ᠵᠠᠩ ᠶᠦᠩ ᠸᠧᠨ ᠪᠦᠯᠬᠦᠮ ᠳᠠᠭᠠᠭᠤᠯᠤᠨ ᠱᠠᠨᠳᠦ᠋ᠩ᠂ ᠠᠨᠾᠦ᠋ᠢ ᠳᠤ ᠬᠦᠷᠴᠦ ᠲᠦᠷᠦᠯ ᠵᠦᠢᠯ ᠢ ᠰᠢᠨᠵᠢᠯᠡᠨ ᠪᠠᠶᠢᠴᠠᠭᠠᠬᠤ ᠵᠢᠴᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/6
705470.jpg
    4 ᠰᠠᠷ᠎ᠠ ᠶᠢᠨ 28᠎ ᠤ ᠡᠳᠦᠷ ᠠᠴᠠ 29᠎ ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠪᠦᠯᠬᠦᠮ ᠳᠠᠭᠠᠭᠤᠯᠤᠨ ᠱᠠᠨᠳᠦ᠋ᠩ᠂ ᠠᠨᠾᠦ᠋ᠢ ᠳᠤ ᠬᠦᠷᠴᠦ ᠲᠦᠷᠦᠯ ᠵᠦᠢᠯ ᠢ ᠰᠢᠨᠵᠢᠯᠡᠨ ᠪᠠᠶᠢᠴᠠᠭᠠᠬᠤ ᠵᠢᠴᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠥᠷᠨᠢᠭᠦᠯᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠬᠠᠮᠲᠤᠷᠠᠯᠴᠠᠭᠠᠨ ᠤ ᠤᠴᠢᠷ ᠶᠠᠪᠤᠳᠠᠯ ᠢ ᠵᠣᠯᠭᠠᠭᠤᠯᠤᠨ ᠵᠥᠪᠳᠡᠯᠴᠡᠪᠡ᠃    ᠵᠠᠩ ᠶᠦᠩ ᠸᠧᠨ ᠤᠷᠢᠳ ᠬᠤᠵᠢᠳ ᠱᠠᠨᠳᠦ᠋ᠩ ᠤᠨ ᠲᠦᠷᠭᠡᠨ ᠤ ᠵᠠᠮ ᠤᠨ ᠮᠠᠨ ᠢ ᠪᠠᠷᠠᠭᠠᠨ  ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠠᠨᠾᠦ᠋ᠢ ᠶᠢᠨ ᠱᠧᠨ ᠲᠦᠩ ᠪᠠᠷᠠᠭᠠᠨ ᠭᠦᠢᠯᠭᠡᠭᠡᠨ ᠤ ᠰᠦᠯᠵᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠬᠤᠶᠠᠷ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ᠂ ᠡᠵᠡᠩᠨᠡᠯᠲᠡ ᠶᠢᠨ ᠬᠡᠯᠪᠡᠷᠢ ᠶᠢᠨ ᠪᠠᠶᠢᠷᠢᠰᠢᠭᠤᠯᠤᠯᠲᠠ᠂ ᠺᠣᠮᠫᠠᠨᠢ ᠶᠢᠨ ᠪᠠᠶᠢᠯᠳᠤᠬᠤ ᠪᠤᠳᠤᠯᠭ᠎ᠠ ᠪᠣᠯᠤᠨ ᠡᠵᠡᠩᠨᠡᠯᠲᠡ ᠶᠢᠨ ᠪᠠᠶᠢᠳᠠᠯ ᠵᠡᠷᠭᠡ ᠶᠢ ᠨᠠᠷᠢᠨ ᠣᠶᠢᠯᠠᠭᠠᠵᠤ᠂ ᠰᠦᠯᠵᠢᠶᠡᠨ ᠤ ᠪᠠᠷᠠᠭᠠᠨ  ᠲᠡᠭᠡᠭᠡᠪᠦᠷᠢ ᠶᠢᠨ ᠠᠵᠤ ᠦᠢᠯᠡᠰ ᠤᠨ ᠬᠥᠭᠵᠢᠯᠲᠡ ᠶᠢᠨ ᠲᠣᠭᠤᠷᠢᠨ ᠳᠤ᠂ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠶᠠᠷᠢᠯᠴᠠᠬᠤ ᠬᠤᠷᠠᠯ ᠳᠡᠭᠡᠷ᠎ᠡ᠂ ᠲᠡᠷᠡ ᠡᠯ᠎ᠡ ᠠᠵᠤ ᠠᠬᠤᠶᠢᠯᠠᠯ ᠳᠤ ᠵᠢᠨᠢᠩ ᠲᠣᠭᠤᠷᠢᠭ ᠤᠨ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠪᠠᠶᠢᠷᠢᠰᠢᠭᠤᠯᠤᠯᠲᠠ ᠪᠣᠯᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠵᠡᠷᠭᠡ ᠲᠠᠯ᠎ᠠ ᠶᠢᠨ ᠪᠠᠶᠢᠳᠠᠯ ᠢ ᠲᠠᠨᠢᠯᠴᠠᠭᠤᠯᠪᠠ᠃ ᠲᠡᠷᠡ ᠬᠡᠯᠡᠭᠰᠡᠨ ᠨᠢ᠂ ᠵᠢᠨᠢᠩ ᠲᠣᠭᠤᠷᠢᠭ ᠨᠢ ︽ᠨᠢᠭᠡ ᠪᠦᠰᠡ ᠨᠢᠭᠡ ᠵᠠᠮ︾᠎ ᠤᠨ ᠴᠢᠬᠤᠯᠠ ᠵᠠᠩᠭᠢᠯᠠᠭ᠎ᠠ ᠶᠢᠨ ᠬᠤᠲᠠ ᠪᠣᠯᠤᠭᠰᠠᠨ ᠤ ᠬᠤᠪᠢ ᠳᠤ᠂ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ᠂ ᠠᠵᠤ ᠦᠢᠯᠡᠰ ᠤᠨ ᠰᠠᠭᠤᠷᠢ ᠯᠠᠪᠳᠠᠭᠤᠨ᠂ ᠲᠥᠷᠥ ᠶᠢᠨ ᠪᠣᠳᠣᠯᠭ᠎ᠠ ᠶᠢᠨ ᠨᠥᠬᠦᠴᠡᠯ ᠳᠠᠪᠠᠭᠤᠯᠢᠭ ᠪᠠᠶᠢᠵᠤ᠂ ᠰᠦᠯᠵᠢᠶᠡᠨ ᠤ ᠪᠠᠷᠠᠭᠠᠨ ᠲᠡᠭᠡᠭᠡᠪᠦᠷᠢ ᠶᠢᠨ ᠠᠵᠤ ᠦᠢᠯᠡᠰ ᠤᠨ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠤᠷᠢᠳ ᠡᠮᠦᠨ᠎ᠡ ᠪᠠᠶᠢᠭ᠎ᠠ ᠥᠬᠡᠶ ᠪᠠᠶᠢᠨ᠎ᠠ᠃ ᠬᠤᠶᠠᠷ ᠠᠵᠤ ᠠᠬᠤᠶᠢᠯᠠᠯ ᠢ ᠤᠷᠢᠵᠤ ᠭᠦᠨᠵᠡᠭᠡᠶ ᠪᠠᠶᠢᠷᠢᠰᠢᠭᠤᠯᠵᠤ᠂ ᠲᠤᠬᠠᠶ ᠶᠢᠨ ᠭᠠᠵᠠᠷ ᠤᠨ ᠰᠦᠯᠵᠢᠶᠡᠨ ᠤ ᠪᠠᠷᠠᠭ᠎ᠠ ᠲᠡᠭᠡᠭᠡᠪᠦᠷᠢ ᠶᠢᠨ ᠠᠵᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠬᠠᠮᠲᠤᠷᠠᠨ ᠳᠡᠭᠡᠭᠰᠢᠯᠡᠭᠦᠯᠵᠦ᠂ ᠵᠢᠨᠢᠩ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠶᠢ ᠴᠢᠩ ᠰᠡᠳᠬᠢᠯ ᠠᠴᠠ ᠪᠠᠨ ᠤᠷᠢᠵᠤ ᠪᠠᠶᠢᠨ᠎ᠠ᠃ ᠲᠡᠷᠡ ᠬᠡᠯᠡᠭᠰᠡᠨ ᠨᠢ᠂ ᠵᠢᠨᠢᠩ ᠲᠣᠭᠤᠷᠢᠭ ᠤᠨ ᠬᠢᠨ ᠦᠨᠡᠨᠴᠢ ᠢᠲᠡᠭᠡᠮᠵᠢᠲᠡᠢ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ‌ᠨᠦ᠋ᠭᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠦᠢᠯᠡᠰ ᠤᠨ ᠲᠦᠷᠦᠯ ᠵᠦᠢᠯ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠵᠠᠰᠠᠭ ᠠᠵᠤ ᠠᠬᠤᠶᠢᠯᠠᠯ ᠬᠤᠶᠠᠷ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠴᠢᠷᠮᠠᠶᠢᠨ ᠪᠡᠶᠡᠯᠡᠭᠦᠯᠦᠨ᠎ᠡ  ᠭᠡᠵᠡᠢ᠃    ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠵᠢᠨᠢᠩ ᠲᠣᠭᠤᠷᠢᠭ ᠤᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠱᠠᠨᠳᠦ᠋ᠩ ᠤᠨ ᠲᠦᠷᠭᠡᠨ ᠤ ᠵᠠᠰᠠᠮᠠᠯ ᠵᠠᠮ ᠤᠨ ᠮᠠᠨ ᠢ ᠪᠠᠷᠠᠭᠠᠨ ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠬᠤ ᠶᠢ ᠠᠬᠢᠭᠤᠯᠪᠠ᠃ᠵᠠᠩ ᡁᠢ ᠷᠦᠩ ᠰᠢᠨᠵᠢᠯᠡᠨ ᠪᠠᠶᠢᠴᠠᠭᠠᠬᠤ ᠳᠤ ᠣᠷᠣᠯᠴᠠᠪᠠ᠃                    ᠤᠷᠴᠢᠭᠤᠯᠤᠭᠴᠢ᠄  ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2