ᠰᠢ ᠶᠢᠨ ᠫᠢᠩ ᠠᠵᠤ ᠠᠬᠤᠶᠢᠯᠠᠯ ᠪᠠ ᠲᠤᠰᠬᠠᠢ ᠮᠡᠷᠭᠡᠵᠢᠯᠲᠡᠳ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠭᠤᠣᠯ ᠰᠡᠳᠦᠪ ᠢ ᠴᠢᠩᠭ᠎ᠠ ᠡᠵᠡᠮᠳᠡᠵᠦ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠡᠷᠡᠭᠲᠡᠢ ᠸᠠᠩ ᠬᠤ᠋ ᠨᠢᠩ ᠼᠠᠢ ᠴᠢ ᠬᠤᠷᠠᠯ ᠳᠤ ᠣᠷᠣᠯᠴᠠᠵᠠᠢ
ᠨᠡᠶᠢᠲᠡᠯᠡᠭᠰᠡᠨ ᠴᠠᠭ᠄
2024/5/27
     ᠰᠢᠨᠬᠤᠸᠠ ᠬᠤᠷᠢᠶ᠎ᠠ ᠶᠢᠨ ᠵᠢᠨᠠᠨ ᠤ 5 ᠰᠠᠷ᠎ᠠ ᠶᠢᠨ 23᠎ ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 5 ᠰᠠᠷ᠎ᠠ ᠶᠢᠨ 23᠎ ᠤ ᠦᠳᠡ ᠶᠢᠨ ᠬᠤᠶᠢᠨ᠎ᠠ ᠱᠠᠨᠳᠦ᠋ᠩ ᠮᠤᠵᠢ ᠶᠢᠨ ᠵᠢᠨᠠᠨ ᠬᠤᠳᠠ ᠳᠤ ᠠᠵᠤ ᠠᠬᠤᠶᠢᠯᠠᠯ ᠪᠠ ᠲᠤᠰᠬᠠᠢ ᠮᠡᠷᠭᠡᠵᠢᠯᠲᠡᠳ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠤᠭ᠎ᠠ ᠶᠡᠭᠡ ᠠᠯᠤᠰ ᠤᠨ ᠲᠥᠰᠥᠪ ᠢ ᠵᠢᠷᠤᠭᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠭᠤᠣᠯ ᠡᠭᠦᠷᠭᠡ ᠶᠢ ᠲᠣᠭᠲᠠᠭᠠᠪᠠ᠃ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠡᠨᠡ ᠬᠦ ᠭᠤᠣᠯ ᠰᠡᠳᠦᠪ ᠢ ᠴᠢᠩᠭ᠎ᠠ ᠡᠵᠡᠮᠳᠡᠵᠦ᠂ ᠥᠭᠡᠷᠡᠴᠢᠯᠡᠯᠲᠡ ᠶᠢᠨ ᠭᠤᠣᠯᠳᠠᠯᠭ᠎ᠠ ᠶᠢ ᠲᠤᠪᠤᠶᠢᠯᠭᠠᠵᠤ᠂ ᠦᠷᠳᠡᠭ ᠤᠨ ᠬᠠᠨᠳᠤᠰᠢ ᠶᠢ ᠪᠠᠲᠤ ᠡᠵᠡᠮᠳᠡᠵᠦ᠂ ᠠᠷᠭ᠎ᠠ ᠭᠡᠯᠪᠡᠷᠢ ᠠᠷᠭ᠎ᠠ ᠬᠡᠮᠵᠢᠶ᠎ᠡ ᠶᠢ ᠡᠷᠬᠢᠮᠯᠡᠵᠦ᠂ ᠭᠤᠣᠯ ᠡᠭᠦᠷᠭᠡ ᠶᠢ ᠪᠡᠶᠡᠯᠡᠭᠦᠯᠬᠦ᠂ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠪᠡᠶᠡᠯᠡᠭᠦᠯᠬᠦ ᠳᠤ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃    5 ᠰᠠᠷ᠎ᠠ ᠶᠢᠨ 23᠎ ᠤ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠱᠠᠨᠳᠦ᠋ᠩ ᠮᠤᠵᠢ ᠶᠢᠨ ᠵᠢᠨᠠᠨ ᠬᠤᠳᠠ ᠳᠤ ᠠᠵᠤ ᠠᠬᠤᠶᠢᠯᠠᠯ ᠪᠠ ᠲᠤᠰᠬᠠᠢ ᠮᠡᠷᠭᠡᠵᠢᠯᠲᠡᠳ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃     ᠶᠠᠷᠢᠯᠴᠠᠬᠤ ᠬᠤᠷᠠᠯ ᠳᠡᠭᠡᠷ᠎ᠡ᠂ ᠤᠯᠤᠰ ᠤᠨ ᠴᠠᠭᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠢᠦ ᠮᠢᠩ ᠱᠧᠩ᠂ ᠱᠧᠨᠵᠧᠨ ᠬᠤᠳᠠ ᠶᠢᠨ ᠰᠢᠨ᠎ᠡ ᠶᠢ ᠡᠭᠦᠳᠬᠦ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠨᠠᠮ ᠤᠨ ᠬᠤᠷᠢᠶ᠎ᠠ ᠶᠢᠨ ᠱᠦᠵᠢ ᠽᠦᠸᠧ ᠳ᠋ᠢᠩ᠂ ᠠᠨ ᠲᠠ ᠪᠡᠶ᠎ᠡ ᠶᠢᠨ ᠲᠠᠮᠢᠷ ᠤᠨ ᠬᠡᠷᠡᠭᠰᠡᠯ ᠤᠨ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠳ᠋ᠢᠩ ᠱᠢ ᠵᠦᠩ᠂ ᠵᠧᠵᠢᠶᠠᠩ ᠤᠨ ᠴᠤᠸᠠᠨ ᠬᠤᠸᠠ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠰᠢᠦᠢ ᠭᠤᠸᠠᠨ ᠵᠢᠦᠢ᠂ ᠭᠧᠷᠮᠠᠨ ᠤ ᠪᠦᠸᠧ ᠱᠢ ︵ ᠲᠤᠮᠳᠠᠳᠤ ᠤᠯᠤᠰ ︶ ᠪᠡᠯᠡ ᠤᠷᠤᠭᠤᠯᠤᠯᠳᠠ ᠶᠢᠨ ᠬᠢᠵᠠᠭᠠᠷᠲᠤ ᠺᠤᠮᠫᠠᠨᠢ ᠶᠢᠨ ᠶᠡᠷᠦᠩᠬᠡᠢ ᠳᠠᠭᠠᠭᠠᠮᠠᠯ ᠰᠢᠦᠢ ᠳ᠋ᠠ ᠴᠢᠤᠸᠠᠨ᠂ ᠰᠢᠶᠠᠩᠭᠠᠩ ᠤᠨ ᠹᠧᠩ ᠣᠪᠣᠭᠲᠤ ᠶᠢᠨ ᠪᠦᠯᠦᠭᠯᠡᠯ ᠤᠨ ᠲᠡᠷᠢᠭᠦᠯᠡᠭᠴᠢ ᠹᠧᠩ ᠭᠦᠸᠧ ᠵᠢᠩ᠂ ᠪᠡᠭᠡᠵᠢᠩ ᠶᠡᠭᠡ ᠰᠤᠷᠭᠠᠭᠤᠯᠢ ᠶᠢᠨ ᠤᠯᠤᠰ ᠤᠨ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠤᠨ ᠫᠷᠤᠹᠧᠰᠰᠤᠷ ᠵᠧᠦ ᠴᠢ ᠷᠧᠨ᠂ ᠳᠤᠮᠳᠠᠳᠤ ᠤᠯᠤᠰ ᠤᠨ ᠬᠤᠷᠸ᠎ᠠ ᠠᠵᠤ ᠠᠬᠤᠢ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠬᠤᠸᠠᠩ ᠬᠠᠨ ᠴᠢᠤᠸᠠᠨ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠡᠯᠡᠬᠡᠢ ᠶᠢᠨ ᠠᠵᠤ ᠠᠬᠤᠢ ᠪᠣᠯᠣᠨ ᠤᠯᠤᠰ ᠲᠦᠷᠦ ᠶᠢᠨ ᠰᠤᠳᠤᠯᠭᠠᠨ ᠤ ᠭᠠᠵᠠᠷ ᠤᠨ ᠳᠡᠳ᠋ ᠳᠠᠷᠤᠭ᠎ᠠ ᠵᠠᠩ ᠪᠢᠨ ᠵᠡᠷᠭᠡ 9 ᠠᠵᠤ ᠠᠬᠤᠶᠢᠯᠠᠯ ᠪᠣᠯᠣᠨ ᠲᠤᠰᠬᠠᠢ ᠮᠡᠷᠭᠡᠵᠢᠯᠲᠡᠨ ᠤ ᠲᠥᠯᠥᠭᠡᠯᠡᠭᠴᠢ ᠤᠷᠢᠳ ᠬᠤᠵᠢᠳ ᠦᠭᠡ ᠬᠡᠯᠡᠵᠦ᠂ ᠴᠠᠭᠢᠯᠭᠠᠨ ᠬᠦᠴᠦᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠥᠭᠵᠢᠯᠲᠡ ᠶᠢᠨ ᠲᠦᠭᠰᠢᠭᠦᠷᠢᠳᠤ ᠪᠡᠯᠡ ᠣᠷᠣᠭᠤᠯᠤᠯᠲᠠ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠢᠶᠠᠷ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠭᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠵᠠᠰᠠᠯᠲᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠬᠦ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠰᠢᠶᠠᠩᠭᠠᠩ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠨᠡᠩ ᠰᠠᠶᠢᠲᠤᠷ ᠠᠭᠤᠰᠤᠯᠴᠠᠬᠤ ᠶᠢ ᠠᠬᠢᠭᠤᠯᠬᠤ᠂ ᠤᠯᠠᠨ ᠲᠦᠮᠡᠨ ᠤ ᠥᠭᠡᠷᠡᠴᠢᠯᠡᠯᠲᠡ ᠶᠢᠨ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠬᠦ᠂ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ᠂ ᠬᠤᠷᠸ᠎ᠠ ᠠᠵᠤ ᠠᠬᠤᠢ ᠶᠢᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠴᠠᠢ᠃ ᠦᠭᠡ ᠬᠡᠯᠡᠬᠦ ᠶᠠᠪᠤᠴᠠ ᠳᠤ᠂ ᠰᠢ ᠶᠢᠨ ᠫᠢᠩ ᠤᠯᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠭᠦᠷ ᠬᠥᠭᠵᠢᠶᠡᠨ ᠲᠠᠢ ᠪᠠᠶᠢᠯ᠎ᠠ᠃    ᠤᠯᠠᠨ ᠤ ᠦᠭᠡ ᠬᠡᠯᠡᠬᠦ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠤᠨ ᠲᠥᠪ ᠬᠤᠷᠢᠶ᠎ᠠ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠴᠢᠬᠤᠯᠠ ᠪᠢᠴᠢᠭ ᠮᠠᠲ᠋ᠧᠷᠢᠶᠠᠯ ᠢ ᠲᠣᠭᠲᠠᠭᠠᠬᠤ ᠳᠤ ᠴᠥᠮ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠡᠯ᠎ᠡ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠰᠣᠨᠣᠰᠳᠠᠭ᠂ ᠡᠨᠡ ᠪᠣᠯ ᠮᠠᠨ ᠤ ᠨᠠᠮ ᠤᠨ ᠢᠮᠠᠭᠲᠠ ᠶᠢᠨ ᠠᠷᠭ᠎ᠠ ᠬᠢᠳᠡᠯ ᠪᠠ ᠰᠢᠯᠢᠳᠡᠭ ᠤᠯᠠᠮᠵᠢᠯᠠᠯ ᠪᠣᠯᠣᠨ᠎ᠠ᠃ ᠤᠯᠠᠨ ᠤ ᠳᠤᠷᠠᠳᠤᠭᠰᠠᠨ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠰᠠᠨᠠᠯ ᠰᠠᠨᠠᠭᠤᠯᠭ᠎ᠠ ᠶᠢ ᠬᠤᠯᠪᠣᠭᠳᠠᠯ ᠪᠦᠬᠦᠢ ᠲᠠᠯ᠎ᠠ ᠶᠢᠨ ᠬᠢᠨ ᠨᠠᠷᠢᠨ ᠬᠢᠨᠠᠮᠠᠭᠠᠢ ᠰᠤᠳᠤᠯᠵᠤ ᠰᠢᠩᠭᠡᠬᠡᠨ ᠠᠪᠬᠤ ᠬᠡᠷᠡᠭᠲᠡᠢ ᠭᠡᠵᠦ ᠢᠯᠡᠳᠬᠡᠪᠡ᠃    ᠰᠢ ᠶᠢᠨ ᠫᠢᠩ᠂ ᠥᠭᠡᠷᠡᠴᠢᠯᠡᠯᠲᠡ ᠪᠣᠯ ᠬᠥᠭᠵᠢᠯᠲᠡ ᠶᠢᠨ ᠬᠥᠳᠡᠯᠭᠡᠬᠦ ᠬᠦᠴᠦᠨ ᠮᠥᠨ᠃ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠲᠡᠭᠦᠯᠳᠡᠷᠵᠢᠭᠦᠯᠦᠨ ᠬᠥᠭᠵᠢᠭᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠡᠨᠡ ᠬᠦ ᠶᠡᠷᠦᠩᠬᠡᠢ ᠬᠠᠷᠠᠯᠲᠠ ᠶᠢ ᠴᠢᠩᠭ᠎ᠠ ᠡᠵᠡᠮᠳᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢ ᠴᠢᠩᠭ᠎ᠠ ᠡᠵᠡᠮᠳᠡᠵᠦ᠂ ᠬᠠᠷᠠᠯᠲᠠ ᠪᠠᠷ ᠤᠳᠤᠷᠢᠳᠤᠮᠵᠢ ᠪᠤᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠠᠰᠠᠭᠤᠳᠠᠯ ᠳᠤ ᠬᠠᠨᠳᠤᠵᠤ᠂ ᠠᠰᠠᠭᠤᠳᠠᠯ ᠢ ᠠᠩᠬᠠᠷᠤᠨ ᠵᠠᠯᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢ ᠬᠠᠷᠰᠢᠯᠠᠵᠤ ᠪᠠᠶᠢᠭ᠎ᠠ ᠦᠵᠡᠯ ᠰᠠᠨᠠᠭ᠎ᠠ ᠣᠶᠢᠯᠠᠭᠠᠭᠳᠠᠬᠤᠨ ᠪᠣᠯᠣᠨ ᠪᠠᠶᠢᠭᠤᠯᠤᠮᠵᠢ ᠲᠣᠭᠲᠠᠴᠠ ᠶᠢᠨ ᠭᠡᠮ ᠰᠣᠭᠤᠭ ᠢ ᠡᠷᠡᠰ ᠠᠷᠢᠯᠭᠠᠵᠤ᠂ ᠭᠦᠨ ᠳᠠᠪᠬᠤᠷᠭ᠎ᠠ ᠶᠢᠨ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠪᠣᠯᠣᠨ ᠪᠦᠲᠦᠴᠡ ᠶᠢᠨ ᠴᠢᠨᠠᠷᠲᠠᠢ ᠵᠥᠷᠢᠴᠡᠯ ᠢ ᠬᠦᠴᠦᠯᠡᠨ ᠰᠢᠢᠳᠪᠦᠷᠢᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠲᠠᠰᠤᠷᠠᠯᠲᠠ ᠦᠭᠡᠢ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠬᠦᠴᠦᠲᠡᠢ ᠳᠦᠷᠢᠮ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠭᠤᠣᠯ ᠵᠥᠷᠢᠴᠡᠯ ᠪᠣᠯᠣᠨ ᠵᠥᠷᠢᠴᠡᠯ ᠤᠨ ᠭᠤᠣᠯ ᠲᠠᠯ᠎ᠠ ᠶᠢ ᠠᠳᠬᠤᠬᠤ ᠬᠡᠷᠡᠭᠲᠡᠢ᠃ ᠮᠠᠨ ᠤ ᠤᠯᠤᠰ ᠤᠨ ᠦᠨᠳᠦᠰᠦᠨ ᠠᠵᠤ ᠠᠬᠤᠢ ᠶᠢᠨ ᠳᠦᠷᠢᠮ ᠢ ᠪᠠᠷᠢᠮᠲᠠᠯᠠᠨ ᠬᠥᠭᠵᠢᠭᠦᠯᠵᠦ᠂ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠪᠠᠶᠢᠭᠤᠯᠵᠤ᠂ ᠬᠤᠷᠸ᠎ᠠ ᠠᠵᠤ ᠠᠬᠤᠢ ᠶᠢᠨ ᠵᠠᠰᠠᠯᠲᠠ ᠶᠢᠨ ᠰᠢᠰᠲ᠋ᠧᠮ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠵᠦ᠂ ᠪᠦᠭᠦ ᠲᠠᠯ᠎ᠠ ᠪᠠᠷ ᠰᠢᠨ᠎ᠡ ᠶᠢ ᠡᠭᠦᠳᠬᠦ᠂ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠵᠡᠷᠭᠡ ᠶᠢ ᠳᠡᠮᠵᠢᠬᠦ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠴᠢᠨᠠᠭᠰᠢᠳᠠ ᠴᠢᠯᠦᠭᠡᠯᠡᠨ ᠬᠥᠭᠵᠢᠭᠦᠯᠵᠦ᠂ ᠨᠡᠶᠢᠭᠡᠮ ᠤᠨ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠦᠢᠯᠡᠳᠪᠦᠷᠢᠯᠡᠯ ᠤᠨ ᠬᠠᠷᠢᠴᠠᠭ᠎ᠠ ᠪᠣᠯᠣᠨ ᠦᠢᠯᠡᠳᠪᠦᠷᠢᠯᠡᠯ ᠤᠨ ᠬᠦᠴᠦᠨ᠂ ᠳᠡᠭᠡᠳᠦ ᠳᠠᠪᠬᠤᠷᠭ᠎ᠠ ᠪᠣᠯᠣᠨ ᠠᠵᠤ ᠠᠬᠤᠢ ᠶᠢᠨ ᠰᠠᠭᠤᠷᠢ ᠶᠢᠨ ᠨᠡᠩ ᠰᠠᠶᠢᠨ ᠵᠣᠬᠢᠴᠠᠬᠤ ᠶᠢ ᠠᠬᠢᠭᠤᠯᠬᠤ ᠬᠡᠷᠡᠭᠲᠡᠢ᠃ ᠠᠵᠤ ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠬᠤ ᠳᠤ ᠪᠣᠳᠠᠲᠤ ᠬᠡᠷᠡᠭᠴᠡᠭᠡ ᠠᠴᠠ ᠡᠭᠦᠰᠴᠦ᠂ ᠬᠠᠮᠤᠭ ᠤᠨ ᠲᠤᠯᠭᠠᠮ ᠶᠠᠪᠤᠳᠠᠯ ᠠᠴᠠ ᠡᠬᠢᠯᠡᠨ ᠠᠳᠬᠤᠵᠤ᠂ ᠦᠢᠯᠡᠳᠦᠯᠭᠡ ᠶᠢᠨ ᠠᠰᠠᠭᠤᠳᠠᠯ ᠢ ᠰᠢᠢᠳᠪᠦᠷᠢᠯᠡᠬᠦ ᠳᠤᠮᠳᠠ ᠤᠨᠤᠯ ᠤᠨ ᠰᠢᠨ᠎ᠡ ᠡᠭᠦᠳᠦᠯᠲᠡ ᠶᠢ ᠭᠦᠨᠵᠡᠭᠡᠶᠢᠷᠡᠭᠦᠯᠵᠦ᠂ ᠳᠦᠷᠢᠮ ᠤᠨ ᠰᠢᠨ᠎ᠡ ᠡᠭᠦᠳᠦᠯᠲᠡ ᠶᠢ ᠠᠬᠢᠭᠤᠯᠬᠤ ᠬᠡᠷᠡᠭᠲᠡᠢ᠃ ᠪᠤᠰᠤᠳ ᠬᠦᠷᠢᠶᠡᠨ ᠤ ᠥᠭᠡᠷᠡᠴᠢᠯᠡᠯᠲᠡ ᠴᠦ ᠪᠦᠭᠦ ᠲᠠᠯ᠎ᠠ ᠶᠢᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠥᠯᠥᠪᠯᠡᠵᠦ᠂ ᠬᠥᠲᠥᠯᠪᠦᠷᠢ ᠶᠢ ᠠᠳᠬᠤᠪᠠᠯ ᠠᠯᠢᠪᠠ ᠪᠦᠭᠦᠨ ᠳᠠᠭᠠᠯᠳᠤᠨ ᠰᠢᠢᠳᠪᠦᠷᠢᠯᠡᠭᠳᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠣᠯ ᠳᠠᠷᠤᠢ ᠪᠢᠳᠡᠨ ᠤ ᠲᠡᠮᠡᠴᠡᠬᠦ ᠬᠠᠷᠠᠯᠲᠠ ᠮᠥᠨ᠂ ᠥᠭᠡᠷᠡᠴᠢᠯᠡᠯᠲᠡ ᠶᠢ ᠠᠳᠬᠤᠵᠤ᠂ ᠬᠥᠭᠵᠢᠯᠲᠡ ᠶᠢ ᠠᠬᠢᠭᠤᠯᠬᠤ ᠨᠢ ᠡᠴᠦᠰ ᠤᠨ ᠡᠴᠦᠰ ᠲᠡᠭᠡᠨ ᠠᠷᠠᠳ ᠲᠦᠮᠡᠨ ᠢ ᠨᠡᠩ ᠰᠠᠶᠢᠨ ᠰᠠᠶᠢᠬᠠᠨ ᠠᠮᠢᠳᠤᠷᠠᠭᠤᠯᠬᠤ ᠶᠢᠨ ᠲᠥᠯᠥᠭᠡ ᠶᠤᠮ᠃ ᠠᠷᠠᠳ ᠲᠦᠮᠡᠨ ᠤ ᠪᠦᠬᠦᠯᠢ ᠴᠣᠭᠴᠠ ᠶᠢᠨ ᠠᠰᠢᠭ ᠲᠤᠰᠠ᠂ ᠦᠨᠳᠦᠰᠦᠨ ᠠᠰᠢᠭ ᠲᠤᠰᠠ᠂ ᠠᠯᠤᠰ ᠭᠡᠳᠤ ᠶᠢᠨ ᠠᠰᠢᠭ ᠲᠤᠰᠠ ᠠᠴᠠ ᠡᠭᠦᠰᠴᠦ ᠥᠭᠡᠷᠡᠴᠢᠯᠡᠯᠲᠡ ᠶᠢ ᠲᠥᠯᠥᠪᠵᠢᠭᠦᠯᠦᠨ ᠠᠬᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠠᠵᠢᠯ ᠣᠯᠭᠤᠯᠲᠠ᠂ ᠣᠷᠣᠯᠭ᠎ᠠ ᠶᠢ ᠨᠡᠮᠡᠭᠳᠡᠭᠦᠯᠬᠦ᠂ ᠰᠤᠷᠭᠠᠭᠤᠯᠢ ᠳᠤ ᠣᠷᠣᠬᠤ᠂ ᠡᠪᠡᠳᠴᠢᠨ ᠦᠵᠡᠭᠦᠯᠭᠦ᠂ ᠣᠷᠣᠨ ᠰᠠᠭᠤᠴᠠ᠂ ᠠᠵᠢᠯ ᠶᠠᠪᠤᠳᠠᠯ ᠡᠷᠭᠢᠯᠡᠭᠦ᠂ ᠬᠡᠦᠬᠡᠳ ᠰᠠᠭᠠᠲᠠᠭᠤᠯᠬᠤ ᠨᠠᠰᠤᠵᠢᠯ ᠤᠨ ᠠᠰᠠᠷᠠᠮᠵᠢ ᠵᠢᠴᠢ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠵᠡᠷᠭᠡ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠶᠠᠪᠤᠳᠠᠯ ᠳᠤᠮᠳᠠ ᠠᠴᠠ ᠥᠭᠡᠷᠡᠴᠢᠯᠡᠯᠲᠡ ᠶᠢᠨ ᠬᠦᠴᠦᠯᠡᠬᠦ ᠴᠡᠭ ᠪᠠ ᠰᠢᠪᠲᠤᠯᠤᠯᠲᠠ ᠶᠢᠨ ᠴᠡᠭ ᠢ ᠣᠨᠣᠪᠴᠢᠲᠠᠢ ᠡᠷᠢᠵᠦ ᠣᠯᠬᠤ ᠶᠢ ᠴᠢᠬᠤᠯᠠᠴᠢᠯᠠᠵᠤ᠂ ᠠᠷᠠᠳ ᠤᠨ ᠠᠮᠢᠳᠤᠷᠠᠯ ᠳᠤ ᠪᠠᠴᠢᠮ ᠬᠡᠷᠡᠭᠰᠡᠬᠦ᠂ ᠠᠷᠠᠳ ᠤᠨ ᠬᠦᠰᠡᠵᠦ ᠪᠤᠳᠤᠵᠤ ᠪᠠᠶᠢᠭ᠎ᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠢᠯᠡᠭᠦᠬᠡᠨ ᠭᠠᠷᠭᠠᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠠᠨᠠᠭᠠᠨ ᠳᠤ ᠨᠡᠶᠢᠴᠡᠬᠦ ᠪᠣᠳᠠᠲᠤ ᠶᠠᠪᠤᠳᠠᠯ ᠢ ᠢᠯᠡᠭᠦᠬᠡᠨ ᠬᠢᠵᠦ᠂ ᠥᠭᠡᠷᠡᠴᠢᠯᠡᠯᠲᠡ ᠪᠠᠷ ᠠᠷᠠᠳ ᠤᠯᠠᠨ ᠳᠤ ᠨᠡᠩ ᠤᠯᠠᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠣᠯᠭᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠥᠭᠡᠷᠡᠴᠢᠯᠡᠯᠲᠡ ᠳᠤ ᠡᠪᠳᠡᠬᠦ ᠪᠠᠶᠢᠭᠤᠯᠬᠤ ᠶᠠᠪᠤᠳᠠᠯ ᠪᠦᠷ ᠪᠠᠶᠢᠵᠤ᠂ ᠵᠢᠮ᠎ᠡ ᠶᠣᠰᠣ ᠶᠢ ᠨᠢ ᠣᠯᠪᠠᠯ ᠤᠷᠤᠭᠤᠯᠬᠤ ᠬᠦᠴᠦ ᠨᠢ ᠪᠠᠭ᠎ᠠ ᠣᠯᠬᠤ ᠠᠮᠵᠢᠯᠲᠠ ᠨᠢ ᠶᠡᠭᠡ ᠶᠤᠮ᠂ ᠵᠢᠮ᠎ᠡ ᠶᠣᠰᠣ ᠪᠠᠷ ᠨᠢ ᠡᠰᠡ ᠶᠠᠪᠤᠪᠠᠯ ᠤᠷᠤᠭᠤᠯᠬᠤ ᠬᠦᠴᠦ ᠨᠢ ᠶᠡᠭᠡ ᠴᠦ ᠣᠯᠬᠤ ᠠᠮᠵᠢᠯᠲᠠ ᠨᠢ ᠪᠠᠭ᠎ᠠ ᠪᠠᠶᠢᠵᠤ ᠲᠡᠷᠡᠴᠢᠯᠡᠨ ᠨᠠᠵᠠᠭᠠᠢ ᠦᠢᠯᠡᠳᠦᠯ ᠭᠠᠷᠭᠠᠵᠤ ᠮᠡᠳᠡᠨ᠎ᠠ᠃ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠥᠭᠡᠷᠡᠴᠢᠯᠡᠯᠲᠡ ᠨᠢ ᠬᠡᠷᠬᠢᠨ ᠥᠭᠡᠷᠡᠴᠢᠯᠡᠭᠰᠡᠨ ᠴᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ᠂ ᠮᠠᠷᠺᠰ ᠤᠨ ᠦᠵᠡᠯ ᠢ ᠪᠠᠷᠢᠮᠲᠠᠯᠠᠬᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠪᠠᠷᠢᠮᠲᠠᠯᠠᠬᠤ᠂ ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭ ᠢ ᠪᠠᠷᠢᠮᠲᠠᠯᠠᠬᠤ ᠵᠡᠷᠭᠡ ᠦᠨᠳᠦᠰᠦᠨ ᠵᠦᠢᠯ ᠢ ᠶᠠᠭᠠᠬᠢᠭᠰᠠᠨ ᠴᠤ ᠭᠤᠶᠢᠪᠢᠯᠵᠠᠭᠤᠯᠵᠤ ᠪᠤᠯᠬᠤ ᠦᠭᠡᠢ᠂ ᠡᠭᠦᠨ ᠤ ᠵᠡᠷᠭᠡᠪᠡᠷ ᠵᠣᠷᠢᠭᠲᠠᠢ ᠪᠠᠷ ᠰᠢᠨ᠎ᠡ ᠶᠢ ᠡᠭᠦᠳᠴᠦ᠂ ᠥᠭᠡᠷᠡᠴᠢᠯᠡᠬᠦ ᠶᠣᠰᠣᠲᠠᠢ᠂ ᠥᠭᠡᠷᠡᠴᠢᠯᠡᠵᠦ ᠪᠤᠯᠬᠤ ᠶᠢ ᠨᠢ ᠰᠠᠶᠢᠲᠤᠷ ᠥᠭᠡᠷᠡᠴᠢᠯᠡᠵᠦ᠂ ᠲᠦᠢᠯᠪᠤᠷᠢᠲᠠᠢ ᠥᠭᠡᠷᠡᠴᠢᠯᠡᠵᠦ᠂ ᠣᠨᠣᠪᠴᠢᠲᠠᠢ ᠲᠠᠨᠢᠪᠠᠯ ᠡᠷᠡᠰ ᠭᠤᠶᠢᠪᠢᠰᠢ ᠦᠭᠡᠢ ᠠᠳᠬᠤᠬᠤ ᠬᠡᠷᠡᠭᠲᠡᠢ ᠃ ᠥᠭᠡᠷᠡᠴᠢᠯᠡᠯᠲᠡ ᠬᠢᠬᠦ ᠳᠤ ᠰᠢᠰᠲ᠋ᠧᠮ ᠤᠨ ᠬᠤᠷᠠᠮᠠᠯ ᠢ ᠨᠡᠩ ᠴᠢᠬᠤᠯᠠᠴᠢᠯᠠᠵᠤ᠂ ᠪᠦᠭᠦ ᠲᠠᠯ᠎ᠠ ᠶᠢᠨ ᠦᠵᠡᠯᠲᠡ ᠪᠠ ᠰᠢᠰᠲ᠋ᠧᠮᠲᠦ ᠰᠡᠳᠬᠢᠬᠦᠢ ᠪᠠᠷ ᠲᠥᠰᠥᠪᠯᠡᠨ ᠠᠬᠢᠭᠤᠯᠬᠤ ᠶᠢ ᠪᠠᠷᠢᠮᠲᠠᠯᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠵᠣᠬᠢᠴᠠᠭᠤᠯᠤᠨ ᠲᠥᠭᠦᠷᠵᠢᠭᠦᠯᠭᠦ ᠶᠢ ᠴᠢᠩᠭᠠᠳᠬᠠᠵᠤ᠂ ᠡᠯ᠎ᠡ ᠬᠦᠷᠢᠶ᠎ᠡ ᠡᠯ᠎ᠡ ᠲᠠᠯ᠎ᠠ ᠶᠢᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠠᠳᠠᠯᠢ ᠴᠢᠭᠯᠡᠯ ᠢᠶᠠᠷ ᠬᠦᠴᠦᠯᠡᠬᠦ᠂ ᠨᠡᠶᠢᠯᠡᠯ ᠬᠦᠴᠦᠨ ᠢ ᠪᠤᠢ ᠪᠤᠯᠭᠠᠬᠤ ᠶᠢ ᠲᠦᠯᠬᠢᠨ ᠠᠬᠢᠭᠤᠯᠵᠤ᠂ ᠪᠦᠬᠦᠯᠢ ᠴᠣᠭᠴᠠ ᠶᠢᠨ ᠦᠢᠯᠡᠳᠦᠯ ᠴᠢᠳᠠᠪᠤᠷᠢ ᠶᠢ ᠴᠢᠩᠭᠠᠳᠬᠠᠵᠤ᠂ ᠬᠤᠪᠢ ᠬᠤᠪᠢᠨ ᠤ ᠪᠤᠳᠤᠬᠰᠠᠨ ᠢᠶᠠᠷ ᠢᠶᠠᠨ ᠬᠢᠬᠦ᠂ ᠬᠠᠷᠢᠯᠴᠠᠨ ᠬᠠᠷᠰᠢᠯᠠᠬᠤ ᠦᠵᠡᠭᠳᠡᠯ ᠢ ᠰᠡᠷᠭᠡᠶᠢᠯᠡᠨ ᠲᠡᠪᠴᠢᠬᠦ ᠬᠡᠷᠡᠭᠲᠡᠢ᠃ ᠥᠭᠡᠷᠡᠴᠢᠯᠡᠯᠲᠡ ᠳᠤ ᠰᠠᠶᠢᠲᠤᠷ ᠲᠥᠯᠥᠪᠵᠢᠭᠦᠯᠬᠦ ᠶᠢ ᠴᠢᠬᠤᠯᠠᠴᠢᠯᠠᠬᠤ ᠬᠡᠷᠡᠭᠲᠡᠢ᠂ ᠨᠡᠩ ᠴᠤ ᠰᠠᠶᠢᠲᠤᠷ ᠨᠠᠶᠢᠳᠠᠪᠤᠷᠢᠵᠢᠭᠤᠯᠬᠤ ᠶᠢ ᠴᠢᠬᠤᠯᠠᠴᠢᠯᠠᠬᠤ ᠬᠡᠷᠡᠭᠲᠡᠢ ᠃ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ᠂ ᠨᠡᠩ ᠴᠤ ᠯᠠᠪᠳᠠᠭᠤᠨ ᠪᠠᠲᠤᠲᠠᠢ᠂ ᠤᠷᠢᠳ ᠢᠶᠠᠷ ᠪᠣᠳᠣᠯᠬᠢᠯᠠᠬᠤ ᠲᠡᠰ ᠳᠠᠷᠠᠭᠠᠯᠠᠯ ᠢ ᠲᠣᠳᠣᠷᠬᠠᠶᠢᠯᠠᠵᠤ᠂ ᠴᠠᠭ ᠬᠡᠮᠵᠢᠶ᠎ᠡ ᠦᠷ᠎ᠡ ᠪᠦᠳᠦᠮᠵᠢ ᠶᠢ ᠡᠵᠡᠮᠳᠡᠵᠦ᠂ ᠴᠢᠳᠠᠯ ᠢᠶᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠵᠦ᠂ ᠪᠣᠳᠠᠲᠠᠢ ᠠᠴᠠ ᠰᠠᠯᠵᠤ ᠪᠤᠯᠬᠤ ᠦᠭᠡᠢ ᠭᠡᠵᠦ ᠴᠢᠬᠤᠯᠠᠴᠢᠯᠠᠪᠠ᠃    ᠯᠢ ᠭᠠᠨ ᠵᠢᠶᠧ᠂ ᠾᠧ ᠯᠢ ᠹᠧᠩ ᠶᠠᠷᠢᠯᠴᠠᠬᠤ ᠬᠤᠷᠠᠯ ᠳᠤ ᠣᠷᠣᠯᠴᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠱᠠᠨᠳᠦ᠋ᠩ ᠮᠤᠵᠢ ᠶᠢᠨ ᠬᠠᠷᠢᠭᠤᠴᠠᠯᠭᠠᠲᠠᠨ ᠨᠥᠬᠦᠳ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠭᠠᠳᠠᠭᠠᠳᠤ ᠪᠡᠯᠡᠳᠦ ᠠᠵᠤ ᠠᠬᠤᠶᠢᠯᠠᠯ᠂ ᠰᠢᠶᠠᠩᠭᠠᠩ ᠣᠣᠮᠧᠨ ᠲᠠᠶᠢᠸᠠᠨ ᠤ ᠪᠡᠯᠡᠳᠦ ᠠᠵᠤ ᠠᠬᠤᠶᠢᠯᠠᠯ᠂ ᠲᠤᠰᠬᠠᠢ ᠰᠢᠯᠢᠳᠡᠭ ᠣᠨᠴᠠ ᠰᠢᠨ᠎ᠡ ︽ ᠪᠠᠭ᠎ᠠ ᠠᠪᠤᠷᠭᠤ ︾ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠪᠣᠯᠣᠨ ᠲᠤᠰᠬᠠᠢ ᠮᠡᠷᠭᠡᠵᠢᠯᠲᠡᠨ ᠡᠷᠳᠡᠮᠲᠡᠨ ᠤ ᠲᠥᠯᠥᠭᠡᠯᠡᠭᠴᠢ ᠨᠠᠷ ᠶᠠᠷᠢᠯᠴᠠᠬᠤ ᠬᠤᠷᠠᠯ ᠳᠤ ᠣᠷᠣᠯᠴᠠᠵᠠᠢ᠃ 
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2