ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ 10 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 8 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/6
     4 ᠰᠠᠷ᠎ᠠ ᠶᠢᠨ 29᠎ ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠢ ᠷᠦᠢ ᠲᠤᠭᠤᠷᠢᠭ ᠤᠨ ᠵᠠᠰᠠᠭ ᠤᠨ ᠣᠷᠳᠣᠨ ᠤ 2024 ᠣᠨ ᠤ 10 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠠᠷᠭᠤ ᠶᠢᠨ ᠬᠠᠤᠯᠢ︾ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠵᠢᠨᠢᠩ ᠲᠣᠭᠤᠷᠢᠭ ᠤᠨ ᠤᠯᠠᠨ ᠨᠡᠶᠢᠲᠡ ᠶᠢᠨ ᠠᠷᠠᠯᠵᠢᠶᠠᠨ ᠤ ᠡᠬᠢ ᠪᠠᠶᠠᠯᠢᠭ ᠤᠨ ᠬᠦᠷᠢᠶᠡᠨ ᠤ ᠲᠤᠪᠤᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠦᠯ︾᠂ ︽ᠵᠢᠨᠢᠩ ᠲᠣᠭᠤᠷᠢᠭ ᠤᠨ 2024 ᠣᠨ ᠤ ᠰᠤᠷᠭᠠᠨ ᠬᠥᠮᠦᠵᠢᠯ ᠤᠨ ᠠᠵᠢᠯ ᠤᠨ ᠬᠡᠷᠡᠭᠵᠢᠭᠦᠯᠬᠦ ᠲᠥᠰᠦᠯ︾ ᠪᠣᠯᠤᠨ ᠰᠢᠨ᠎ᠡ ᠪᠠᠷ ᠪᠠᠶᠢᠭᠤᠯᠤᠭᠰᠠᠨ ᠠᠵᠤ ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠵᠡᠷᠭᠡ ᠶᠢ ᠰᠤᠳᠤᠯᠤᠨ ᠬᠢᠨᠠᠨ ᠵᠥᠪᠯᠡᠵᠦ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠵᠢᠭᠠᠭᠰᠠᠨ ᠨᠢ᠂ ᠵᠠᠰᠠᠭ ᠵᠠᠬᠢᠷᠭᠠᠨ ᠤ ᠵᠠᠷᠭᠤ ᠪᠣᠯ ᠵᠠᠰᠠᠭ ᠵᠠᠬᠢᠷᠭᠠᠨ ᠤ ᠮᠠᠷᠭᠤᠯᠳᠤᠭᠠᠨ ᠢ ᠪᠦᠲᠦᠮᠵᠢᠲᠡᠶ ᠰᠢᠢᠳᠪᠦᠷᠢᠯᠡᠬᠦ ᠴᠢᠬᠤᠯᠠ ᠠᠷᠭ᠎ᠠ ᠵᠠᠮ ᠮᠥᠨ᠂ ᠪᠠᠰᠠ ᠴᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠬᠤ ᠪᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠴᠢᠬᠤᠯᠠ ᠠᠷᠭ᠎ᠠ ᠮᠠᠶ᠋ᠢᠭ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠬᠠᠮᠰᠠᠷ ᠠᠴᠠ ᠪᠠᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠬᠡᠪᠴᠢᠶᠡᠨ ᠳᠣᠲᠣᠷ᠎ᠠ ᠵᠠᠰᠠᠭ ᠵᠠᠬᠢᠷᠭᠠᠨ ᠤ ᠵᠠᠷᠭᠤ ᠶᠢᠨ ᠠᠵᠢᠯ ᠢ ᠥᠷᠨᠢᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠤᠬᠠᠮᠰᠠᠷ ᠪᠠ ᠬᠠᠤᠯᠢ ᠶᠣᠰᠣᠭᠠᠷ ᠵᠠᠷᠭᠤ ᠬᠦᠯᠢᠶᠡᠬᠦ ᠴᠢᠳᠠᠪᠤᠷᠢ ᠪᠠᠨ ᠬᠦᠴᠦᠯᠡᠨ ᠳᠡᠭᠡᠭᠰᠢᠯᠡᠭᠦᠯᠬᠦ ᠬᠡᠷᠡᠭᠲᠡᠶ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠭᠡᠷᠡᠴᠢ ᠭᠠᠷᠭᠠᠬᠤ ᠪᠠ ᠵᠠᠷᠭᠤ ᠬᠦᠯᠢᠶᠡᠬᠦ ᠳᠡᠰ ᠳᠠᠷᠠᠭᠠᠯᠠᠯ ᠢ ᠵᠢᠷᠤᠮᠵᠢᠭᠤᠯᠤᠨ᠂ ᠰᠢᠭᠦᠯᠲᠡ ᠳᠤ ᠣᠷᠣᠯᠴᠠᠨ ᠦᠷ᠎ᠡ ᠪᠦᠲᠦᠮᠵᠢ ᠭᠠᠷᠭᠠᠬᠤ ᠬᠡᠷᠡᠭᠲᠡᠶ᠃  ᠵᠠᠰᠠᠭ ᠵᠠᠬᠢᠷᠭᠠᠨ ᠤ ᠬᠡᠷᠡᠭ ᠲᠤ ᠵᠠᠰᠠᠭ ᠵᠠᠬᠢᠷᠭᠠᠨ ᠤ ᠡᠶᠡᠳᠡᠭᠦᠯᠭᠡ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠦᠨᠡᠨ ᠪᠣᠳᠠᠲᠠᠶ ᠪᠠᠷ ᠰᠢᠶᠳᠪᠦᠷᠢᠯᠡᠬᠦ ᠶᠢ ᠠᠬᠢᠭᠤᠯᠬᠤ ᠬᠡᠷᠡᠭᠲᠡᠶ᠃ ᠬᠠᠤᠯᠢᠵᠢᠯ ᠤᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠲᠠᠢ ᠤᠶᠠᠯᠳᠤᠭᠤᠯᠤᠨ᠂ ᠨᠢᠭᠡ ᠴᠤᠭᠴᠠᠵᠢᠭᠤᠯᠤᠨ ᠨᠠᠶᠢᠳᠠᠪᠤᠷᠢᠵᠢᠭᠤᠯᠵᠤ᠂ ᠵᠢᠨᠢᠩ ᠲᠣᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠠᠲᠤᠯᠠᠬᠤ ᠬᠡᠷᠡᠭᠲᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠠᠵᠤ ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠦᠢᠯᠡᠳᠪᠦᠷᠢ ᠲᠣᠣᠷ ᠢ ᠵᠡᠷᠭᠡᠪᠡᠷ ᠶᠠᠪᠤᠭᠳᠠᠭᠤᠯᠵᠤ᠂ ᠰᠢᠨᠵᠢᠯᠡᠬᠦ ᠤᠬᠠᠭᠠᠨᠴᠢ ᠪᠠᠷ ᠬᠠᠮᠢᠶᠠᠷᠴᠤ᠂ ᠲᠣᠭᠲᠠᠭᠤᠨ ᠢᠶᠠᠷ ᠠᠵᠢᠯᠯᠠᠭᠤᠯᠵᠤ᠂ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠪᠣᠯᠤᠨ ᠠᠮᠢᠳᠤᠷᠠᠯ ᠤᠨ ᠪᠣᠬᠢᠷ ᠤᠰᠤ ᠶᠢ ᠲᠦᠷᠦᠯ ᠬᠤᠪᠢᠶᠠᠨ ᠴᠤᠭᠯᠠᠭᠤᠯᠵᠤ ᠴᠢᠨᠠᠷ ᠬᠤᠪᠢᠶᠠᠨ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃ ᠴᠢᠨᠠᠷ ᠰᠠᠶᠢᠲᠠᠶ ᠲᠡᠩᠴᠡᠭᠦᠷᠢᠲᠡᠶ ᠦᠨᠳᠦᠰᠦᠨ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠰᠢᠰᠲ᠋ᠧᠮ ᠢ ᠢᠳᠡᠪᠬᠢᠲᠡᠶ ᠪᠠᠶᠢᠭᠤᠯᠵᠤ᠂ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠵᠦ᠂ ᠪᠦᠬᠦ  ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠰᠤᠷᠭᠠᠨ ᠬᠥᠮᠦᠵᠢᠯ ᠤᠨ ᠴᠢᠳᠠᠪᠤᠷᠢ ᠪᠠ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠬᠡᠷᠡᠭᠲᠡᠶ᠃ ᠪᠠᠶᠠᠷ ᠳᠤᠷᠠᠰᠬᠠᠯ ᠤᠨ ᠠᠵᠢᠯᠯᠠᠭ᠎ᠠ ᠶᠢ ᠪᠠᠶᠠᠯᠢᠭᠵᠢᠭᠤᠯᠵᠤ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠶᠢ ᠦᠷᠭᠦᠯᠵᠢᠯᠡᠨ ᠥᠷᠭᠡᠳᠬᠡᠵᠦ ᠂ ᠬᠤᠳᠠ ᠶᠢᠨ ᠰᠣᠶᠣᠯ ᠪᠠ ᠵᠢᠭᠤᠯᠴᠢᠯᠠᠯ ᠤᠨ ᠲᠦᠷᠦᠯ ᠲᠡᠮᠳᠡᠭ ᠢ ᠡᠭᠦᠳᠴᠦ᠂ ᠵᠢᠨᠢᠩ ᠤᠨ ᠬᠥᠮᠦᠰ ᠤᠨ ᠬᠦᠷᠢᠶᠡᠯᠡᠯ ᠢ ᠲᠠᠰᠤᠷᠠᠯᠲᠠ ᠦᠭᠡᠢ ᠬᠤᠷᠠᠮᠳᠤᠭᠤᠯᠵᠤ᠂ ᠵᠢᠨᠢᠩ ᠤᠨ ᠨᠡᠷ᠎ᠡ ᠠᠯᠳᠠᠷ ᠢ  ᠪᠠᠳᠠᠷᠠᠭᠤᠯᠬᠤ ᠬᠡᠷᠡᠭᠲᠡᠢ᠃        ᠨᠠᠶᠢᠷᠠᠭᠤᠯᠤᠭᠴᠢ᠄ ᠸᠠᠩ ᠵᠢᠩ ᠵᠢᠩ᠂ ᠴᠢᠶᠤᠤ ᠮᠢᠨ ᠮᠢᠨ        ᠵᠢᠷᠤᠭ᠄ ᠸᠠᠩ ᠵᠢᠩ  ᠵᠢᠩ᠂ ᠴᠢᠶᠤᠤ ᠮᠢᠨ ᠮᠢᠨ        ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2