ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 7 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠬᠤᠷᠠᠯ ᠵᠢᠴᠢ ᠨᠠᠮ ᠵᠠᠰᠠᠭ ᠤᠨ ᠤᠳᠤᠷᠢᠳᠬᠤ ᠺᠠᠳ᠋ᠷ ᠤᠨ ᠱᠠᠰᠢᠨ ᠰᠤᠷᠲᠠᠬᠤᠨ ᠤ ᠲᠦᠷᠦ ᠶᠢᠨ ᠪᠤᠳᠤᠯᠭ᠎ᠠ ᠶᠢᠨ ᠤᠨᠤᠯ ᠤᠨ ᠪᠣᠯᠪᠠᠰᠤᠷᠠᠯ ᠤᠨ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2024/5/9
    5 ᠰᠠᠷ᠎ᠠ ᠶᠢᠨ 7᠎ ᠤ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 7 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠵᠢᠴᠢ ᠨᠠᠮ ᠵᠠᠰᠠᠭ ᠤᠨ ᠤᠳᠤᠷᠢᠳᠬᠤ ᠺᠠᠳ᠋ᠷ ᠤᠨ ᠱᠠᠰᠢᠨ ᠰᠤᠷᠲᠠᠬᠤᠨ ᠤ ᠲᠦᠷᠦ ᠶᠢᠨ ᠪᠤᠳᠤᠯᠭ᠎ᠠ ᠶᠢᠨ ᠤᠨᠤᠯ ᠤᠨ ᠪᠣᠯᠪᠠᠰᠤᠷᠠᠯ ᠤᠨ ᠠᠩᠬᠢ ᠡᠷᠬᠢᠯᠡᠪᠡ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢ ᠤᠷᠢᠵᠤ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃ ᠲᠠᠶᠢᠯᠤᠮᠵᠢ ᠨᠢ ᠶᠡᠷᠦᠩᠬᠡᠢ ᠱᠦᠵᠢ ᠰᠢ ᠶᠢᠨ ᠫᠢᠩ ᠤᠨ ᠱᠠᠰᠢᠨ ᠰᠤᠷᠲᠠᠬᠤᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠪᠦᠬᠦ ᠤᠯᠤᠰ᠂ ᠪᠦᠬᠦ ᠣᠷᠣᠨ ᠤ ᠱᠠᠰᠢᠨ ᠰᠤᠷᠲᠠᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠡᠷᠭᠡ ᠠᠭᠤᠯᠭ᠎ᠠ ᠶᠢᠨ ᠲᠣᠭᠤᠷᠢᠨ ᠳᠤ ᠭᠦᠨᠵᠡᠭᠡᠢ ᠲᠣᠳᠣᠷᠬᠠᠶᠢᠯᠠᠨ ᠥᠭᠦᠯᠡᠵᠦ᠂ ᠦᠨᠳᠦᠰᠦᠨ ᠱᠠᠲᠤᠨ ᠤ ᠱᠠᠰᠢᠨ ᠰᠤᠷᠲᠠᠬᠤᠨ ᠤ ᠠᠵᠢᠯ ᠤᠨ ᠺᠠᠳ᠋ᠷ ᠤᠨ ᠤᠨᠤᠯ ᠤᠨ ᠬᠡᠪ ᠪᠣᠯᠪᠠᠰᠤᠷᠠᠯ᠂ ᠬᠠᠷᠢᠭᠤᠴᠠᠯᠭᠠᠲᠤ ᠤᠬᠠᠮᠰᠠᠷ ᠪᠣᠯᠤᠨ ᠴᠢᠳᠠᠪᠤᠷᠢ ᠶᠢᠨ ᠲᠦᠪᠰᠢᠨ ᠢ ᠤᠯᠠᠮ ᠴᠢᠨᠠᠭᠰᠢᠳᠠ ᠪᠠᠬᠢᠵᠢᠭᠦᠯᠦᠨ ᠳᠡᠭᠡᠭᠰᠢᠯᠡᠭᠦᠯᠪᠡ᠃    ᠬᠤᠷᠠᠯ ᠠᠴᠠ ᠵᠢᠭᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠱᠠᠰᠢᠨ ᠰᠤᠷᠲᠠᠬᠤᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠠᠷᠢᠮᠲᠠᠯᠠᠵᠤ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠱᠠᠰᠢᠨ ᠰᠤᠷᠲᠠᠬᠤᠨ ᠢ ᠢᠳᠡᠪᠬᠢᠲᠡᠶ ᠬᠥᠲᠥᠯᠥᠨ ᠵᠢᠯᠣᠭᠤᠳᠴᠤ ᠨᠡᠶᠢᠭᠡᠮ ᠵᠢᠷᠤᠮᠲᠤ ᠨᠡᠶᠢᠭᠡᠮ ᠯᠦᠭᠡ ᠵᠣᠬᠢᠴᠠᠭᠤᠯᠵᠤ᠂ ︽ᠳᠥᠷᠪᠡᠨ ᠤᠬᠠᠮᠰᠠᠷ︾᠎ ᠢᠶᠠᠨ ᠴᠢᠩᠭᠠᠳᠬᠠᠬᠤ᠂ ︽ᠳᠥᠷᠪᠡᠨ ᠢᠲᠡᠭᠡᠯ︾᠎ ᠢᠶᠠᠨ ᠪᠠᠲᠤᠳᠬᠠᠬᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠬᠦ ᠶᠢ ᠱᠠᠰᠢᠨ ᠰᠤᠷᠲᠠᠬᠤᠨ ᠤ ᠠᠵᠢᠯ ᠤᠨ ᠪᠥᠬᠦ ᠶᠠᠪᠤᠴᠠ᠂ ᠡᠯ᠎ᠡ ᠲᠠᠯ᠎ᠠ ᠳᠤ ᠨᠠᠶᠢᠳᠠᠪᠤᠷᠢᠵᠢᠭᠤᠯᠬᠤ ᠬᠡᠷᠡᠭᠲᠡᠶ᠃     ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠪᠦᠷᠢᠯᠳᠦᠬᠦᠨ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ︽ᠬᠤᠶᠠᠷ ᠳᠠᠷᠤᠭ᠎ᠠ︾ ᠵᠢᠴᠢ ᠪᠤᠰᠤᠳ ᠳᠡᠳ᠋ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷ᠂ ᠨᠢᠭᠡᠳᠦᠮᠡᠯ ᠹᠷᠣᠨᠲ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ ᠶᠢᠨ ᠭᠤᠤᠯ ᠬᠠᠷᠢᠭᠤᠴᠠᠯᠭᠠᠲᠠᠨ᠂ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠨᠠᠮ ᠤᠨ ᠬᠤᠷᠢᠶᠠᠨ ᠤ ᠱᠦᠵᠢ ᠬᠤᠷᠠᠯ ᠳᠤ ᠣᠷᠣᠯᠴᠠᠪᠠ᠃                ᠨᠠᠶᠢᠷᠠᠭᠤᠯᠤᠭᠴᠢ᠄ ᠸᠠᠩ ᠵᠢᠩ ᠵᠢᠩ᠂ ᠴᠢᠶᠤᠤ ᠮᠢᠨ ᠮᠢᠨ                ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2