ᠵᠢᠨᠢᠩ ᠲᠣᠭᠤᠷᠢᠭ 12345 ᠬᠠᠯᠠᠮᠰᠢᠯ ᠤᠲᠠᠰᠤᠨ ᠤ ᠦᠶᠯᠡᠴᠢᠯᠡᠭᠡ ᠶᠢ ᠭᠦᠶᠴᠡᠳᠬᠡᠬᠦ ᠰᠠᠷ᠎ᠠ ᠶᠢᠨ ᠦᠨᠡᠯᠡᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/9
    5 ᠰᠠᠷ᠎ᠠ ᠶᠢᠨ 8᠎ ᠤ ᠡᠳᠦᠷ᠂ ᠵᠢᠨᠢᠩ ᠲᠣᠭᠤᠷᠢᠭ  12345 ᠬᠠᠯᠠᠮᠰᠢᠯ ᠤᠲᠠᠰᠤ ᠶᠢᠨ ᠦᠢᠯᠡᠴᠢᠯᠡᠭᠡ ᠶᠢ ᠭᠦᠶᠴᠡᠳᠬᠡᠬᠦ ᠰᠠᠷ᠎ᠠ ᠶᠢᠨ ᠦᠨᠡᠯᠡᠯᠲᠡ ᠶᠢᠨ ᠬᠤᠷᠠᠯ ᠬᠤᠷᠠᠯᠳᠤᠭᠤᠯᠵᠤ᠂ ᠬᠠᠯᠠᠮᠰᠢᠯ ᠤᠲᠠᠰᠤ ᠶᠢᠨ ᠠᠵᠢᠯ ᠤᠨ ᠬᠠᠭᠤᠳᠠᠰᠤ ᠶᠢ ᠭᠦᠶᠴᠡᠳᠬᠡᠭᠰᠡᠨ ᠪᠠᠶᠢᠳᠠᠯ ᠢ ᠰᠣᠨᠣᠰᠴᠤ᠂ ᠠᠰᠠᠭᠤᠳᠠᠯ ᠤᠨ ᠬᠦᠷᠦᠯᠴᠡᠬᠦ ᠥᠬᠡᠶ ᠲᠠᠯ᠎ᠠ ᠪᠠᠨ ᠡᠷᠢᠵᠦ ᠂ ᠲᠤᠷᠰᠢᠯᠭ᠎ᠠ ᠪᠠᠨ ᠪᠥᠬᠦ ᠲᠠᠯ᠎ᠠ ᠪᠠᠷ ᠳ᠋ᠦᠩᠨᠡᠵᠦ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠦᠨ᠂ ᠠᠷᠭ᠎ᠠ ᠮᠠᠶ᠋ᠢᠭ ᠢᠶᠠᠨ ᠰᠠᠶᠢᠵᠢᠷᠠᠭᠤᠯᠵᠤ᠂ 12345 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠤᠨ ᠬᠠᠭᠤᠳᠠᠰᠤ ᠶᠢ ᠭᠦᠶᠴᠡᠳᠬᠡᠬᠦ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠶᠤᠤ ᠬᠠᠢ ᠮᠢᠩ ᠬᠤᠷᠠᠯ ᠢ ᠡᠷᠬᠢᠯᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠠᠴᠠ ᠨᠠᠰᠢ᠂ ᠵᠢᠨᠢᠩ ᠲᠣᠭᠤᠷᠢᠭ ᠨᠢ ︽ᠣᠯᠠᠨ ᠲᠦᠮᠡᠨ ᠬᠠᠨᠤᠮᠵᠢᠲᠠᠶ ᠪᠠᠶᠢᠬᠤ︾᠎ ᠪᠠᠷ ᠪᠠᠷᠢᠮᠵᠢᠶ᠎ᠠ ᠪᠣᠯᠭᠠᠬᠤ ᠶᠢ ᠪᠠᠷᠢᠮᠲᠠᠯᠠᠵᠤ᠂ ︽ᠤᠴᠢᠷ ᠶᠠᠪᠤᠳᠠᠯ ᠢ ᠰᠢᠶᠳᠪᠦᠷᠢᠯᠡᠬᠦ︾᠎ ᠪᠠᠷ ᠬᠠᠷᠠᠯᠲᠠ ᠪᠣᠯᠭᠠᠵᠤ᠂ ᠬᠠᠯᠠᠮᠰᠢᠯ  ᠤᠲᠠᠰᠤᠨ ᠤ ᠬᠠᠩᠭᠢᠨᠠᠬᠤ ᠨᠣᠷᠮ᠎ᠠ᠂ ᠤᠴᠢᠷ ᠶᠠᠪᠤᠳᠠᠯ ᠢ ᠰᠢᠶᠳᠪᠦᠷᠢᠯᠡᠵᠦ ᠳᠠᠭᠤᠰᠬᠠᠬᠤ ᠨᠣᠷᠮ᠎ᠠ᠂ ᠠᠰᠠᠭᠤᠳᠠᠯ ᠢ ᠰᠢᠶᠳᠪᠦᠷᠢᠯᠡᠬᠦ ᠨᠣᠷᠮ᠎ᠠ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠨᠣᠷᠮ᠎ᠠ ᠶᠢ ᠴᠢᠩᠭ᠎ᠠ ᠠᠩᠬᠠᠷᠴᠤ᠂ ᠲᠡᠷᠢᠭᠦᠨ ᠤ ᠭᠠᠵᠠᠷ ᠣᠷᠣᠨ ᠤ ᠠᠮᠵᠢᠯᠲᠠ ᠲᠠᠢ ᠲᠤᠷᠰᠢᠯᠭ᠎ᠠ ᠪᠠᠷ ᠲᠣᠯᠢ ᠪᠣᠯᠭᠠᠵᠤ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ 12345 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠪᠣᠭᠤᠮᠲᠠ ᠰᠢᠪᠲᠤᠯᠬᠤ ᠢᠲᠡᠭᠡᠯ ᠵᠣᠷᠢᠭ ᠢᠶᠠᠨ ᠦᠷᠭᠦᠯᠵᠢᠯᠡᠨ ᠪᠠᠲᠤᠳᠬᠠᠵᠤ᠂ ᠠᠰᠠᠭᠤᠳᠠᠯ ᠤᠨ ᠬᠦᠷᠦᠯᠴᠡᠬᠦ ᠦᠭᠡᠢ ᠲᠠᠯ᠎ᠠ ᠳᠤ ᠵᠥᠪ ᠢᠶᠠᠷ ᠬᠠᠨᠳᠤᠵᠤ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠵᠠᠰᠠᠭ ᠤᠨ ᠣᠷᠳᠣᠨ ᠢ ᠪᠠᠶᠢᠭᠤᠯᠬᠤ ᠠᠴᠠ ᠡᠭᠦᠰᠴᠦ᠂ ︽ᠠᠵᠢᠯ ᠤᠨ ᠣᠪᠣᠷ ᠪᠠᠶᠢᠳᠠᠯ ᠎ ᠢᠶᠠᠨ ᠰᠢᠯᠢᠳᠡᠭᠵᠢᠬᠦᠯᠵᠦ᠂ ᠰᠢᠢᠳᠪᠦᠷᠢᠯᠡᠬᠦ ᠭᠤᠣᠯᠳᠠᠯᠭ᠎ᠠ ᠪᠠᠨ ᠳᠣᠷᠣᠭᠰᠢ ᠪᠠᠭᠤᠯᠭᠠᠵᠤ᠂ ᠠᠷᠭ᠎ᠠ ᠬᠡᠮᠵᠢᠶ᠎ᠡ ᠪᠠᠨ  ᠰᠠᠶᠢᠵᠢᠷᠠᠭᠤᠯᠵᠤ ᠲᠠᠬᠢᠨ ᠪᠣᠳᠠᠲᠠᠶᠢᠵᠢᠭᠤᠯᠬᠤ︾ ᠠᠵᠢᠯ ᠤᠨ ᠤᠬᠠᠮᠰᠠᠷ ᠢᠶᠠᠨ ᠳᠡᠭᠡᠭᠰᠢᠯᠡᠭᠦᠯᠵᠦ᠂ 12345 ᠬᠠᠯᠠᠮᠰᠢᠯ ᠤᠲᠠᠰᠤ ᠶᠢᠨ ᠠᠵᠢᠯ ᠤᠨ ᠬᠠᠭᠤᠳᠠᠰᠤ ᠶᠢ ᠰᠢᠢᠳᠪᠦᠷᠢᠯᠡᠬᠦ ᠠᠵᠢᠯ ᠢ ᠴᠢᠩᠭ᠎ᠠ ᠠᠳᠬᠤᠵᠤ᠂ ᠦᠨᠡᠨ ᠰᠡᠳᠬᠢᠯ ᠠᠴᠠ ᠪᠠᠨ ᠤᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠠᠵᠤ ᠠᠬᠤᠶᠢᠯᠠᠯ ᠤᠨ ᠠᠵᠢᠯ ᠶᠠᠪᠤᠳᠠᠯ ᠰᠢᠢᠳᠪᠦᠷᠢᠯᠡᠬᠦ ᠳᠤ ᠦᠢᠯᠡᠴᠢᠯᠡᠬᠦ ᠬᠡᠷᠡᠭᠲᠡᠢ᠃ ᠨᠠᠷᠢᠯᠢᠭ ᠣᠨᠣᠴᠠᠲᠠᠶ ᠪᠠᠷ ᠬᠠᠭᠤᠳᠠᠰᠤ ᠲᠣᠮᠢᠯᠠᠬᠤ᠂ ᠲᠥᠷᠥᠯ ᠬᠤᠪᠢᠶᠠᠨ ᠰᠢᠢᠳᠪᠦᠷᠢᠯᠡᠬᠦ᠂ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠵᠢᠯ ᠢᠶᠠᠨ ᠰᠠᠶᠢᠲᠤᠷ ᠬᠢᠬᠦ ᠶᠢᠨ ᠬᠠᠨᠳᠤᠯᠭᠠᠲᠤ ᠴᠢᠨᠠᠷ ᠢᠶᠠᠨ ᠦᠨᠡᠨ ᠬᠦ ᠴᠢᠩᠭᠠᠳᠬᠠᠵᠤ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠪᠦᠬᠦᠨ ᠢ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ ᠬᠠᠷᠢᠭᠤ ᠥᠭᠬᠦ ᠶᠢ ᠦᠨᠡᠨ ᠬᠦ ᠪᠠᠲᠤᠯᠠᠬᠤ ᠬᠡᠷᠡᠭᠲᠡᠶ᠃    ᠬᠤᠷᠠᠯ ᠳᠡᠭᠡᠷ᠎ᠡ᠂ ᠬᠤᠯᠪᠣᠭᠳᠠᠯ ᠪᠦᠬᠦᠢ  ᠨᠢᠭᠡᠴᠢ ᠶᠢᠨ ᠬᠠᠷᠢᠭᠤᠴᠠᠯᠭᠠᠲᠠᠨ ᠨᠡᠶᠢᠲᠡᠯᠢᠭ ᠵᠢᠱᠢᠶ᠎ᠡ ᠶᠢᠨ ᠰᠣᠯᠢᠯᠴᠠᠭ᠎ᠠ ᠂ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ᠲᠣᠭᠤᠷᠢᠭ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠣᠯᠤᠨ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃            ᠨᠠᠶᠢᠷᠠᠭᠤᠯᠤᠭᠴᠢ᠄ ᠸᠠᠩ ᠵᠢᠩ ᠵᠢᠩ᠂ ᠴᠢᠶᠤᠤ ᠮᠢᠨ ᠮᠢᠨ            ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2