ᠵᠢᠨᠢᠩ ᠲᠣᠭᠤᠷᠢᠭ ᠤᠳᠬ᠎ᠠ ᠤᠷᠠᠯᠢᠭ ᠤᠨ ᠰᠣᠳᠣᠨ ᠪᠦᠲᠦᠭᠡᠯ ᠢᠶᠠᠷ ︽ᠤᠮᠠᠷᠠᠲᠤ ᠬᠢᠯᠢ ᠶᠢᠨ ᠰᠣᠶᠣᠯ︾᠎ ᠤᠨ ᠨᠠᠷᠠᠲᠤ ᠲᠡᠮᠳᠡᠭ ᠢ ᠡᠭᠦᠳᠪᠡ
ᠨᠡᠶᠢᠲᠡᠯᠡᠭᠰᠡᠨ ᠴᠠᠭ᠄
2024/5/9
    ᠤᠳᠬ᠎ᠠ ᠤᠷᠠᠯᠢᠭ ᠪᠤᠯ ᠰᠣᠶᠣᠯ ᠢ ᠳᠠᠮᠵᠢᠬᠤᠯᠬᠤ ᠬᠠᠮᠤᠭ ᠤᠨ ᠪᠦᠲᠦᠮᠵᠢᠲᠡᠶ ᠵᠠᠭᠤᠴᠢ ᠮᠥᠨ᠃ ᠰᠣᠶᠣᠯ ᠤᠨ ᠢᠲᠡᠭᠡᠯ ᠢᠶᠠᠨ ᠪᠠᠲᠤᠳᠬᠠᠬᠤ᠂ ᠲᠦᠷᠢ ᠲᠥᠷᠬᠦ ᠶᠢ ᠢᠯᠡᠷᠡᠭᠦᠯᠬᠦ᠂ ᠠᠷᠠᠳ ᠲᠦᠮᠡᠨ ᠤ ᠵᠣᠷᠢᠭ ᠰᠠᠨᠠᠭ᠎ᠠ ᠶᠢ ᠬᠥᠭᠵᠢᠭᠡᠬᠦ ᠳᠤ ᠴᠥᠮ ᠰᠠᠶᠢᠨ ᠤᠳᠬ᠎ᠠ ᠤᠷᠠᠯᠢᠭ ᠤᠨ ᠪᠦᠲᠦᠭᠡᠯ ᠠᠴᠠ ᠰᠠᠯᠵᠤ ᠴᠢᠳᠠᠬᠤ ᠦᠭᠡᠢ ᠶᠤᠮ᠃ ᠡᠶᠢᠮᠦ ᠠᠴᠠ᠂ ︽ᠤᠮᠠᠷᠠᠲᠤ ᠬᠢᠯᠢ ᠶᠢᠨ ᠰᠣᠶᠣᠯ︾᠎ ᠤᠨ ᠨᠠᠷᠠᠲᠤ ᠲᠡᠮᠳᠡᠭ ᠢ ᠡᠭᠦᠳᠬᠦ ᠳᠤ ᠬᠠᠮᠤᠭ ᠤᠨ ᠵᠠᠩᠭᠢᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠥᠷᠭᠡᠨ ᠣᠯᠠᠨ ᠤᠳᠬ᠎ᠠ ᠤᠷᠠᠯᠢᠭ ᠤᠨ ᠠᠵᠢᠯᠲᠠᠨ ᠤ ᠥᠪᠥᠷ ᠮᠣᠩᠭᠤᠯ ᠤᠨ ᠭᠦᠨ ᠵᠤᠵᠠᠭᠠᠨ ᠲᠡᠤᠬᠡ ᠰᠣᠶᠣᠯ ᠤᠨ ᠡᠬᠢ ᠪᠠᠶᠠᠯᠢᠭ ᠲᠤ ᠰᠠᠭᠤᠷᠢᠯᠠᠨ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠤᠬᠡ᠂ ᠮᠣᠩᠭᠤᠯ ᠮᠣᠷᠢᠨ ᠤ ᠵᠣᠷᠢᠭ ᠰᠠᠨᠠᠭ᠎ᠠ ᠪᠠ ︽ᠰᠢᠨᠲᠡᠷᠡᠰᠢ ᠦᠭᠡᠢ ᠲᠡᠮᠡᠴᠡᠬᠦ ᠵᠣᠷᠢᠭ ᠰᠠᠨᠠᠭ᠎ᠠ︾ ᠵᠡᠷᠭᠡ ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠦᠵᠡᠯ ᠰᠠᠨᠠᠭ᠎ᠠ ᠭᠦᠨᠵᠡᠭᠡᠶ᠂ ᠤᠷᠠᠯᠢᠭ ᠪᠠᠶᠠᠯᠢᠭ᠂ ᠰᠢᠯᠢᠳᠡᠭ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ ᠴᠢᠳᠠᠯ ᠨᠡᠮᠡᠷᠢᠯᠡᠬᠦ ᠶᠢ ᠬᠥᠲᠥᠯᠦᠨ ᠵᠢᠯᠣᠭᠤᠳᠴᠤ ᠵᠣᠷᠢᠭᠵᠢᠭᠤᠯᠤᠨ ᠳᠡᠮᠵᠢᠨ᠎ᠡ᠃    ᠭᠠᠵᠠᠷ ᠣᠷᠣᠨ ᠤ ᠳᠠᠪᠠᠭᠤᠯᠢᠭ ᠪᠣᠯᠤᠨ ᠰᠣᠶᠣᠯ ᠤᠨ ᠣᠨᠴᠠᠯᠢᠭ ᠲᠠᠭᠠᠨ ᠰᠠᠭᠤᠷᠢᠯᠠᠨ᠂ ᠵᠢᠨᠢᠩ ᠲᠣᠭᠤᠷᠢᠭ ᠨᠢ ᠬᠦᠴᠦ ᠪᠠᠨ ᠲᠥᠪᠯᠡᠷᠡᠭᠦᠯᠦᠨ ︽ᠤᠮᠠᠷᠠᠲᠤ ᠬᠢᠯᠢ ᠶᠢᠨ ᠰᠣᠶᠣᠯ︾᠎ ᠤᠨ ᠲᠦᠷᠦᠯ ᠲᠡᠮᠳᠡᠭ ᠢ ᠡᠭᠦᠳᠴᠦ᠂ ᠤᠯᠠᠨ ᠬᠠᠷᠠᠭᠠᠰᠤ ᠪᠠᠷ ᠲᠡᠦᠬᠡ ᠰᠣᠶᠣᠯ ᠎ ᠶᠢ ᠠᠭᠤᠳᠠᠯᠵᠤ᠂ ᠣᠷᠣᠨ ᠨᠤᠲᠤᠭ ᠤᠨ ᠵᠠᠩ ᠦᠢᠯᠡ ᠶᠢ ᠤᠯᠠᠨ ᠲᠠᠯ᠎ᠠ ᠠᠴᠠ ᠡᠮᠬᠢᠯᠡᠵᠦ᠂ ︽ᠤᠮᠠᠷᠠᠲᠤ ᠬᠢᠯᠢ ᠶᠢᠨ ᠰᠣᠶᠣᠯ︾᠎ ᠤᠨ ᠠᠯᠳᠠᠷᠰᠢᠯ ᠢ ᠲᠠᠰᠤᠷᠠᠯᠲᠠ ᠦᠭᠡᠢ ᠥᠷᠭᠡᠳᠬᠡᠵᠦ᠂ ︽ᠤᠮᠠᠷᠠᠲᠤ ᠬᠢᠯᠢ ᠶᠢᠨ ᠰᠣᠶᠣᠯ︾᠎ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ︽ᠤᠮᠠᠷᠠᠲᠤ ᠬᠢᠯᠢ ᠶᠢᠨ ᠰᠣᠶᠣᠯ ︾᠎ ᠤᠨ ᠲᠦᠷᠦᠯ ᠲᠡᠮᠳᠡᠭ ᠢ ᠡᠭᠦᠳᠬᠦ ᠳᠤ ᠵᠢᠨᠢᠩ ᠤᠨ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠪᠠ᠃     ᠵᠢᠨᠢᠩ ᠲᠣᠭᠤᠷᠢᠭ ᠤᠨ ᠤᠳᠬ᠎ᠠ ᠤᠷᠠᠯᠢᠭ ᠤᠨ ᠠᠵᠢᠯᠲᠠᠳ ᠵᠢᠨᠢᠩ ᠲᠣᠭᠤᠷᠢᠭ ᠤᠨ ᠬᠤᠪᠢᠰᠬᠠᠯ ᠤᠨ ᠰᠣᠶᠣᠯ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠵᠤ᠂ ᠡᠯᠪᠡᠭ ᠪᠠᠶᠠᠯᠢᠭ ᠭᠤᠤᠯ ᠰᠡᠳᠦᠪᠲᠦ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠥᠷᠨᠢᠭᠦᠯᠪᠡ᠃ ︽ᠵᠢᠨᠢᠩ ᠪᠣᠯᠤᠨ ᠵᠢᠨᠢᠩ ᠤᠨ ᠳᠠᠶᠢᠯᠠᠯᠳᠤᠭᠠᠨ ᠤ ᠲᠤᠬᠠᠢ ᠰᠡᠳᠦᠪ︾᠂ ︽ᠴᠡᠷᠢᠭ ᠠᠷᠠᠳ ᠵᠢᠨᠢᠩ ᠳᠤ ᠬᠠᠮᠲᠤ ᠪᠠᠷ ᠪᠠᠶᠢᠭᠤᠯᠤᠭᠳᠠᠭᠰᠠᠨ - ᠯᠢ ᠯᠠᠢ ᠵᠦ ᠵᠠᠩᠵᠤᠨ ᠎ ᠢ ᠰᠤᠷᠪᠤᠯᠵᠢᠯᠠᠨ ᠶᠠᠷᠢᠯᠴᠠᠭᠰᠠᠨ ᠲᠡᠮᠳᠡᠭᠯᠡᠯ︾᠂ ︽ᠹᠠᠩ ᠳ᠋ᠠ ᠽᠧᠩ᠂ ᠲᠠᠯ᠎ᠠ ᠨᠤᠲᠤᠭ ᠲᠠᠨ ᠢ  ᠳᠤᠷᠠᠰᠤᠨ᠎ᠠ︾᠂ ︽ᠬᠤᠪᠢᠰᠬᠠᠯᠲᠤ ᠤᠳᠬ᠎ᠠ ᠤᠷᠠᠯᠢᠭ ᠤᠨ ᠮᠣᠷᠢᠲᠤ ᠴᠡᠷᠢᠭ︾᠂ ︽ᠮᠢᠨᠦ ᠬᠠᠮᠤᠭ ᠤᠨ ᠳᠠᠭᠤᠯᠠᠬᠤ ᠳᠤᠷᠠᠲᠠᠢ ᠪᠣᠯ ᠤᠯᠤᠰ ᠤᠨ ᠰᠦᠯᠳᠡ ᠳᠠᠭᠤᠤ︾ ᠵᠡᠷᠭᠡ ᠨᠢᠭᠡ ᠪᠦᠯᠦᠭ ᠰᠢᠨ᠎ᠡ ᠴᠠᠭ ᠦᠶ᠎ᠡ ᠶᠢᠨ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ᠂ ᠤᠳᠬ᠎ᠠ ᠤᠷᠠᠯᠢᠭ ᠤᠨ ᠬᠡᠯᠪᠡᠷᠢ ᠪᠠᠷ ᠰᠢᠨ᠎ᠡ ᠴᠠᠭ ᠦᠶ᠎ᠡ ᠶᠢᠨ ᠤᠮᠠᠷᠠᠲᠤ ᠬᠢᠯᠢ ᠶᠢᠨ ᠬᠥᠪᠡᠭᠦᠳ ᠥᠬᠢᠳ ᠤᠨ ᠭᠠᠷ ᠭᠠᠷ ᠢᠶᠠᠨ ᠬᠤᠯᠪᠣᠯᠴᠠᠨ᠂ ᠰᠡᠳᠬᠢᠯ ᠵᠢᠷᠦᠬᠡ ᠪᠠᠨ ᠬᠤᠯᠪᠣᠨ ᠤᠷᠤᠭᠰᠢᠯᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ ᠢᠯᠠᠩᠭᠤᠶ᠎ᠠ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠲᠠᠰᠢᠷᠠᠮ ᠢᠶᠠᠷ᠂ ᠵᠢᠨᠢᠩ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠪᠦᠬᠦ ᠬᠤᠳᠠ ᠶᠢᠨ 49 ᠤᠷᠠᠨ ᠪᠢᠴᠢᠯᠭᠡᠲᠡᠨ ᠤᠷᠠᠨ ᠵᠢᠷᠤᠭᠴᠢᠳ ᠢ ᠵᠣᠬᠢᠶᠠᠨ ᠪᠠᠶᠢᠭᠤᠯᠵᠤ᠂ 61 ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠢ ᠵᠣᠬᠢᠶᠠᠨ ᠪᠦᠲᠦᠭᠡᠵᠦ᠂ ︽ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠠᠭᠤᠯᠠ ᠬᠤᠳᠠ ᠶᠢᠨ ᠵᠢᠷᠤᠭ︾᠎ ᠤᠨ ᠵᠠᠭᠤᠨ  ᠮᠧᠲᠷ ᠤᠨ ᠤᠷᠠᠨ ᠪᠢᠴᠢᠯᠭᠡ ᠤᠷᠠᠨ ᠵᠢᠷᠤᠭ ᠤᠨ ᠤᠷᠳᠤ ᠪᠤᠳᠢ ᠶᠢ ᠪᠦᠷᠢᠯᠳᠦᠭᠦᠯᠵᠦ᠂ ᠤᠷᠠᠯᠢᠭ ᠢᠶᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠲᠠᠬᠢᠨ ᠢᠯᠡᠷᠡᠭᠦᠯᠵᠦ᠂ ᠵᠢᠨᠢᠩ ᠲᠣᠭᠤᠷᠢᠭ ᠤᠨ ᠤᠳᠬ᠎ᠠ ᠤᠷᠠᠯᠢᠭ ᠢᠶᠠᠷ ︽ᠤᠮᠠᠷᠠᠲᠤ ᠬᠢᠯᠢ  ᠶᠢᠨ ᠰᠣᠶᠣᠯ︾᠎ ᠤᠨ ᠲᠦᠷᠦᠯ ᠲᠡᠮᠳᠡᠭ ᠢ ᠡᠭᠦᠳᠦᠭᠰᠡᠨ ᠠᠮᠢᠳᠤᠯᠢᠭ ᠬᠡᠪ ᠳᠠᠭᠤᠷᠢᠶᠠᠯ ᠪᠣᠯᠤᠭᠰᠠᠨ ᠪᠠᠶᠢᠨ᠎ᠠ᠃     ︽ᠮᠣᠷᠢᠨ ᠬᠤᠭᠤᠷ ᠤᠨ ᠥᠯᠢᠭᠡᠷ︾᠂ ︽ᠱᠦᠸᠧ  ᠮᠦ ᠶᠢᠨ ᠪᠠᠮᠪᠠᠷ︾᠂ ︽ᠤᠷᠠᠯᠢᠭ ᠤᠨ ᠠᠶᠢᠵᠠᠮ ᠭᠦᠨ ᠵᠤᠵᠠᠭᠠᠨ ᠤᠮᠠᠷᠠᠲᠤ ᠬᠢᠯᠢ ᠶᠢᠨ ᠰᠣᠶᠣᠯ︾᠂ ︽ᠦᠵᠡᠰᠬᠦᠯᠡᠩᠲᠦ ᠰᠠᠶᠢᠬᠠᠨ ᠤᠯᠠᠭᠠᠨᠴᠠᠪ ᠬᠤᠲᠠ︾ ᠵᠡᠷᠭᠡ ᠪᠦᠲᠦᠭᠡᠯ ᠨᠢ ᠠᠭᠤᠯᠭ᠎ᠠ ᠠᠴᠠ ᠬᠡᠯᠪᠡᠷᠢ ᠬᠦᠷᠲᠡᠯ᠎ᠡ᠂ ᠰᠠᠨᠠᠭ᠎ᠠ ᠠᠬᠤᠢ ᠨᠢ ᠮᠡᠷᠭᠡᠵᠢᠯ ᠪᠠ ᠬᠠᠤᠯᠢ ᠶᠢᠨ ᠣᠯᠠᠨ ᠳᠠᠪᠬᠤᠷᠭ᠎ᠠ ᠪᠠᠷ ᠰᠢᠪᠲᠤᠯᠬᠤ ᠶᠢ ᠪᠡᠶᠡᠯᠡᠭᠦᠯᠵᠦ᠂ ᠦᠵᠡᠯ ᠰᠠᠨᠠᠭ᠎ᠠ ᠭᠦᠨ ᠭᠦᠨᠵᠡᠭᠡᠶ ᠪᠠᠶᠢᠵᠤ᠂ ᠲᠠᠯ᠎ᠠ ᠨᠤᠲᠤᠭ ᠤᠨ ᠰᠣᠶᠣᠯ ᠤᠨ ᠭᠦᠨ ᠵᠤᠵᠠᠭᠠᠨ ᠠᠭᠤᠯᠤᠭᠳᠠᠬᠤᠨ ᠢ ᠭᠦᠢᠴᠡᠳ ᠢᠯᠡᠷᠡᠭᠦᠯᠪᠡ᠃ᠵᠢᠨᠢᠩ ᠲᠣᠭᠤᠷᠢᠭ ᠤᠨ ᠤᠷᠠᠯᠢᠭᠴᠢᠳ ᠴᠤ ᠥᠪᠡᠷ ᠤᠨ ᠭᠠᠷ ᠤᠨ ᠢᠶᠠᠨ ᠲᠠᠷᠢᠶᠠᠯᠠᠬᠤ ᠰᠣᠶᠣᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠭᠠᠷ ᠢᠷᠡᠵᠡᠶ᠃ ᠡᠭᠦᠨ ᠤ ᠳᠣᠲᠣᠷᠠᠬᠢ ᠲᠥᠯᠥᠭᠡᠯᠡᠬᠦ ᠪᠦᠲᠦᠭᠡᠯ ᠨᠢ ︽ᠪᠤᠭᠤᠳᠠᠢ ᠲᠠᠷᠢᠶ᠎ᠠ︾᠂ ︽ᠶᠡᠭᠡ ᠴᠠᠰᠤ ᠪᠠᠭ᠎ᠠ ᠴᠠᠰᠤ  ᠪᠠᠰᠠ ᠨᠢᠭᠡ ᠵᠢᠯ︾᠂ ︽ᠲᠥᠮᠥᠰᠥ ᠥᠰᠦᠭᠰᠡᠨ ᠨᠤᠲᠤᠭ︾᠂ ︽ᠡᠯᠪᠡᠭ ᠬᠤᠷᠢᠶᠠᠯᠲᠠ ᠶᠢᠨ ᠬᠥᠭᠵᠢᠮ︾᠂ ︽ᠠᠷᠢᠬᠢᠨ ᠤ ᠠᠩᠬᠢᠯᠤᠮ᠎ᠠ  ᠦᠨᠦᠷ︾᠂ ︽ᠶᠤᠤᠮᠠᠢ ᠶᠢᠨ ᠠᠩᠬᠢᠯᠤᠮ᠎ᠠ ᠦᠨᠦᠷ︾ ᠵᠡᠷᠭᠡ ᠪᠠᠶᠢᠵᠤ᠂ ᠡᠳᠡᠭᠡᠷ ᠪᠦᠲᠦᠭᠡᠯ ᠨᠢ ᠠᠮᠢᠳᠤᠷᠠᠯ ᠳᠤ ᠭᠦᠨᠵᠡᠭᠡᠶᠢᠷᠡᠵᠦ᠂ ᠠᠷᠠᠳ ᠲᠦᠮᠡᠨ ᠲᠠᠢ ᠣᠶᠢᠷᠠᠲᠤᠵᠤ᠂ ᠤᠷᠠᠯᠢᠭ ᠤᠨ ᠲᠠᠯ᠎ᠠ ᠪᠠᠷ ᠴᠠᠭᠠᠷᠠᠭᠰᠠᠨ᠂  ᠴᠠᠭ ᠦᠶ᠎ᠡ ᠶᠢᠨ ᠰᠣᠳᠣᠨ ᠪᠦᠲᠦᠭᠡᠯ ᠪᠠᠶᠢᠵᠤ᠂ ᠥᠷᠭᠡᠨ ᠢᠶᠠᠷ ᠤᠯᠠᠮᠵᠢᠯᠠᠭᠳᠠᠵᠤ᠂ ︽ᠤᠮᠠᠷᠠᠲᠤ ᠬᠢᠯᠢ ᠶᠢᠨ ᠰᠣᠶᠣᠯ︾᠎ ᠤᠨ ᠨᠥᠯᠥᠭᠡᠯᠡᠬᠦ ᠬᠦᠴᠦᠨ ᠢ ᠲᠦᠢᠯ ᠤᠨ ᠶᠡᠭᠡ ᠪᠠᠷ ᠳᠡᠭᠡᠭᠰᠢᠯᠡᠭᠦᠯᠦᠭᠰᠡᠨ ᠪᠠᠶᠢᠨ᠎ᠠ᠃ ᠡᠭᠦᠨ ᠠᠴᠠ ᠭᠠᠳᠠᠨ᠎ᠠ᠂ ᠵᠢᠨᠢᠩ ᠲᠣᠭᠤᠷᠢᠭ ᠤᠨ ᠤᠷᠠᠨ ᠪᠢᠴᠢᠯᠭᠡᠲᠡᠨ ᠤ ᠨᠡᠶᠢᠭᠡᠮᠯᠢᠭ ᠠᠴᠠ 20 ᠵᠢᠯ ᠦᠷᠭᠦᠯᠵᠢᠯᠡᠭᠰᠡᠨ ᠴᠠᠭᠠᠨ ᠰᠠᠷ᠎ᠠ ᠠᠴᠠ ᠡᠮᠦᠨᠡᠬᠢ ᠬᠤᠤᠰ ᠤᠶᠠᠩᠭ᠎ᠠ ᠬᠦᠷᠭᠡᠵᠦ ᠬᠥᠳᠡᠭᠡ ᠲᠣᠰᠬᠤᠨ ᠳᠤ ᠬᠦᠷᠭᠡᠬᠦ ᠠᠵᠢᠯᠯᠠᠭ᠎ᠠ ᠨᠢ ᠪᠠᠰᠠ ᠲᠠᠷᠢᠶᠠᠯᠠᠬᠤ ᠰᠣᠶᠣᠯ ᠤᠨ ᠤᠯᠠᠮᠵᠢᠯᠠᠯᠲᠠ ᠳᠤ ᠥᠩᠭᠡ ᠪᠤᠳᠤᠭ ᠨᠡᠮᠡᠷᠢᠯᠡᠭᠰᠡᠨ ᠪᠠᠶᠢᠨ᠎ᠠ᠃ᠰᠢᠨ᠎ᠡ ᠴᠠᠭ ᠦᠶ᠎ᠡ ᠶᠢᠨ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠨᠢ ᠴᠠᠭ ᠦᠶ᠎ᠡ ᠶᠢᠨ ᠠᠯᠬᠤᠭ᠎ᠠ ᠶᠢ ᠰᠠᠯᠤᠯ ᠦᠭᠡᠢ ᠳᠠᠭᠠᠬᠤ ᠬᠡᠷᠡᠭᠲᠡᠢ᠃ ᠵᠢᠨᠢᠩ ᠲᠣᠭᠤᠷᠢᠭ ᠤᠨ ᠤᠷᠠᠯᠢᠭᠴᠢᠳ ᠭᠠᠷ ᠲᠠᠬᠢ ᠵᠢᠷᠤᠭ ᠤᠨ ᠪᠢᠷ ᠢᠶᠠᠷ ᠢᠶᠠᠨ ᠮᠣᠩᠭᠤᠯ ᠮᠣᠷᠢ ᠶᠢ ᠵᠢᠷᠤᠭ ᠳᠡᠭᠡᠷ᠎ᠡ ᠳᠠᠪᠬᠢᠵᠤ᠂ ᠵᠢᠷᠤᠭ ᠤᠨ ᠪᠢᠷ ᠢᠶᠠᠷ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠰᠢᠨᠲᠠᠷᠠᠰᠢ ᠦᠭᠡᠢ ᠪᠠᠷᠢᠮᠲᠠᠯᠠᠵᠤ᠂ ᠡᠷᠡᠯᠬᠡᠭᠯᠡᠨ ᠤᠷᠤᠭᠰᠢᠯᠠᠵᠤ᠂ ᠡᠭᠦᠷᠭᠡ ᠲᠤᠰᠢᠶᠠᠯ ᠳᠠᠭᠠᠨ ᠦᠨᠡᠨᠴᠢ ᠰᠢᠳᠤᠷᠭᠤ ᠪᠠᠶᠢᠬᠤ ᠪᠠ ᠬᠤᠪᠢ ᠨᠡᠮᠡᠷᠢ ᠦᠵᠡᠭᠦᠯᠬᠦ ᠶᠢ ᠲᠠᠶᠢᠯᠪᠤᠷᠢᠯᠠᠵᠠᠶ᠃ ᠡᠭᠦᠨ ᠳᠤ᠂ ᠰᠢᠯᠢᠳᠡᠭ ᠲᠥᠯᠥᠭᠡᠯᠡᠭᠴᠢ ︽ᠮᠣᠩᠭᠤᠯ ᠮᠣᠷᠢᠨ ᠤ ᠵᠣᠷᠢᠭ ᠰᠠᠨᠠᠭᠠᠨ ᠤ ᠵᠠᠭᠤᠨ ᠠᠭᠲᠠ ᠶᠢᠨ ᠵᠢᠷᠤᠭ︾ ᠵᠡᠷᠭᠡ ᠪᠦᠲᠦᠭᠡᠯ ᠨᠢ ᠤᠮᠠᠷᠠᠲᠤ ᠬᠢᠯᠢ ᠶᠢᠨ ᠬᠥᠪᠡᠭᠦᠳ ᠥᠬᠢᠳ ᠤᠨ ᠲᠠᠰᠤᠷᠠᠯᠲᠠ ᠥᠬᠡᠶ ᠦᠷᠭᠦᠯᠵᠢᠯᠡᠨ ᠲᠡᠮᠡᠴᠡᠬᠦ ᠶᠢ ᠵᠣᠷᠢᠭᠵᠢᠭᠤᠯᠵᠤ ᠪᠠᠶᠢᠨ᠎ᠠ᠃     ᠢᠷᠠᠭᠤ ᠠᠯᠳᠠᠷ ᠪᠠ ᠬᠦᠰᠡᠯ ᠵᠡᠭᠦᠳᠦ ᠪᠠᠷ ᠪᠢᠯᠬᠠᠭᠰᠠᠨ ᠠᠶᠠᠨ ᠳᠠᠶᠢᠨ ᠳᠤ ᠵᠢᠨᠢᠩ ᠲᠣᠭᠤᠷᠢᠭ ᠦᠷᠭᠦᠯᠵᠢᠯᠡᠨ ᠤᠮᠠᠷᠠᠲᠤ ᠶᠢᠨ ᠡᠬᠡ ᠭᠠᠵᠠᠷ ᠲᠤ ᠦᠨᠳᠦᠰᠦᠯᠡᠵᠦ᠂ ᠴᠠᠭ ᠦᠶ᠎ᠡ ᠶᠢᠨ ᠰᠤᠳᠠᠰᠤ ᠶᠢ ᠡᠵᠡᠮᠳᠡᠵᠦ᠂ ᠰᠢᠨ᠎ᠡ ᠰᠣᠶᠣᠯ ᠤᠨ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠤᠮᠠᠷᠠᠲᠤ ᠶᠢᠨ ᠡᠬᠡ ᠭᠠᠵᠠᠷ ᠲᠤ ᠦᠨᠳᠦᠰᠦᠯᠡᠭᠰᠡᠨ ᠦᠵᠡᠰᠬᠦᠯᠡᠩᠲᠦ ᠰᠠᠶᠢᠬᠠᠨ ᠰᠣᠶᠣᠯ ᠤᠨ ᠪᠦᠲᠦᠭᠡᠯ ᠢ ᠰᠢᠨ᠎ᠡ ᠴᠠᠭ ᠦᠶ᠎ᠡ ᠳᠤ ᠠᠮᠢᠯᠠᠭᠤᠯᠵᠤ᠂ ᠤᠮᠠᠷᠠᠲᠤ ᠬᠢᠯᠢ ᠶᠢᠨ ᠰᠣᠶᠣᠯ᠂ ᠳᠤᠮᠳᠠᠳᠤ ᠶᠢᠨ ᠰᠣᠶᠣᠯ ᠤᠨ ᠰᠢᠨ᠎ᠡ ᠶᠢ ᠡᠭᠦᠳᠬᠦ ᠬᠥᠭᠵᠢᠯᠲᠡ ᠳᠤ ᠡᠬᠢ ᠡᠭᠦᠰᠦᠯ ᠠᠴᠠ ᠨᠢ ᠠᠮᠢᠳᠤᠯᠢᠭ ᠪᠣᠯᠭᠠᠵᠤ᠂ ᠲᠡᠦᠬᠡ ᠰᠣᠶᠣᠯ ᠤᠨ ᠰᠤᠳᠠᠰᠤ ᠶᠢ ᠦᠷᠭᠦᠯᠵᠢᠯᠡᠭᠦᠯᠬᠦ᠂ ᠴᠠᠭ ᠦᠶ᠎ᠡ ᠶᠢᠨ ᠢᠷᠠᠭᠤ ᠬᠠᠭᠤᠳᠠᠰᠤ ᠶᠢ ᠪᠢᠴᠢᠭᠯᠡᠬᠦ ᠳᠤ ᠰᠦᠷ ᠳᠠᠯᠠᠶᠢᠴᠠᠲᠠᠢ ᠬᠦᠴᠦᠨ ᠴᠢᠳᠠᠯ ᠢ ᠨᠢᠭᠲᠠᠷᠠᠭᠤᠯᠤᠨ᠎ᠠ ᠭᠡᠪᠡ᠃              ᠰᠤᠷᠪᠤᠯᠵᠢᠯᠠᠭᠴᠢ ᠄ ᠾᠸᠦ ᠽᠧ              ᠴᠢᠮᠡᠬᠡᠯᠡᠭᠴᠢ ᠄ ᠸᠧᠢ ᠽᠦᠸᠧ ᠢᠤᠢ             ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2