ᠰᠢ ᠶᠢᠨ ᠫᠢᠩ ᠱᠠᠨᠳᠦ᠋ᠩ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ — ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠤᠯᠭᠠᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠱᠠᠨᠳᠦ᠋ᠩ ᠤᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/5/28
    ᠰᠢᠨᠬᠤᠸᠠ ᠬᠤᠷᠢᠶ᠎ᠠ ᠶᠢᠨ ᠵᠢᠨᠠᠨ ᠤ 5 ᠰᠠᠷ᠎ᠠ ᠶᠢᠨ 24᠎ ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠱᠠᠨᠳᠦ᠋ᠩ ᠳᠤ ᠰᠢᠨᠵᠢᠯᠡᠨ ᠪᠠᠶᠢᠴᠠᠭᠠᠬᠤ ᠳᠠᠭᠠᠨ᠂ ᠱᠠᠨᠳᠦ᠋ᠩ ᠪᠦᠭᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠪᠠᠶᠢᠷᠢ ᠪᠠᠨ ᠰᠠᠶᠢᠲᠤᠷ ᠲᠣᠭᠲᠠᠭᠠᠵᠤ᠂ ᠶᠡᠭᠡ ᠡᠭᠦᠷᠭᠡ ᠡᠭᠦᠷᠭᠡᠯᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠤᠯᠭᠠᠵᠤ᠂ ᠦᠷᠭᠦᠯᠵᠢᠯᠡᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠲᠠᠯ᠎ᠠ ᠪᠠᠷ ᠡᠮᠦᠨ᠎ᠡ ᠨᠢ ᠬᠤᠰᠢᠭᠤᠷᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠶᠢ ᠡᠭᠦᠳᠬᠦ ᠬᠦᠴᠦᠨ ᠢ ᠴᠢᠩᠭᠠᠳᠬᠠᠬᠤ ᠲᠠᠯ᠎ᠠ ᠪᠠᠷ ᠡᠮᠦᠨ᠎ᠡ ᠨᠢ ᠬᠤᠰᠢᠭᠤᠷᠠᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠡᠮᠦᠨ᠎ᠡ ᠨᠢ ᠬᠤᠰᠢᠭᠤᠷᠠᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠴᠢᠨᠠᠷ ᠰᠠᠶᠢᠲᠠᠢ ᠬᠥᠭᠵᠢᠯᠲᠡ ᠶᠢᠨ ᠬᠤᠰᠢᠭᠤᠴᠢ ᠣᠷᠣᠨ ᠢ ᠲᠦᠷᠭᠡᠳᠬᠡᠨ ᠪᠠᠶᠢᠭᠤᠯᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠰᠢᠨ᠎ᠡ ᠥᠨᠳᠦᠷᠯᠢᠭ ᠢ ᠴᠣᠭᠴᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠱᠠᠨᠳᠦ᠋ᠩ ᠤᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃    5 ᠰᠠᠷ᠎ᠠ ᠶᠢᠨ 22᠎ ᠠᠴᠠ 24᠎ ᠤ ᠡᠳᠦᠷ ᠪᠤᠯᠲᠠᠯ᠎ᠠ᠂ ᠰᠢ ᠶᠢᠨ ᠫᠢᠩ ᠱᠠᠨᠳᠦ᠋ᠩ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠯᠢᠨ ᠦ᠋ ᠪᠣᠯᠣᠨ ᠮᠤᠵᠢ ᠶᠢᠨ ᠳᠠᠷᠤᠭ᠎ᠠ ᠵᠧᠦ ᠨᠠᠢ ᠰᠢᠶᠠᠩ ᠤᠨ ᠪᠠᠷ᠎ᠠ ᠪᠤᠯᠣᠯᠭ᠎ᠠ ᠲᠠᠢ ᠪᠠᠷ ᠤᠷᠢᠳ ᠬᠤᠵᠢᠳ ᠿᠢ ᠵᠣᠣ᠂ ᠵᠢᠨᠠᠨ ᠵᠡᠷᠭᠡ ᠭᠠᠵᠠᠷ ᠲᠤ ᠬᠦᠷᠴᠦ ᠪᠠᠶᠢᠴᠠᠭᠠᠨ ᠰᠤᠳᠤᠯᠪᠠ᠃    22᠎ ᠤᠨ ᠦᠳᠡ ᠶᠢᠨ ᠬᠤᠶᠢᠨ᠎ᠠ᠂ ᠰᠢ ᠶᠢᠨ ᠫᠢᠩ ᠡᠩ ᠲᠡᠷᠢᠭᠦᠨ ᠳᠤ ᠿᠢ ᠵᠤᠤ ᠭᠠᠷᠠᠮ ᠳᠤ ᠬᠦᠷᠴᠦ ᠰᠢᠨᠵᠢᠯᠡᠨ ᠪᠠᠶᠢᠴᠠᠭᠠᠪᠠ᠃ ᠿᠢ ᠵᠣᠣ ᠭᠠᠷᠠᠮ ᠪᠣᠯ ᠡᠨᠧᠷᠭᠢ ᠪᠠ ᠶᠡᠭᠡ ᠬᠡᠮᠵᠢᠶᠡᠨ ᠤ ᠲᠦᠭᠦᠬᠡᠢ ᠮᠠᠲ᠋ᠧᠷᠢᠶᠠᠯ ᠢ ᠰᠢᠯᠵᠢᠭᠦᠯᠦᠨ ᠲᠡᠭᠡᠭᠡᠪᠦᠷᠢᠯᠡᠬᠦ ᠴᠢᠬᠤᠯᠠ ᠰᠠᠭᠤᠷᠢᠨ ᠮᠥᠨ᠂ ᠣᠶᠢᠷ᠎ᠠ ᠶᠢᠨ ᠵᠢᠯ ᠳᠤ ᠣᠶᠤᠨᠴᠢᠯᠠᠬᠤ᠂ ᠪᠣᠬᠢᠷᠳᠤᠯ ᠦᠭᠡᠢ ᠪᠤᠯᠭᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠡᠷᠭᠢ ᠳᠠᠭᠠᠤ ᠨᠡᠭᠡᠭᠡᠯᠲᠡᠲᠤ ᠠᠦ᠋ᠲ᠋ᠣᠴᠢᠯᠠᠭᠰᠠᠨ ᠴᠢᠩᠭᠡᠯᠢᠭ ᠤᠨ ᠭᠠᠷᠠᠮ ᠢ ᠪᠠᠶᠢᠭᠤᠯᠪᠠ᠃    ᠰᠢ ᠶᠢᠨ ᠫᠢᠩ ᠱᠠᠨᠳᠦ᠋ᠩ ᠮᠤᠵᠢ ᠶᠢᠨ ᠭᠠᠷᠠᠮ ᠤᠨ ᠬᠥᠭᠵᠢᠯᠲᠡ ᠪᠦᠲᠦᠭᠡᠨ ᠪᠠᠶᠢᠭᠤᠯᠤᠯᠲᠠ ᠪᠠ ᠿᠢ ᠵᠤᠤ ᠭᠠᠷᠠᠮ ᠤᠨ ᠲᠥᠯᠦᠪᠵᠢᠭᠦᠯᠭᠡ ᠪᠠᠶᠢᠷᠢᠰᠢᠭᠤᠯᠤᠯᠲᠠ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠤᠭᠰᠠᠨ ᠪᠥᠭᠡᠳ ᠠᠦ᠋ᠲ᠋ᠣᠴᠢᠯᠠᠭᠰᠠᠨ ᠴᠢᠩᠭᠡᠯᠢᠭ ᠤᠨ ᠭᠠᠷᠠᠮ ᠤᠨ ᠠᠵᠢᠯ ᠤᠨ ᠪᠠᠶᠢᠳᠠᠯ ᠢ ᠪᠠᠶᠢᠴᠠᠭᠠᠨ ᠦᠵᠡᠪᠡ᠃ ᠲᠡᠷᠡ᠂ ᠿᠢ ᠵᠣᠣ ᠭᠠᠷᠠᠮ ᠪᠣᠯ ᠥᠭᠡᠷᠡᠴᠢᠯᠡᠯᠲᠡ ᠨᠡᠭᠡᠭᠡᠯᠲᠡ ᠬᠢᠭᠰᠡᠨ ᠤ ᠳᠠᠷᠠᠭ᠎ᠠ ᠰᠢᠨ᠎ᠡ ᠪᠠᠷ ᠪᠠᠶᠢᠭᠤᠯᠤᠭᠰᠠᠨ ᠭᠠᠷᠠᠮ ᠮᠥᠨ᠂ ᠣᠶᠢᠷ᠎ᠠ ᠶᠢᠨ ᠵᠢᠯ ᠳᠤ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠤᠯᠠᠮᠵᠢᠯᠠᠯᠲᠤ ᠭᠠᠷᠠᠮ ᠢ ᠣᠳᠣᠬᠢᠴᠢᠯᠠᠭᠰᠠᠨ ᠭᠠᠷᠠᠮ ᠪᠣᠯᠭᠠᠨ ᠥᠭᠡᠷᠡᠴᠢᠯᠡᠨ ᠲᠠᠰ ᠳᠡᠪᠰᠢᠭᠦᠯᠵᠦ᠂ ᠡᠳ᠋ ᠪᠠᠷᠠᠭ᠎ᠠ ᠣᠷᠣᠭᠤᠯᠵᠤ ᠭᠠᠷᠭᠠᠬᠤ ᠬᠡᠮᠵᠢᠶ᠎ᠡ ᠨᠢ ᠪᠦᠭᠦ ᠤᠯᠤᠰ ᠤᠨ ᠡᠮᠦᠨ᠎ᠡ ᠡᠩᠨᠡᠭᠡᠨ ᠳᠤ ᠣᠷᠣᠭᠰᠠᠨ ᠢᠶᠠᠷ ᠪᠠᠷᠠᠬᠤ ᠦᠭᠡᠢ ᠪᠠᠰᠠ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠠᠰ ᠳᠡᠪᠰᠢᠭᠦᠯᠵᠦ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠤᠷᠰᠢᠯᠭ᠎ᠠ ᠶᠢ ᠬᠤᠷᠠᠮᠳᠤᠭᠤᠯᠵᠠᠢ᠂ ᠡᠭᠦᠨ ᠢ ᠨᠤᠲᠠᠯᠠᠭᠤᠰᠢᠲᠠᠢ ᠪᠠᠶᠢᠨ᠎ᠠ ᠭᠡᠵᠡᠢ᠃ ᠰᠢ ᠶᠢᠨ ᠫᠢᠩ ᠭᠠᠷᠠᠮ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ᠂ ᠡᠵᠡᠩᠨᠡᠯᠲᠡ ᠶᠢᠨ ᠠᠵᠢᠯᠲᠠᠨ᠂ ᠲᠡᠭᠡᠭᠡᠪᠦᠷᠢ ᠶᠢᠨ ᠠᠵᠢᠯᠲᠠᠨ ᠢ ᠳᠣᠲᠣᠨᠣ ᠪᠠᠷ ᠲᠣᠬᠤᠨᠢᠭᠤᠯᠵᠤ᠂ ᠤᠯᠠᠨ ᠢᠶᠠᠷ ᠢᠶᠠᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠦᠷᠭᠦᠯᠵᠢᠯᠡᠨ ᠲᠡᠮᠡᠴᠡᠵᠦ᠂ ᠿᠢ ᠵᠤᠤ ᠭᠠᠷᠠᠮ ᠤᠨ ᠬᠠᠮᠢᠶᠠᠷᠤᠯᠲᠠ ᠡᠵᠡᠩᠨᠡᠯᠲᠡ ᠶᠢ ᠲᠠᠭᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠶᠢ ᠬᠦᠰᠡᠪᠡ᠃    ᠳᠠᠷᠠᠭ᠎ᠠ ᠨᠢ᠂ ᠰᠢ ᠶᠢᠨ ᠫᠢᠩ ᠿᠢ ᠵᠣᠤ ᠬᠤᠲᠠ ᠶᠢᠨ ᠨᠡᠷᠡᠨ ᠬᠡᠷᠡᠯᠳᠦ ᠳᠠᠯᠠᠢ ᠶᠢᠨ ᠡᠷᠭᠢ ᠶᠢᠨ ᠨᠣᠭᠤᠭᠠᠷᠠᠭᠤᠯᠤᠭᠰᠠᠨ ᠵᠠᠮ ᠢ ᠰᠢᠨᠵᠢᠯᠡᠨ ᠪᠠᠶᠢᠴᠠᠭᠠᠪᠠ᠃    ᠣᠶᠢᠷ᠎ᠠ ᠶᠢᠨ ᠵᠢᠯ ᠠᠴᠠ᠂ ᠿᠢ ᠵᠤᠤ ᠬᠤᠳᠠ ᠲᠠᠯᠠᠢ ᠳᠠᠭᠠᠤ ᠶᠢᠨ ᠬᠤᠭᠤᠰᠤᠨ ᠲᠠᠯᠠᠪᠠᠢ ᠵᠢᠴᠢ ᠡᠷᠭᠢ ᠳᠠᠭᠠᠤ ᠶᠢᠨ ᠡᠪᠳᠡᠭᠳᠡᠭᠰᠡᠨ ᠭᠠᠵᠠᠷ ᠤᠨ ᠠᠮᠢ ᠠᠬᠤᠢ ᠶᠢ ᠰᠡᠷᠭᠦᠭᠡᠨ ᠵᠠᠰᠠᠵᠤ᠂ 28 ᠺᠢᠯᠣᠮᠧᠳ᠋ᠷ ᠰᠢᠬᠠᠮ ᠤᠨ ᠨᠡᠷᠡᠨ ᠬᠡᠷᠡᠯᠳᠦ ᠲᠠᠯᠠᠢ ᠶᠢᠨ ᠡᠷᠭᠢ ᠶᠢᠨ ᠨᠣᠭᠤᠭᠠᠷᠠᠭᠤᠯᠤᠭᠰᠠᠨ ᠵᠠᠮ ᠢ ᠪᠠᠶᠢᠭᠤᠯᠵᠤ᠂ ᠬᠤᠳᠠ ᠶᠢᠨ ᠠᠷᠠᠳ ᠪᠣᠯᠣᠨ ᠵᠢᠭᠤᠯᠴᠢᠯᠠᠬᠰᠠᠳ ᠲᠤ ᠬᠥᠳᠡᠯᠭᠡᠭᠡᠨ ᠬᠢᠵᠦ ᠰᠡᠯᠡᠭᠦᠴᠡᠬᠦ ᠭᠠᠵᠠᠷ ᠬᠠᠩᠭᠠᠵᠠᠢ᠃ ᠰᠢ ᠶᠢᠨ ᠫᠢᠩ ᠨᠣᠭᠤᠭᠠᠷᠠᠭᠤᠯᠤᠭᠰᠠᠨ ᠵᠠᠮ ᠤᠨ ᠪᠦᠬᠦᠯᠢ ᠴᠣᠭᠴᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠰᠡᠷᠭᠦᠭᠡᠨ ᠵᠠᠰᠠᠭᠰᠠᠨ ᠤ ᠳᠠᠷᠠᠭᠠᠬᠢ ᠲᠡᠯᠡᠶ ᠶᠢᠨ ᠡᠷᠭᠢ ᠳᠠᠭᠠᠤ ᠶᠢᠨ ᠠᠮᠢ ᠠᠬᠤᠢ ᠣᠷᠴᠢᠨ ᠲᠣᠭᠤᠷᠢᠨ ᠢ ᠪᠠᠶᠢᠴᠠᠭᠠᠨ ᠦᠵᠡᠵᠦ᠂ ᠲᠤᠬᠠᠢ ᠶᠢᠨ ᠭᠠᠵᠠᠷ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠢ ᠲᠠᠰ ᠳᠡᠪᠰᠢᠭᠦᠯᠦᠭᠰᠡᠨ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠭᠰᠡᠨ ᠠᠷᠭ᠎ᠠ ᠬᠢᠳᠡᠯ ᠪᠠ ᠦᠷ᠎ᠡ ᠪᠦᠲᠦᠮᠵᠢ ᠶᠢ ᠣᠶᠢᠯᠠᠭᠠᠬᠤ ᠶᠢᠨ ᠬᠠᠮᠲᠤ ᠬᠤᠲᠠ ᠶᠢᠨ ᠠᠷᠠᠳ ᠪᠣᠯᠣᠨ ᠵᠢᠭᠤᠯᠴᠢᠯᠠᠬᠰᠠᠳ ᠲᠠᠢ ᠪᠠᠶᠢᠨ ᠳᠠᠭᠢᠨ ᠳᠣᠲᠣᠨᠣ ᠪᠠᠷ ᠶᠠᠷᠢᠯᠴᠠᠵᠤ ᠪᠠᠶᠢᠪᠠ᠃ ᠲᠡᠷᠡ᠂ ᠨᠣᠭᠤᠭᠠᠷᠠᠭᠤᠯᠤᠭᠰᠠᠨ ᠵᠠᠮ ᠢ ᠪᠦᠲᠦᠭᠡᠨ ᠪᠠᠶᠢᠭᠤᠯᠤᠭᠰᠠᠨ ᠨᠢ ᠬᠤᠲᠠ ᠶᠢᠨ ᠠᠷᠠᠳ ᠤᠨ ᠬᠡᠷᠡᠭᠴᠡᠭᠡ ᠳᠤ ᠨᠡᠶᠢᠴᠡᠭᠰᠡᠨ᠂ ᠠᠷᠠᠳ ᠤᠨ ᠰᠡᠳᠬᠢᠯ ᠢ ᠣᠯᠣᠭᠰᠠᠨ ᠶᠠᠪᠤᠳᠠᠯ ᠮᠥᠨ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠯ ᠠᠷᠠᠳ ᠤᠯᠠᠨ ᠤ ᠠᠮᠢᠳᠤᠷᠠᠯ ᠢ ᠤᠯᠠᠮ ᠠᠴᠠ ᠤᠯᠠᠮ ᠰᠠᠶᠢᠵᠢᠷᠠᠭᠤᠯᠬᠤ ᠶᠠᠪᠤᠳᠠᠯ ᠮᠥᠨ᠃ ᠠᠮᠢ ᠠᠬᠤᠢ ᠣᠷᠴᠢᠨ ᠲᠣᠭᠤᠷᠢᠨ ᠰᠠᠶᠢᠨ ᠪᠣᠯ ᠠᠷᠠᠳ ᠤᠯᠠᠨ ᠦᠨᠡᠨ ᠪᠣᠳᠠᠲᠠᠢ ᠵᠢᠷᠭᠠᠯᠲᠤ ᠲᠥᠷᠥᠭᠳᠡᠯ ᠲᠠᠢ ᠪᠣᠯᠣᠨ᠎ᠠ᠃ ᠣᠯᠠᠨ ᠢᠶᠠᠷ ᠢᠶᠠᠨ ᠬᠠᠮᠲᠤ ᠪᠠᠷ ᠬᠥᠳᠡᠯᠦᠯᠴᠡᠵᠦ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠵᠤ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃    24᠎ ᠤ ᠦᠳᠡ ᠶᠢᠨ ᠡᠮᠦᠨ᠎ᠡ᠂ ᠰᠢ ᠶᠢᠨ ᠫᠢᠩ ᠵᠢᠨᠠᠨ ᠬᠤᠳᠠ ᠳᠤ ᠱᠠᠨᠳᠦ᠋ᠩ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠱᠠᠨᠳᠦ᠋ᠩ ᠤᠨ ᠡᠯ᠎ᠡ ᠵᠦᠢᠯ ᠤᠨ ᠠᠵᠢᠯ ᠳᠤ ᠣᠯᠣᠭᠰᠠᠨ ᠠᠮᠵᠢᠯᠲᠠ ᠶᠢ ᠨᠤᠲᠠᠯᠠᠪᠠ᠃    ᠰᠢ ᠶᠢᠨ ᠫᠢᠩ᠂ ᠱᠠᠨᠳᠦ᠋ᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠭᠦᠨᠵᠡᠭᠡᠢ ᠠᠭᠤᠰᠤᠯᠴᠠᠭᠤᠯᠬᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠡᠭᠦᠯᠳᠡᠷᠵᠢᠭᠦᠯᠬᠦ ᠲᠠᠯ᠎ᠠ ᠪᠠᠷ ᠶᠡᠬᠡᠬᠡᠨ ᠠᠵᠢᠯ ᠶᠠᠪᠤᠳᠠᠯ ᠪᠦᠲᠦᠭᠡᠵᠦ ᠪᠣᠯᠣᠨ᠎ᠠ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠭᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ᠂ ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠣᠳᠠᠲᠤ ᠴᠣᠭᠴᠠ ᠶᠢᠨ ᠠᠵᠤ ᠠᠬᠤᠢ ᠪᠣᠯᠣᠨ ᠲᠣᠭᠠᠴᠢᠯᠠᠭᠰᠠᠨ ᠠᠵᠤ ᠠᠬᠤᠢ ᠶᠢᠨ ᠠᠭᠤᠰᠤᠯᠴᠠᠭᠰᠠᠨ ᠦᠷ᠎ᠡ ᠪᠦᠲᠦᠮᠵᠢ ᠶᠢ ᠪᠦᠭᠦ ᠲᠠᠯ᠎ᠠ ᠪᠠᠷ ᠪᠠᠳᠠᠷᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ᠃ ᠬᠥᠭᠵᠢᠯᠲᠡ ᠶᠢᠨ ᠠᠷᠭ᠎ᠠ ᠮᠠᠶ᠋ᠢᠭ ᠢ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠬᠤᠪᠢᠷᠠᠭᠤᠯᠬᠤ ᠶᠢ ᠶᠡᠭᠡ ᠪᠠᠷ ᠠᠬᠢᠭᠤᠯᠵᠤ᠂ ᠪᠣᠬᠢᠷᠳᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠲᠠᠢ ᠭᠦᠨᠵᠡᠭᠡᠢ ᠵᠣᠯᠭᠠᠭᠤᠯᠵᠤ᠂ ᠤᠮᠠᠷᠠᠲᠤ ᠣᠷᠣᠨ ᠤ ᠠᠵᠤ ᠠᠬᠤᠢ ᠶᠢᠨ ᠴᠢᠬᠤᠯᠠ ᠨᠡᠮᠡᠭᠳᠡᠯ ᠤᠨ ᠲᠦᠢᠯ ᠪᠤᠯᠬᠤ ᠪᠠᠷ ᠴᠢᠷᠮᠠᠶᠢᠬᠤ ᠬᠡᠷᠡᠭᠲᠡᠢ᠃ ᠳᠠᠯᠠᠢ ᠲᠠᠩᠭᠢᠰ ᠤᠨ ᠡᠬᠢ ᠪᠠᠶᠠᠯᠢᠭ ᠡᠯᠪᠡᠭ ᠳᠡᠯᠪᠡᠭ ᠥᠪᠡᠷᠮᠢᠴᠡ ᠳᠠᠪᠠᠭᠤᠯᠢᠭ ᠢᠶᠠᠨ ᠪᠠᠳᠠᠷᠠᠭᠤᠯᠵᠤ᠂ ᠳᠠᠯᠠᠢ ᠲᠠᠩᠭᠢᠰ ᠢ ᠡᠪᠯᠡᠭᠦᠯᠦᠨ ᠵᠠᠰᠠᠵᠤ᠂ ᠳᠠᠯᠠᠢ ᠲᠠᠩᠭᠢᠰ ᠢ ᠵᠣᠷᠢᠨ ᠬᠦᠴᠦᠷᠬᠡᠭᠵᠢᠵᠦ᠂ ᠳᠡᠯᠡᠬᠡᠢ ᠶᠢᠨ ᠳᠡᠰ ᠤᠨ ᠳᠠᠯᠠᠢ ᠲᠠᠩᠭᠢᠰ ᠤᠨ ᠭᠠᠷᠠᠮ ᠤᠨ ᠴᠤᠭᠯᠠᠷᠠᠯ ᠢ ᠴᠣᠭᠴᠠᠯᠠᠵᠤ᠂ ᠤᠳᠤ ᠦᠶ᠎ᠡ ᠶᠢᠨ ᠳᠠᠯᠠᠢ ᠲᠠᠩᠭᠢᠰ ᠤᠨ ᠠᠵᠤ ᠠᠬᠤᠢ ᠶᠢᠨ ᠬᠥᠭᠵᠢᠯᠲᠡ ᠶᠢᠨ ᠥᠨᠳᠦᠷᠯᠢᠭ ᠢ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠱᠠᠨᠳᠦ᠋ᠩ ᠤᠨ ᠬᠢᠨ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠲᠠᠯ᠎ᠠ ᠪᠠᠷ ᠲᠡᠷᠢᠭᠦᠨ ᠳᠤ ᠣᠷᠣᠬᠤ ᠪᠠᠷ ᠵᠣᠷᠢᠭᠲᠠᠢ ᠴᠢᠷᠮᠠᠶᠢᠬᠤ ᠬᠡᠷᠡᠭᠲᠡᠢ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠣᠪᠤᠶᠢᠮ᠎ᠠ ᠵᠥᠷᠢᠴᠡᠯ ᠢ ᠰᠢᠢᠳᠪᠦᠷᠢᠯᠡᠬᠦ ᠳᠡᠭᠡᠷ᠎ᠡ ᠬᠦᠴᠦ ᠲᠠᠯᠪᠢᠵᠤ᠂ ᠳᠦᠷᠢᠮ ᠢ ᠲᠡᠭᠦᠯᠳᠡᠷᠵᠢᠭᠦᠯᠬᠦ᠂ ᠲᠣᠭᠲᠠᠴᠠ ᠶᠢ ᠪᠦᠷᠢᠨᠰᠢᠭᠦᠯᠬᠦ᠂ ᠠᠮᠢᠵᠢᠷᠠᠯ ᠤᠨ ᠬᠦᠴᠦᠨ ᠢ ᠬᠥᠭᠵᠢᠭᠡᠬᠦ᠂ ᠬᠥᠳᠡᠯᠭᠡᠬᠦ ᠬᠦᠴᠦᠨ ᠢ ᠨᠡᠮᠡᠭᠳᠡᠭᠦᠯᠬᠦ ᠲᠠᠯ᠎ᠠ ᠪᠠᠷ ᠪᠣᠳᠠᠲᠠᠢ ᠬᠦᠴᠦ ᠣᠷᠣᠭᠤᠯᠬᠤ ᠬᠡᠷᠡᠭᠲᠡᠢ᠃ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠶᠡᠭᠡ ᠵᠠᠮ ᠢ ᠢᠳᠡᠪᠬᠢᠲᠡᠢ ᠪᠠᠶᠢᠭᠤᠯᠵᠤ᠂ ᠴᠢᠯᠦᠭᠡᠲᠦ ᠠᠷᠠᠯᠵᠢᠶᠠᠨ ᠤ ᠣᠷᠣᠨ ᠤ ᠬᠤᠯᠪᠤᠭᠠᠯᠠᠨ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠵᠤ᠂ ᠳᠦᠷᠢᠮ ᠤᠨ ᠭᠡᠯᠪᠡᠷᠢ ᠶᠢᠨ ᠨᠡᠭᠡᠭᠡᠯᠲᠡᠲᠤ ᠵᠢᠱᠢᠶ᠎ᠡ ᠦᠵᠡᠭᠦᠯᠭᠦ ᠣᠷᠣᠨ ᠢ ᠰᠠᠶᠢᠲᠤᠷ ᠪᠠᠶᠢᠭᠤᠯᠵᠤ᠂ ︽ ᠨᠢᠭᠡ ᠪᠦᠰᠡ ᠨᠢᠭᠡ ᠵᠠᠮ ︾᠎ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠳᠤ ᠭᠦᠨᠵᠡᠭᠡᠢ ᠠᠭᠤᠰᠤᠯᠴᠠᠵᠤ᠂ ᠴᠢᠬᠤᠯᠠ ᠶᠡᠭᠡ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢᠨ ᠳᠡᠭᠡᠳᠦ ᠴᠢᠳᠠᠪᠬᠢᠲᠤ ᠳᠡᠰ ᠤᠨ ᠲᠠᠪᠴᠠᠩ ᠢ ᠨᠢᠮᠪᠠᠢ ᠪᠠᠶᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠰᠢᠯᠤᠭᠤᠳᠬᠠᠬᠤ ᠴᠢᠬᠤᠯᠠ ᠭᠤᠭᠴᠤᠭ᠎ᠠ ᠪᠤᠯᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠱᠠᠨᠳᠦ᠋ᠩ ᠪᠣᠯ ᠲᠠᠷᠢᠶᠠᠯᠠᠩ ᠤᠨ ᠶᠡᠭᠡ ᠮᠤᠵᠢ᠂ ᠠᠮᠤ ᠪᠤᠳᠠᠭᠠᠨ ᠤ ᠶᠡᠭᠡ ᠮᠤᠵᠢ ᠮᠥᠨ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠲᠠᠯ᠎ᠠ ᠪᠠᠷ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠃ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠵᠤ᠂ ᠠᠶᠢᠯ ᠲᠣᠰᠬᠤᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠠᠰᠤ ᠴᠢᠨᠠᠷ ᠪᠣᠯᠣᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠣᠲᠣ ᠦᠶ᠎ᠡ ᠶᠢᠨ ᠲᠠᠷᠢᠶᠠᠯᠠᠩ ᠢ ᠶᠡᠭᠡ ᠪᠠᠷ ᠬᠥᠭᠵᠢᠭᠦᠯᠵᠦ᠂ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠪᠣᠯᠣᠨ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠦᠢᠯᠡᠰ ᠢ ᠢᠳᠡᠪᠬᠢᠲᠡᠢ ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠥᠷᠲᠡᠭ ᠤᠨ ᠬᠡᠯᠬᠢᠶ᠎ᠡ ᠶᠢ ᠳᠡᠭᠡᠭᠰᠢᠯᠡᠭᠦᠯᠭᠦ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠵᠦ ᠶᠠᠰᠤ ᠴᠢᠨᠠᠷ ᠢ ᠳᠡᠭᠡᠭᠰᠢᠯᠡᠭᠦᠯᠭᠦ ᠶᠢ ᠠᠬᠢᠭᠤᠯᠵᠤ᠂ ᠨᠠᠩ ᠥᠨᠳᠥᠷ ᠲᠦᠪᠰᠢᠨ ᠪᠦᠬᠦᠢ ︽ ᠱᠠᠨᠳᠦ᠋ᠩ ᠤᠨ ᠠᠮᠤ ᠶᠢᠨ ᠰᠠᠩ ︾᠎ ᠢ ᠪᠠᠶᠢᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠠᠮᠲᠤ ᠪᠠᠷ ᠪᠠᠶᠠᠵᠢᠬᠤ ᠠᠷᠭ᠎ᠠ ᠵᠠᠮ ᠢ ᠥᠷᠭᠡᠳᠬᠡᠵᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ︽ ᠹᠧᠩ ᠴᠢᠶᠣᠤ ᠶᠢᠨ ᠲᠤᠷᠰᠢᠯᠭ᠎ᠠ ︾᠎ ᠶᠢ ᠪᠠᠷᠢᠮᠲᠠᠯᠠᠨ ᠬᠥᠭᠵᠢᠭᠦᠯᠵᠦ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠤᠳᠤᠷᠢᠳᠬᠤ ᠴᠢᠳᠠᠪᠤᠷᠢ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠡᠶ᠎ᠡ ᠵᠣᠬᠢᠴᠠᠩᠭᠤᠢ ᠲᠣᠭᠲᠠᠭᠤᠨ᠂ ᠤᠯᠠᠨ ᠲᠦᠮᠡᠨ ᠠᠵᠠ ᠵᠢᠷᠭᠠᠯ ᠲᠠᠢ ᠠᠵᠢᠯᠯᠠᠵᠤ ᠠᠮᠢᠳᠤᠷᠠᠬᠤ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠱᠠᠨᠳᠦ᠋ᠩ ᠰᠢᠨ᠎ᠡ ᠴᠠᠭ ᠦᠶ᠎ᠡ ᠶᠢᠨ ᠰᠣᠶᠣᠯ ᠤᠨ ᠡᠭᠦᠷᠭᠡ ᠶᠢ ᠡᠭᠦᠷᠭᠡᠯᠡᠵᠦ᠂ ᠰᠣᠶᠣᠯ ᠤᠨ ᠴᠡᠴᠡᠭᠯᠡᠯ ᠬᠥᠭᠵᠢᠯ ᠢ ᠠᠬᠢᠭᠤᠯᠬᠤ᠂ ᠰᠣᠶᠣᠯ ᠤᠨ ᠬᠦᠴᠦᠷᠬᠡᠭ ᠤᠯᠤᠰ ᠢ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠲᠠᠯ᠎ᠠ ᠪᠠᠷ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠤᠭᠢ ᠰᠣᠳᠣ ᠶᠢ ᠭᠦᠨᠵᠡᠭᠡᠢ ᠠᠭᠤᠳᠠᠯᠯᠠᠵᠤ᠂ ᠪᠦᠲᠦᠭᠡᠯᠴᠢ ᠴᠢᠨᠠᠷᠲᠠᠢ ᠪᠠᠷ ᠣᠨᠳᠣᠣᠰᠢᠭᠤᠯᠬᠤ᠂ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠤᠯᠠᠨ ᠤᠯᠤᠰ ᠤᠨ ᠺᠦᠩᠽᠢ ᠶᠢᠨ ᠰᠣᠶᠣᠯ ᠤᠨ ᠨᠠᠶᠢᠷ ᠵᠡᠷᠭᠡ ᠪᠠᠷ ᠠᠴᠢᠶᠠᠯᠠᠪᠤᠷᠢ ᠪᠣᠯᠭᠠᠨ ᠪᠣᠯᠪᠠᠰᠤᠨ ᠤ ᠰᠣᠯᠢᠯᠴᠠᠭ᠎ᠠ ᠲᠣᠯᠢᠳᠠᠯ ᠢ ᠭᠦᠨᠵᠡᠭᠡᠶᠢᠷᠡᠭᠦᠯᠵᠦ᠂ ᠳᠤᠮᠳᠠᠳᠤ ᠶᠢᠨ ᠰᠣᠶᠣᠯ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ ᠬᠤᠪᠢᠰᠬᠠᠯᠲᠤ ᠡᠬᠢ ᠪᠠᠶᠠᠯᠢᠭ ᠢ ᠰᠠᠶᠢᠲᠤᠷ ᠬᠠᠮᠠᠭᠠᠯᠠᠨ ᠠᠰᠢᠭᠯᠠᠵᠤ᠂ ᠢ ᠮᠧᠩ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠬᠤᠪᠢᠰᠬᠠᠯᠲᠤ ᠤᠳᠤᠮᠰᠢᠯ ᠢ ᠦᠶ᠎ᠡ ᠶᠢᠨ ᠦᠶ᠎ᠡ ᠳᠤ ᠤᠯᠠᠮᠵᠢᠯᠠᠬᠤ ᠶᠢ ᠠᠬᠢᠭᠤᠯᠬᠤ ᠬᠡᠷᠡᠭᠲᠡᠢ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠥᠷᠭᠡᠨ ᠢᠶᠠᠷ ᠦᠢᠯᠡᠳᠦᠯᠭᠡᠵᠢᠭᠦᠯᠵᠦ᠂ ᠬᠤᠳᠠ ᠬᠥᠳᠡᠭᠡ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠬᠡᠪ ᠵᠠᠩᠰᠢᠯ ᠢ ᠥᠭᠡᠷᠡᠴᠢᠯᠡᠬᠦ ᠶᠢ ᠰᠠᠶᠢᠲᠤᠷ ᠠᠳᠬᠤᠵᠤ᠂ ᠤᠳᠤ ᠦᠶ᠎ᠡ ᠶᠢᠨ ᠪᠣᠯᠪᠠᠰᠤᠨ ᠤ ᠣᠶᠢᠯᠠᠭᠠᠭᠳᠠᠬᠤᠨ ᠢ ᠬᠥᠳᠡᠭᠡ ᠲᠣᠰᠬᠤᠨ ᠳᠤ ᠭᠦᠨ ᠦᠨᠳᠦᠰᠦᠯᠡᠭᠦᠯᠬᠦ ᠬᠡᠷᠡᠭᠲᠡᠢ᠃ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠢᠨ᠎ᠡ ᠶᠢ ᠡᠭᠦᠳᠦᠨ ᠬᠡᠷᠡᠭᠵᠢᠭᠦᠯᠵᠦ᠂ ᠰᠣᠶᠣᠯ ᠤᠨ ᠲᠣᠭᠠᠴᠢᠯᠠᠯᠲᠠ ᠶᠢ ᠶᠡᠭᠡ ᠪᠠᠷ ᠠᠬᠢᠭᠤᠯᠵᠤ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢᠶᠠᠷ ᠠᠵᠤ ᠠᠬᠤᠢ ᠶᠢᠨ ᠬᠥᠭᠵᠢᠯᠲᠡ ᠳᠤ ᠬᠥᠳᠡᠯᠭᠡᠭᠴᠢ ᠡᠨᠧᠷᠭᠢ ᠶᠢ ᠨᠡᠮᠡᠭᠳᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠵᠢᠭᠤᠯᠴᠢᠯᠠᠯ ᠰᠡᠯᠡᠭᠦᠴᠡᠯ ᠳᠤ ᠠᠭᠤᠯᠤᠭᠳᠠᠬᠤᠨ ᠢ ᠨᠡᠮᠡᠭᠳᠡᠭᠦᠯᠦᠨ ᠷᠢᠳᠢ ᠰᠢᠳᠢ ᠶᠢ ᠨᠡᠮᠡᠭᠳᠡᠭᠦᠯᠵᠦ᠂ ᠬᠤᠳᠠ ᠬᠥᠳᠡᠭᠡ ᠶᠢᠨ ᠨᠡᠶᠢᠭᠡᠮ ᠳᠤ ᠲᠥᠪ ᠰᠤᠷᠲᠠᠯ ᠢ ᠨᠡᠮᠡᠭᠳᠡᠭᠦᠯᠦᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠪᠦᠭᠦ ᠨᠠᠮ ᠤᠨ ᠬᠡᠪᠴᠢᠶᠡᠨ ᠳᠤ ᠥᠷᠨᠢᠭᠦᠯᠵᠦ ᠪᠠᠶᠢᠭ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠣᠯ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠮᠥᠨ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠯᠠᠪᠳᠠᠭᠤᠨ ᠪᠠᠲᠤᠲᠠᠢ ᠠᠬᠢᠭᠤᠯᠵᠤ᠂ ᠡᠷᠬᠡᠪᠰᠢ ᠪᠣᠳᠠᠲᠤ ᠦᠷ᠎ᠡ ᠪᠦᠲᠦᠮᠵᠢ ᠣᠯᠬᠤ ᠬᠡᠷᠡᠭᠲᠡᠢ᠃ ᠰᠡᠷᠡᠮᠵᠢᠯᠡᠭᠦᠯᠦᠯ ᠬᠥᠮᠦᠵᠢᠯ ᠢ ᠴᠢᠩᠭᠠᠳᠬᠠᠵᠤ᠂ ᠬᠡᠷᠡᠭ ᠤᠨ ᠵᠢᠰᠢᠶ᠎ᠡ ᠪᠠᠷ ᠰᠤᠷᠤᠯᠴᠠᠯᠭ᠎ᠠ ᠶᠢ ᠠᠬᠢᠭᠤᠯᠬᠤ᠂ ᠬᠡᠷᠡᠭ ᠤᠨ ᠵᠢᠰᠢᠶ᠎ᠡ ᠪᠠᠷ ᠰᠠᠬᠢᠯᠭ᠎ᠠ ᠪᠠᠲᠤ ᠶᠢ ᠲᠠᠶᠢᠯᠪᠤᠷᠢᠯᠠᠬᠤ ᠶᠢ ᠰᠠᠶᠢᠲᠤᠷ ᠠᠳᠬᠤᠵᠤ᠂ ᠰᠡᠳᠬᠢᠯ ᠳᠡᠭᠡᠨ ᠪᠢᠰᠢᠷᠡᠨ ᠵᠢᠷᠦᠬᠡᠰᠢᠶᠡᠬᠦ ᠪᠤᠳᠤᠯ ᠲᠠᠢ᠂ ᠴᠡᠭᠡᠷ ᠰᠠᠬᠢᠯ ᠲᠠᠢ ᠪᠠᠶᠢᠬᠤ ᠶᠢ ᠦᠨᠡᠨ ᠬᠦ ᠡᠳᠦᠷ ᠲᠤᠳᠤᠮ ᠤᠨ ᠤᠬᠠᠮᠰᠠᠷ ᠪᠤᠯᠭᠠᠬᠤ ᠬᠡᠷᠡᠭᠲᠡᠢ᠃ ᠨᠠᠮ ᠤᠨ ᠭᠡᠰᠢᠭᠦᠨ᠂ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠰᠠᠬᠢᠯᠭ᠎ᠠ ᠪᠠᠲᠤ ᠶᠢ ᠪᠦᠭᠦ ᠲᠠᠯ᠎ᠠ ᠪᠠᠷ ᠣᠶᠢᠯᠠᠭᠠᠨ ᠬᠡᠷᠡᠭᠵᠢᠭᠦᠯᠵᠦ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠭᠰᠠᠨ ᠤᠷᠢᠲᠠᠯ ᠳᠣᠣᠷ᠎ᠠ᠂ ᠰᠠᠨᠠᠭ᠎ᠠ ᠠᠮᠤᠷ ᠠᠵᠢᠯᠯᠠᠵᠤ᠂ ᠵᠣᠷᠢᠭᠲᠠᠢ ᠠᠵᠢᠯᠯᠠᠵᠤ᠂ ᠰᠡᠳᠬᠢᠯ ᠰᠢᠭᠤᠳᠤᠨ ᠡᠷᠡᠯᠬᠡᠭᠯᠡᠨ ᠤᠷᠤᠭᠰᠢᠯᠠᠵᠤ᠂ ᠢᠳᠡᠪᠬᠢᠲᠡᠢ ᠠᠵᠢᠯᠯᠠᠵᠤ᠂ ᠠᠷᠠᠳ ᠲᠦᠮᠡᠨ ᠢ ᠬᠥᠰᠡᠷᠳᠡᠭᠦᠯᠬᠦ ᠦᠭᠡᠢ᠂ ᠴᠠᠭ ᠦᠶ᠎ᠡ ᠶᠢ ᠬᠥᠰᠡᠷᠳᠡᠭᠦᠯᠬᠦ ᠦᠭᠡᠢ ᠠᠮᠵᠢᠯᠲᠠ ᠪᠦᠲᠦᠮᠵᠢ ᠡᠭᠦᠳᠬᠦ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢᠶᠠᠷ ᠠᠵᠠ ᠲᠣᠭᠢᠶᠠᠯ ᠪᠤᠯᠭᠠᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠦᠨᠳᠦᠰᠦᠨ ᠱᠠᠲᠤᠨ ᠤ ᠺᠠᠳ᠋ᠷ ᠤᠨ ᠠᠵᠢᠯ ᠬᠢᠵᠦ ᠦᠢᠯᠡᠰ ᠪᠣᠰᠬᠠᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ᠃ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠳᠤᠮᠳᠠ ᠪᠠᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ᠂ ᠭᠡᠷ ᠭᠠᠵᠠᠷ ᠤᠨ ᠬᠥᠷᠥᠩᠭᠡ ᠵᠡᠷᠭᠡ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠠᠷᠢᠯᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠷᠢᠯᠢᠭ ᠨᠠᠶᠢᠳᠠᠪᠤᠷᠢᠵᠢᠭᠤᠯᠵᠤ᠂ ᠡᠭᠦᠰᠴᠦ ᠮᠡᠳᠡᠬᠦ ᠦᠶᠡᠷ ᠤᠰᠤᠲᠤᠯ ᠵᠡᠷᠭᠡ ᠭᠠᠮᠰᠢᠭ ᠢ ᠡᠷᠲᠡᠬᠡᠨ ᠰᠡᠷᠭᠡᠶᠢᠯᠡᠵᠦ᠂ ᠡᠯ᠎ᠡ ᠬᠦᠷᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠦᠭᠦ ᠲᠠᠯ᠎ᠠ ᠪᠠᠷ ᠴᠢᠩᠭᠠᠳᠬᠠᠵᠤ᠂ ᠤᠷᠢᠳᠴᠢᠯᠠᠨ ᠰᠡᠷᠭᠡᠶᠢᠯᠡᠬᠦ ᠶᠢ ᠦᠨᠡᠨ ᠬᠦ ᠪᠠᠲᠤᠯᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃    ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃    ᠯᠢ ᠭᠠᠨ ᠵᠢᠶᠧ᠂ ᠾᠧ ᠯᠢ ᠹᠧᠩ ᠵᠢᠴᠢ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃    5 ᠰᠠᠷ᠎ᠠ ᠶᠢᠨ 23᠎ ᠤ ᠦᠳᠡ ᠶᠢᠨ ᠡᠮᠦᠨ᠎ᠡ᠂ ᠰᠢ ᠶᠢᠨ ᠫᠢᠩ ᠵᠢᠨᠠᠨ ᠳᠤ ᠰᠠᠭᠤᠭ᠎ᠠ ᠴᠡᠷᠢᠭ ᠠᠩᠭᠢ ᠶᠢᠨ ᠬᠤᠷᠠᠩᠳᠠ ᠠᠴᠠ ᠳᠡᠭᠡᠭᠰᠢᠬᠢ ᠤᠳᠤᠷᠢᠳᠬᠤ ᠺᠠᠳ᠋ᠷ ᠲᠠᠢ ᠵᠢᠨᠠᠨ ᠳᠤ ᠳᠣᠲᠣᠨᠣ ᠪᠠᠷ ᠠᠭᠤᠯᠵᠠᠵᠤ᠂ ᠨᠠᠮ ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠵᠢᠨᠠᠨ ᠳᠤ ᠰᠠᠭᠤᠭ᠎ᠠ ᠴᠡᠷᠢᠭ ᠠᠩᠭᠢ ᠶᠢᠨ ᠪᠦᠭᠦ ᠳᠠᠷᠤᠭ᠎ᠠ ᠪᠠᠶᠢᠯᠳᠤᠭᠴᠢᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠦᠭᠰᠡᠨ ᠪᠥᠭᠡᠳ ᠤᠯᠠᠨ ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ ᠵᠠᠩ ᠶᠢᠤ ᠰᠢᠶᠠ ᠪᠠᠷ᠎ᠠ ᠪᠣᠯᠵᠤ ᠠᠭᠤᠯᠵᠠᠪᠠ᠃ 
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2