷᠡᠭᠲᠡᠢ᠃ ᠰᠡᠳᠬᠢᠯ ᠲᠠᠯᠪᠢᠨ ᠰᠠᠬᠢᠯᠭ᠎ᠠ ᠪᠠᠲᠤ ᠶᠢ ᠰᠤᠷᠤᠯᠴᠠᠵᠤ᠂ ᠰᠠᠬᠢᠯᠭ᠎ᠠ ᠪᠠᠲᠤ ᠶᠢ ᠣᠶᠢᠯᠠᠭᠠᠵᠤ᠂ ᠰᠠᠬᠢᠯᠭ᠎ᠠ ᠪᠠᠲᠤ ᠶᠢ ᠰᠠᠬᠢᠵᠤ᠂ ᠴᠢᠩᠭ᠎ᠠ ᠲᠣᠳᠣᠷᠬᠠᠢ ᠰᠠᠬᠢᠯᠭ᠎ᠠ ᠪᠠᠲᠤ ᠶᠢᠨ ᠱᠠᠭᠠᠷᠳᠠᠯᠭ᠎ᠠ ᠪᠠᠷ ᠦᠵᠡᠯ ᠰᠠᠨᠠᠭ᠎ᠠ ᠨᠢᠭᠡᠳᠦᠯᠲᠡᠶ᠂ ᠦᠢᠯᠡ ᠠᠵᠢᠯᠯᠠᠭ᠎ᠠ ᠨᠢᠭᠡᠳᠦᠯᠲᠡᠶ ᠪᠠᠶᠢᠬᠤ ᠶᠢ ᠪᠠᠲᠤᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨ ᠬᠦ ᠮᠠᠨ ᠤ ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃        ᠨᠠᠶᠢᠷᠠᠭᠤᠯᠤᠭᠴᠢ᠄ ᠸᠠᠩ ᠵᠢᠩ ᠵᠢᠩ        ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2